ᠬᠦᠮᠦᠨ ᠠᠮᠠ ᠶᠢᠨ ᠪᠠᠶᠢᠳᠠᠯ
ᠨᠡᠶᠢᠲᠡᠯᠡᠭᠰᠡᠨ ᠴᠠᠭ᠄
2018-02-28
      ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠪᠣᠯ ᠮᠣᠩᠭᠤᠯ  ᠦᠨᠳᠦᠰᠦᠳᠡᠨ ᠢᠶᠠᠷ ᠭᠤᠣᠯᠯᠠᠵᠦ᠂ ᠬᠢᠳᠡᠳ ᠦᠨᠳᠦᠰᠦᠳᠡᠨ  ᠤᠯᠠᠩᠬᠢ ᠲᠤᠭ᠎ᠠ ᠶᠢ  ᠡᠵᠡᠯᠡᠵᠦ᠂ ᠮᠣᠩᠭᠤᠯ ᠦᠨᠳᠦᠰᠦᠳᠡᠨ᠂ ᠬᠢᠲᠠᠳ ᠦᠨᠳᠦᠰᠦᠳᠡᠨ᠂ ᠬᠤᠳᠤᠩ ᠦᠨᠳᠦᠰᠦᠳᠡᠨ᠂ ᠮᠠᠨᠵᠦ ᠦᠨᠳᠦᠰᠦᠳᠡᠨ ᠵᠡᠷᠬᠡ ᠠᠷᠪᠠᠨ ᠦᠨᠳᠦᠰᠦᠳᠡᠨ ᠲᠦᠪᠯᠡᠷᠡᠨ ᠰᠠᠭᠤᠷᠢᠰᠢᠵᠦ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠬᠤᠰᠢᠭᠤ ᠪᠤᠯᠤᠨ᠎ᠠ᠃ ᠪᠦᠬᠦ ᠬᠤᠰᠢᠭᠤᠨ ᠳᠤ 2 ᠰᠤᠮᠤ  ᠂ 5 ᠪᠠᠯᠭᠠᠰᠤ᠂ 4 ᠰᠢᠶᠠᠩ᠂ 1 ᠠᠵᠦ ᠦᠢᠯᠡᠳᠪᠦᠷᠢ ᠶᠢᠨ ᠬᠠᠮᠢᠶᠠᠷᠤᠯᠳᠠ ᠶᠢᠨ ᠲᠣᠭᠤᠷᠢᠭ ᠬᠠᠷᠢᠶᠠᠯᠠᠵᠦ᠂ ᠪᠦᠬᠦ ᠬᠤᠰᠢᠭᠤᠨ ᠳᠤ 6.2 ᠲᠦᠮᠡᠨ ᠡᠷᠤᠬᠡ  ᠂ 22.5  ᠲᠦᠮᠡᠨ ᠬᠦᠮᠦᠨ ᠠᠮᠠ ᠲᠠᠢ᠂  ᠡᠬᠦᠨ ᠳᠤ  ᠲᠠᠷᠢᠶᠠᠯᠠᠩ ᠤᠨ ᠬᠦᠮᠦᠨ ᠠᠮᠠ  16.8 ᠲᠦᠮᠡᠨ ᠬᠦᠮᠦᠨ ᠠᠮᠠ ᠪᠠᠶᠢᠵᠦ᠂ ᠴᠦᠬᠡᠨ ᠲᠣᠭᠠᠳᠣ ᠦᠨᠳᠦᠰᠦᠳᠡᠨ 6456 ᠬᠦᠮᠦᠨ ᠠᠮᠠ ᠪᠠᠶᠢᠵᠦ᠂ ᠪᠠᠷᠤᠭ ᠶᠡᠷᠦᠩᠬᠢ ᠬᠦᠮᠦᠨ ᠠᠮᠠ ᠶᠢᠨ ᠵᠠᠭᠤᠨ ᠤ  2.9 ᠶᠢ ᠡᠵᠡᠯᠡᠨ᠎ᠡ  ᠂ ᠴᠦᠬᠡᠨ ᠲᠣᠭᠠᠳᠣ ᠦᠨᠳᠦᠰᠦᠳᠡᠨ ᠳᠤ ᠮᠣᠩᠭᠤᠯ ᠦᠨᠳᠦᠰᠦᠳᠡᠨ ᠢᠶᠠᠷ ᠭᠤᠣᠯᠯᠠᠵᠤ᠂ 4656 ᠬᠦᠮᠦᠨ ᠠᠮᠠ ᠪᠠᠶᠢᠵᠦ᠂ ᠪᠠᠷᠤᠭ ᠴᠦᠬᠡᠨ ᠲᠣᠭᠠᠳᠣ ᠦᠨᠳᠦᠰᠦᠳᠡᠨ ᠤ ᠬᠦᠮᠦᠨ ᠠᠮᠠ ᠶᠢᠨ ᠵᠠᠭᠤᠨ ᠤ  72 ᠢ ᠡᠵᠡᠯᠡᠵᠦ ᠪᠤᠢ  ᠃ ᠣᠶᠢᠷ᠎ᠠ ᠶᠢᠨ ᠵᠢᠯ ᠳᠤ᠂ ᠠᠵᠦ ᠠᠬᠤᠢ ᠨᠡᠶᠢᠬᠡᠮ ᠤᠨ ᠲᠠᠰᠤᠷᠠᠯᠳᠠ ᠦᠬᠡᠢ ᠬᠦᠭᠵᠢᠯᠳᠡ ᠶᠢ ᠲᠠᠭᠠᠯᠳᠣᠨ᠂ ᠡᠯ᠎ᠡ ᠦᠨᠳᠦᠰᠦᠳᠡᠨ ᠬᠤᠭᠤᠷᠤᠨᠳᠤᠬᠢ ᠣᠯᠣᠰ ᠲᠦᠷᠤ᠂ ᠠᠵᠦ ᠠᠬᠤᠢ᠂ ᠰᠤᠶᠤᠯ ᠤᠨ ᠰᠤᠯᠢᠯᠴᠠᠭ᠎ᠠ ᠲᠠᠰᠤᠷᠠᠯᠳᠠ ᠦᠬᠡᠢ ᠨᠡᠮᠡᠭᠳᠡᠨ᠂ ᠮᠠᠨ ᠤ ᠬᠤᠰᠢᠭᠤᠨ ᠳᠤ ᠭᠠᠳᠠᠨ᠎ᠠ ᠠᠴᠠ ᠢᠷᠡᠭᠰᠡᠨ ᠬᠦᠮᠦᠨ ᠠᠮᠠ ᠡᠳᠦᠷ ᠢᠷᠡᠬᠦᠶ᠎ᠡ ᠣᠯᠠᠰᠢᠷᠠᠵᠦ᠂ ᠴᠦᠬᠡᠨ ᠲᠣᠭᠠᠳᠣ ᠦᠨᠳᠦᠰᠦᠳᠡᠨ ᠤ ᠨᠡᠭᠦᠳᠡᠯ ᠬᠦᠮᠦᠨ ᠠᠮᠠ ᠮᠦᠨ ᠲᠠᠰᠤᠷᠠᠯᠳᠠ ᠦᠬᠡᠢ ᠨᠡᠮᠡᠭᠳᠡᠭᠰᠡᠨ ᠪᠠᠶᠢᠨ᠎ᠠ᠂ ᠭᠤᠣᠯ ᠢᠷᠡᠯᠳᠡ ᠨᠢ ᠦᠪᠦᠷ ᠮᠤᠩᠭᠤᠯ ᠪᠠ ᠨᠢᠩᠰᠢᠶᠠ ᠵᠡᠷᠭᠡ ᠭᠠᠵᠠᠷ ᠠᠴᠠ ᠢᠷᠡᠵᠦ ᠪᠤᠢ᠂ ᠴᠦᠬᠡᠨ ᠲᠤᠭᠠᠳᠤ ᠦᠨᠳᠦᠰᠦᠳᠡᠨ ᠤ ᠪᠦᠷᠢᠳᠦᠯ  ᠪᠤᠳᠠᠯᠢᠶᠠᠨᠳᠠᠢ ᠂ ᠡᠬᠦᠨ ᠳᠤ ᠭᠤᠣᠯᠳᠠᠭᠤ ᠮᠤᠩᠭᠤᠯ ᠦᠨᠳᠦᠰᠦᠳᠡᠨ ᠪᠠ ᠬᠤᠳᠤᠩ ᠦᠨᠳᠦᠰᠦᠳᠡᠨ ᠢᠶᠠᠷ ᠭᠤᠣᠯᠯᠠᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号