ᠬᠦᠢᠲᠡᠨᠰᠢᠯᠢ ᠠᠵᠦ ᠦᠢᠯᠡᠳᠪᠦᠷᠢ ᠶᠢᠨ ᠬᠠᠮᠢᠶᠠᠷᠤᠯᠳᠠ ᠶᠢᠨ ᠲᠣᠭᠤᠷᠢᠭ ᠨᠡᠭᠦᠳᠠᠯ ᠨᠠᠮ ᠤᠨ ᠭᠡᠰᠢᠭᠦᠨ ᠤ ᠬᠠᠮᠢᠶᠠᠷᠤᠯᠳᠠ ᠦᠢᠯᠡᠴᠢᠯᠡᠭᠡ ᠶᠢᠨ ᠠᠵᠢᠯ ᠢ ᠦᠨᠡᠨ ᠬᠦ ᠰᠠᠶᠢᠳᠤᠷ ᠠᠳᠬᠤᠵᠤ ᠪᠣᠢ
ᠨᠡᠶᠢᠲᠡᠯᠡᠭᠰᠡᠨ ᠴᠠᠭ᠄
2018-03-14
     2018 ᠣᠨ ᠳᠤ᠂ ᠬᠦᠢᠲᠡᠨᠰᠢᠯᠢ ᠠᠵᠦ ᠦᠢᠯᠡᠳᠪᠦᠷᠢ ᠶᠢᠨ ᠬᠠᠮᠢᠶᠠᠷᠤᠯᠳᠠ ᠶᠢᠨ ᠲᠤᠭᠤᠷᠢᠭ ᠨᠡᠭᠦᠳᠠᠯ ᠨᠠᠮ ᠤᠨ ᠭᠡᠰᠢᠭᠦᠨ ᠤ ᠬᠠᠮᠢᠶᠠᠷᠤᠯᠳᠠ ᠶᠢ ᠴᠢᠩᠭᠠᠳᠬᠠᠬᠤ ᠶᠢ ᠨᠠᠮ ᠤᠨ ᠪᠠᠶᠢᠭᠤᠯᠤᠯᠳᠠ ᠶᠢᠨ ᠠᠵᠢᠯ ᠤᠨ ᠴᠢᠬᠤᠯᠠ ᠪᠠᠶᠢᠷᠢᠨ ᠳᠤ ᠲᠠᠯᠪᠢᠵᠤ ᠴᠢᠩᠭ᠎ᠠ  ᠠᠳᠬᠤᠵᠤ ᠪᠠᠶᠢᠨ᠎ᠠ᠃     ᠬᠦᠢᠲᠡᠨᠰᠢᠯᠢ ᠠᠵᠦ ᠦᠢᠯᠡᠳᠪᠦᠷᠢ ᠶᠢᠨ ᠬᠠᠮᠢᠶᠠᠷᠤᠯᠳᠠ ᠶᠢᠨ ᠲᠣᠭᠤᠷᠢᠭ 98ᠨᠡᠭᠦᠳᠡᠯ ᠨᠠᠮ ᠤᠨ ᠭᠡᠰᠢᠭᠦᠨ ᠤ ᠬᠦᠮᠦᠵᠢᠯ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠶᠢᠨ ᠲᠦᠯᠦᠭᠡ᠂ ᠬᠠᠮᠢᠶᠠᠷᠤᠯᠳᠠ ᠶᠢᠨ ᠲᠣᠭᠤᠷᠢᠭ ᠤᠨ ᠨᠠᠮ ᠤᠨ ᠡᠭᠦᠷ ᠪᠠ ᠡᠯ᠎ᠡ ᠭᠠᠴᠠᠭᠠᠨ ᠤ ᠵᠦᠪᠯᠠᠯ ᠠᠴᠠ ᠨᠡᠭᠦᠳᠡᠯ ᠨᠠᠮ ᠤᠨ ᠭᠡᠰᠢᠭᠦᠨ ᠤ ᠬᠦᠮᠦᠵᠢᠯ ᠬᠠᠮᠢᠶᠠᠷᠤᠯᠳᠠ ᠶᠢᠨ  ᠤᠳᠤᠷᠢᠳᠬᠤ ᠳᠤᠭᠤᠶᠢᠯᠠᠩ  ᠪᠠᠶᠢᠭᠤᠯᠵᠤ᠂ ᠨᠡᠭᠦᠳᠠᠯ ᠨᠠᠮ ᠤᠨ ᠭᠡᠰᠢᠭᠦᠨ ᠤ ᠦᠢᠯᠡᠴᠢᠯᠡᠭᠡᠨ ᠤ ᠦᠷᠲᠡᠭᠡ ᠪᠠᠶᠢᠭᠤᠯᠵᠤ᠂   ᠨᠡᠭᠦᠳᠠᠯ ᠨᠠᠮ ᠤᠨ ᠭᠡᠰᠢᠭᠦᠨ ᠤ ᠲᠠᠩᠰᠠᠠ ᠡᠪᠬᠡᠮᠡᠯ ᠢ ᠲᠦᠷᠢᠮᠵᠢᠭᠦᠯᠵᠦ᠂ ᠲᠤᠰᠬᠠᠢ ᠬᠠᠷᠢᠭᠤᠴᠠᠯᠭᠠᠳᠠᠨ ᠲᠣᠮᠢᠯᠠᠵᠤ ᠨᠡᠭᠦᠳᠡᠯ ᠨᠠᠮ ᠤᠨ ᠭᠡᠰᠢᠭᠦᠨ ᠤ ᠡᠷᠡᠭᠡ ᠠᠰᠢᠭ ᠢᠶᠠᠨ ᠬᠠᠮᠠᠭᠠᠯᠠᠬᠤ᠂ ᠠᠵᠢᠯ ᠣᠯᠭᠤᠯᠬᠤ ᠪᠠ  ᠪᠣᠯᠪᠠᠰᠤᠷᠠᠯ ᠬᠦᠮᠦᠵᠢᠯ ᠬᠠᠮᠢᠶᠠᠷᠤᠯᠳᠠ ᠶᠢᠨ ᠠᠵᠢᠯ ᠢ ᠬᠠᠷᠢᠭᠤᠴᠠᠵᠤ ᠪᠣᠢ᠃  ᠨᠡᠭᠦᠳᠡᠯ ᠨᠠᠮ ᠤᠨ ᠭᠡᠰᠢᠭᠦᠨ ᠤ ᠦᠨᠡᠮᠯᠡᠯ ᠣᠯᠭᠤᠯᠬᠤ᠂  ᠦᠨᠡᠮᠯᠡᠯ ᠰᠢᠯᠭᠠᠬᠤ ᠠᠵᠢᠯ ᠢ ᠰᠠᠶᠢᠳᠤᠷ ᠬᠢᠵᠦ᠂ ᠣᠳᠤ ᠪᠣᠯᠳᠠᠯ᠎ᠠ88 ᠨᠠᠮ ᠤᠨ ᠭᠡᠰᠢᠭᠦᠨ ᠤ ᠦᠨᠡᠮᠯᠡᠯ ᠢ ᠲᠠᠷᠬᠠᠭᠠᠭᠰᠠᠨ ᠪᠠᠶᠢᠨ᠎ᠠ᠃ ᠨᠡᠭᠦᠳᠡᠯ ᠨᠠᠮ ᠤᠨ ᠭᠡᠰᠢᠭᠦᠨ ᠤ  ᠰᠣᠯᠢᠯᠴᠠᠭ᠎ᠠ ᠳᠤ ᠲᠦᠭᠦᠮ ᠤᠨ ᠲᠤᠯᠠᠳᠠ ᠸᠢᠴᠠᠲ ᠳᠡᠪᠴᠡᠩ ᠪᠠᠶᠢᠭᠤᠯᠵᠤ᠂ ᠳᠡᠳᠡᠨᠡᠷ ᠤᠨ ᠠᠮᠢᠳᠤᠷᠠᠯ  ᠵᠡᠷᠭᠡ ᠲᠠᠯ᠎ᠠ ᠶᠢᠨ ᠪᠣᠳᠠᠳᠠᠢ ᠬᠦᠢᠴᠢᠷᠳᠡᠯ ᠢ ᠨᠢ ᠬᠠᠪᠰᠤᠷᠠᠨ  ᠰᠢᠢᠳᠪᠦᠷᠢᠯᠡᠨ ᠦᠭᠴᠦ ᠪᠠᠶᠢᠨ᠎ᠠ᠃     ᠨᠡᠭᠦᠳᠡᠯ ᠨᠠᠮ ᠤᠨ ᠭᠡᠰᠢᠭᠦᠨ ᠤ ᠬᠠᠮᠢᠶᠠᠷᠤᠯᠳᠠ ᠶᠢ ᠨᠠᠶᠢᠳᠠᠪᠦᠷᠢᠭᠤᠯᠬᠤ ᠨᠢ᠂ ᠲᠡᠳᠡᠨᠡᠷ ᠤᠨ ᠨᠠᠮ ᠤᠨ ᠵᠣᠬᠢᠶᠠᠨ ᠪᠠᠶᠢᠭᠤᠯᠤᠯᠳᠠ ᠶᠢᠨ ᠬᠠᠮᠢᠶᠠᠷᠤᠯᠳᠠ ᠪᠠ ᠬᠦᠮᠦᠵᠢᠯ ᠢ ᠬᠦᠯᠢᠶᠡᠨ ᠠᠪᠴᠤ᠂ ᠲᠡᠳᠡᠨᠡᠷ ᠤᠨ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠬᠤᠷᠢᠶᠠᠨ ᠤ ᠰᠢᠳᠪᠦᠷᠢᠳᠤ ᠪᠣᠳᠤᠯᠭ᠎ᠠ ᠲᠠᠢ ᠨᠢᠭᠡᠳᠤᠯᠳᠠᠢ ᠪᠠᠶᠢᠯᠭᠠᠬᠤ ᠶᠢᠨ ᠲᠦᠯᠦᠭᠡ ᠶᠤᠮ᠃                              ᠵᠣᠬᠢᠶᠠᠭᠴᠢ᠄ ᠴᠢ ᠪᠣᠣ ᠬᠦᠢ                             ᠣᠷᠴᠢᠭᠤᠯᠣᠭᠴᠢ᠄ ᠣᠳᠣᠩᠭᠤᠸ᠎ᠠ
 
ᠢᠷᠡᠯᠲᠡ᠄ ᠬᠦᠢᠲᠡᠨᠰᠢᠯᠢ ᠠᠵᠦ ᠦᠢᠯᠡᠳᠪᠦᠷᠢ ᠶᠢᠨ ᠬᠠᠮᠢᠶᠠᠷᠤᠯᠳᠠ ᠶᠢᠨ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号