ᠴᠠᠬᠠᠷ ᠪᠠᠷᠠᠭᠤᠨ ᠭᠠᠷᠤᠨ ᠳᠤᠮᠳᠠᠳᠣ ᠬᠤᠰᠢᠭᠤᠨ ᠤ 2017 ᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠠᠬᠤ ᠢᠨᠵᠧᠨᠧᠷᠢᠩ ᠤᠨ ᠠᠵᠦ ᠦᠢᠯᠡᠰ ᠤᠨ ᠬᠦᠭᠵᠢᠯᠳᠠ ᠶᠢᠨ ᠱᠠᠩᠨᠠᠵᠦ ᠨᠦᠬᠦᠪᠦᠷᠢᠯᠡᠬᠦ ᠲᠦᠰᠦᠯ | ᠮᠠᠨ ᠤ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠠᠬᠤ ᠢᠨᠵᠧᠨᠧᠷᠢᠩ ᠤᠨ | ᠤᠷᠤᠭᠰᠢᠳᠠᠢ ᠭᠡᠷᠡᠭᠵᠢᠬᠦᠯᠬᠦ ᠶᠢ ᠪᠠᠳᠣᠳᠠᠢ ᠲᠦᠯᠬᠢᠨ ᠠᠬᠢᠭᠤᠯᠬᠤ ᠶᠢᠨ ᠲᠤᠯᠠᠳᠠ᠂ ᠶᠠᠳᠠᠭᠤ ᠠᠴᠠ | ᠠᠩᠬᠢᠵᠢᠷᠠᠭᠤᠯᠬᠤ ᠠᠬᠢᠴᠠ ᠪᠠᠨ ᠲᠦᠷᠭᠡᠳᠭᠡᠵᠦ᠂ ᠲᠠᠷᠢᠶᠠᠯᠠᠩ ᠮᠠᠯ ᠠᠵᠦ ᠠᠬᠤᠢ ᠶᠢᠨ ᠤᠯᠠᠮᠵᠢᠯᠠᠯᠳᠣ ᠠᠵᠦ | ᠦᠢᠯᠡᠰ ᠢ ᠤᠯᠠᠮ ᠨᠢᠬᠡ ᠠᠯᠬᠤᠮ ᠬᠦᠴᠦᠷᠭᠡᠭᠵᠢᠬᠦᠯᠦᠨ ᠪᠤᠵᠠᠭᠠᠶᠢᠷᠠᠭᠤᠯᠵᠦ᠂ ᠰᠢᠨ᠎ᠡ ᠪᠠᠷ ᠮᠠᠨᠳᠣᠵᠦ ᠪᠠᠶᠢᠭ᠎ᠠ ᠠᠵᠦ | ᠦᠢᠯᠡᠰ ᠢ ᠪᠤᠶᠢᠵᠢᠭᠤᠯᠵᠦ᠂ ᠵᠠᠬ᠎ᠠ ᠳᠡᠯᠭᠡᠬᠦᠷ ᠤᠨ ᠭᠤᠤᠯ ᠴᠤᠭᠴᠠ ᠪᠤᠯᠤᠨ ᠶᠠᠳᠠᠭᠤ ᠬᠦᠴᠢᠷᠳᠡᠯᠳᠠᠢ ᠡᠷᠦᠬᠡ ᠶᠢᠨ | ᠠᠰᠢᠭ ᠳᠤᠰᠠ ᠲᠠᠢ ᠬᠤᠯᠪᠤᠯᠳᠣᠨ ᠠᠵᠢᠯᠯᠠᠬᠤ ᠳᠤᠭᠳᠠᠴᠠ ᠶᠢ ᠰᠦᠪᠡᠭᠴᠢᠯᠠᠨ᠂ ᠶᠠᠳᠠᠭᠤ ᠬᠦᠴᠢᠷᠳᠡᠯᠳᠠᠢ ᠡᠷᠦᠬᠡ | ᠶᠢ ᠲᠤᠰᠠᠯᠠᠨ ᠳᠠᠶᠢᠴᠢᠯᠡᠵᠦ᠂ ᠤᠷᠤᠯᠭ᠎ᠠ ᠨᠡᠮᠡᠭᠳᠡᠬᠦᠯᠵᠦ ᠶᠠᠳᠠᠭᠤ ᠠᠴᠠ ᠠᠩᠬᠢᠵᠢᠷᠠᠭᠤᠯᠬᠤ ᠬᠠᠷᠠᠯᠳᠠ ᠪᠠᠨ ᠴᠠᠭ | ᠲᠤ ᠪᠠᠨ ᠪᠡᠶᠡᠯᠡᠬᠦᠯᠬᠦ ᠶᠢᠨ ᠲᠤᠯᠠᠳᠠ ᠳᠤᠰᠬᠠᠢ ᠲᠦᠰᠦᠯ ᠢ ᠳᠤᠭᠳᠠᠭᠠᠪᠠ᠃ | ᠨᠢᠭᠡ᠄ ᠵᠢᠯᠤᠭᠤᠳᠬᠤ ᠦᠵᠡᠯ ᠰᠠᠨᠠᠭ᠎ᠠ | ᠶᠡᠷᠦᠩᠬᠢ ᠱᠦᠵᠢ ᠰᠢ ᠶᠢᠨ ᠫᠢᠩ ᠤᠨ ︿︿ᠵᠢᠷᠭᠤᠭᠠᠨ ᠤᠨᠤᠪᠴᠢᠳᠠᠢ﹀﹀ ︿︿ ᠲᠠᠪᠤᠨ ᠨᠢᠬᠡ ᠪᠦᠯᠦᠭ﹀﹀ ᠤᠨ | ᠱᠠᠭᠠᠷᠳᠠᠯᠭ᠎ᠠ ᠪᠤᠯᠤᠨ ︿︿ ᠤᠨᠢᠨ ᠲᠡᠭᠡᠷ᠎ᠡ ᠨᠢ ᠶᠠᠳᠠᠭᠤ ᠶᠢ ᠳᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ | ᠠᠩᠬᠢᠵᠢᠷᠠᠭᠤᠯᠬᠤ﹀﹀ ᠦᠨᠳᠦᠰᠦᠨ ᠠᠷᠭ᠎ᠠ ᠪᠤᠳᠤᠯᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ | ᠠᠵᠦ ᠦᠢᠯᠡᠰ ᠤᠨ ᠤᠨᠢᠨ ᠲᠡᠭᠡᠷ᠎ᠡ ᠨᠢ ᠶᠠᠳᠠᠭᠤ ᠶᠢ ᠳᠡᠳᠬᠦᠬᠦ ᠠᠵᠢᠯᠯᠠᠭ᠎ᠠ ᠪᠠᠷ ᠶᠠᠳᠠᠭᠤ ᠬᠦᠴᠢᠷᠳᠡᠯᠳᠠᠢ ᠤᠯᠠᠨ | ᠲᠦᠮᠡᠨ ᠢ ᠳᠡᠳᠬᠦᠵᠦ᠂ ︿︿ᠴᠢᠰᠦ ᠪᠦᠳᠦᠬᠡᠬᠦ﹀﹀ ᠴᠢᠳᠠᠪᠦᠷᠢ ᠲᠠᠢ ᠪᠤᠯᠭᠠᠬᠤ ᠶᠢ ᠪᠠᠷᠢᠮᠳᠠᠯᠠᠵᠦ᠂ ᠲᠠᠭᠠᠮᠠᠭᠠᠢ | ᠳᠤᠭᠳᠠᠴᠠ ᠶᠢᠨ ᠵᠠᠩᠬᠢᠯᠠᠭ᠎ᠠ ᠶᠢᠨ ᠠᠷᠭ᠎ᠠ ᠪᠠᠷ ᠤᠷᠤᠯᠭ᠎ᠠ ᠨᠡᠮᠡᠭᠳᠡᠬᠦᠯᠨ᠂ ︿︿ᠵᠠᠰᠠᠭ ᠤᠨ ᠤᠷᠳᠤᠨ ᠠᠬᠢᠭᠤᠯᠵᠦ᠂ | ᠵᠠᠬ᠎ᠠ ᠲᠠᠯᠬᠡᠬᠦᠷ ᠠᠵᠢᠯᠯᠠᠵᠦ᠂ ᠲᠤᠯᠤᠭᠠᠶᠢᠯᠠᠭᠴᠢ ᠠᠵᠦ ᠠᠬᠤᠶᠢᠯᠠᠯ ᠳᠠᠶᠢᠴᠢᠯᠠᠵᠦ᠂ ᠲᠦᠷᠦ ᠶᠢᠨ ᠪᠤᠳᠤᠯᠭ᠎ᠠ | ᠳᠡᠳᠬᠦᠵᠦ᠂ ᠡᠬᠢ ᠪᠠᠶᠠᠯᠢᠭ ᠢ ᠨᠢᠭᠡᠳᠬᠡᠬᠦ᠂ ᠬᠦᠭᠵᠢᠯᠳᠠ ᠪᠠᠨ ᠲᠦᠷᠭᠡᠳᠬᠡᠬᠦ﹀﹀ ᠰᠡᠳᠬᠢᠴᠡ ᠪᠠᠷ ᠤᠨᠴᠠᠭᠠᠯᠢᠭᠳᠤ | ᠠᠵᠦ ᠦᠢᠯᠡᠰ ᠢ ᠭᠤᠤᠯᠯᠠᠵᠦ᠂ ᠲᠦᠷᠦ ᠶᠢᠨ ᠪᠤᠳᠤᠯᠭ᠎ᠠ ᠶᠢᠨ ᠳᠡᠮᠵᠢᠯᠬᠡ ᠶᠢ ᠴᠢᠩᠭᠠᠳᠬᠠᠵᠦ᠂ ᠵᠠᠬ᠎ᠠ ᠲᠡᠯᠭᠡᠬᠦᠷ ᠤᠨ | ᠭᠤᠤᠯ ᠴᠤᠭᠴᠠᠰ ᠢ ᠪᠤᠵᠠᠭᠠᠶᠢᠷᠠᠭᠤᠯᠵᠦ᠂ ᠵᠠᠰᠠᠭ ᠤᠨ ᠣᠷᠳᠤᠨ ᠤᠳᠤᠷᠢᠳᠤᠨ ᠠᠬᠢᠭᠤᠯᠬᠤ ᠪᠠᠷ ᠳᠠᠮᠵᠢᠨ᠂ | ᠲᠤᠯᠤᠭᠠᠶᠢᠯᠠᠭᠴᠢ ᠠᠵᠦ ᠠᠬᠤᠶᠢᠯᠠᠯ ᠳᠠᠶᠢᠴᠢᠯᠡᠨ᠂ ᠬᠤᠷᠰᠢᠵᠢᠶᠠᠯ ᠤᠨ ᠵᠤᠬᠢᠶᠠᠨ ᠪᠠᠶᠢᠭᠤᠯᠤᠯᠳᠠ ᠦᠢᠯᠡᠳᠦᠯᠡᠯᠴᠡᠨ᠂ | ᠴᠢᠳᠠᠪᠦᠷᠢᠳᠠᠢ ᠲᠣᠮᠦ ᠡᠷᠦᠬᠡ ᠬᠤᠯᠪᠤᠭᠠᠯᠠᠵᠦ᠂ ᠺᠠᠳ᠋ᠷ ᠤᠨ ᠳᠡᠳᠬᠦᠬᠦ ᠠᠷᠭ᠎ᠠ ᠶᠢ ᠠᠬᠢᠭᠤᠯᠤᠨ᠂ ᠵᠠᠬ᠎ᠠ ᠳᠡᠯᠬᠡᠬᠦᠷ | ᠤᠨ ᠭᠤᠤᠯ ᠴᠤᠭᠴᠠ ᠪᠠ ᠶᠠᠳᠠᠭᠤ ᠬᠦᠴᠢᠷᠳᠡᠯᠳᠠᠢ ᠡᠷᠦᠬᠡ ᠶᠢᠨ ᠠᠰᠢᠭ ᠲᠤᠰᠠ ᠲᠠᠢ ᠬᠤᠯᠪᠤᠯᠳᠣᠨ ᠠᠵᠢᠯᠯᠠᠬᠤ | ᠲᠤᠭᠳᠠᠴᠠ ᠶᠢ ᠤᠳᠤᠷᠢᠳᠣᠨ᠂ ᠶᠠᠳᠠᠭᠤ ᠬᠦᠴᠢᠷᠳᠡᠯᠳᠠᠢ ᠡᠷᠦᠬᠡ ᠶᠢ ᠳᠠᠶᠢᠴᠢᠯᠡᠨ ᠠᠵᠦ ᠦᠢᠯᠡᠳᠪᠦᠷᠢ ᠶᠢᠨ | ᠬᠦᠭᠵᠢᠯᠳᠡ ᠶᠢᠨ ᠡᠯ᠎ᠡ ᠲᠠᠯ᠎ᠠ ᠶᠢᠨ ᠡᠵᠡᠩᠨᠡᠯᠳᠡ ᠳᠤ ᠢᠳᠡᠪᠬᠢᠳᠠᠢ ᠣᠷᠤᠯᠴᠠᠭᠤᠯᠤᠨ᠂ ᠤᠯᠵᠠᠪᠦᠷᠢ ᠪᠨ ᠬᠤᠪᠢᠶᠠᠨ | ᠡᠳ᠋ᠯᠡᠵᠦ᠂ ᠤᠷᠤᠯᠭ᠎ᠠ ᠤᠨ ᠨᠡᠮᠡᠯᠳᠡ ᠪᠠᠨ ᠳᠤᠭᠳᠠᠭᠤᠨ ᠪᠠᠶᠢᠯᠭᠠᠵᠦ᠂ ᠶᠠᠳᠠᠭᠤ ᠠᠴᠠ ᠠᠩᠬᠢᠵᠢᠷᠠᠭᠤᠯᠬᠤ ᠪᠠᠨ | ᠪᠠᠶᠠᠯᠡᠬᠦᠯᠦᠨ᠎ᠡ᠃ | ᠬᠤᠶᠠᠷ᠄ ᠦᠨᠳᠦᠰᠦᠨ ᠵᠠᠷᠴᠢᠮ | ︵ ᠨᠢᠬᠡ︶ ᠠᠵᠦ ᠦᠢᠯᠡᠰ ᠳᠠᠶᠢᠴᠢᠯᠡᠨ᠂ ᠭᠤᠤᠯ ᠴᠤᠭᠴᠠᠰ ᠬᠤᠯᠪᠤᠯᠳᠤᠬᠤ | ᠶᠠᠳᠠᠭᠤ ᠬᠦᠴᠢᠷᠳᠡᠯᠳᠠᠢ ᠡᠷᠦᠬᠡ ᠶᠢ ᠳᠠᠶᠢᠴᠢᠯᠠᠨ ᠤᠷᠤᠯᠭ᠎ᠠ ᠨᠡᠮᠡᠭᠳᠡᠬᠦᠯᠬᠦ ᠪᠠᠷ ᠠᠵᠦ ᠦᠢᠯᠡᠰ ᠤᠨ ᠤᠨᠢᠨ ᠳᠡᠭᠡᠷ᠎ᠡ | ᠨᠢ ᠶᠠᠳᠠᠭᠤ ᠶᠢ ᠳᠡᠳᠬᠦᠬᠦ ᠶᠢᠨ ᠡᠬᠢᠯᠡᠯᠳᠠ ᠪᠠ ᠳᠡᠬᠦᠰᠬᠡᠯ ᠪᠤᠯᠭᠠᠬᠤ ᠶᠢ ᠪᠠᠷᠢᠮᠳᠠᠯᠠᠨ᠂ ᠳᠠᠪᠠᠭᠤᠯᠢᠭ ᠠᠵᠦ ᠦᠢᠯᠡᠰ | ᠤᠨ ᠳᠤᠮᠤᠷᠠᠵᠦ ᠬᠦᠭᠵᠢᠬᠦ ᠪᠠᠷ ᠳᠠᠮᠵᠢᠨ ᠵᠠᠬ᠎ᠠ ᠳᠡᠯᠭᠡᠬᠦᠷ ᠤᠨ ᠭᠤᠤᠯ ᠴᠤᠭᠴᠠᠰ ᠢ ᠪᠤᠶᠢᠵᠢᠭᠤᠯᠤᠨ ᠳᠡᠳᠬᠦᠵᠦ᠂ | ᠨᠡᠶᠢᠬᠡᠮ ᠤᠨ ᠡᠬᠢ ᠪᠠᠶᠠᠯᠢᠭ ᠢ ᠢᠳᠡᠪᠬᠢᠳᠠᠢ ᠡᠷᠬᠢᠯᠳᠦᠬᠦᠯᠦᠨ ᠶᠠᠳᠠᠭᠤ ᠬᠦᠴᠢᠷᠳᠡᠯᠳᠠᠢ ᠡᠷᠦᠬᠡ ᠶᠢᠨ ᠭᠠᠵᠠᠷ ᠰᠢᠷᠦᠢ | ᠶᠢᠨ ᠬᠤᠪᠢ ᠤᠷᠤᠭᠤᠯᠬᠤ ᠶᠢ ᠤᠳᠤᠷᠢᠳᠣᠨ ᠳᠠᠭᠠᠭᠤᠯᠵᠦ᠂ ᠡᠷᠦᠬᠡ ᠬᠤᠭᠤᠷᠤᠨᠳᠤ ᠪᠠᠨ ᠬᠤᠯᠪᠤᠭᠠᠯᠠᠨ ᠡᠵᠡᠩᠨᠡᠬᠦ᠂ | ᠬᠦᠳᠡᠯᠮᠦᠷᠢ ᠬᠦᠴᠦᠨ ᠤ ᠠᠵᠢᠯ ᠤᠯᠭᠤᠬᠤ ᠪᠠ ᠬᠦᠭᠵᠢᠯᠳᠡ ᠳᠤ ᠤᠷᠤᠯᠴᠠᠬᠤ᠂ ᠵᠠᠬ᠎ᠠ ᠳᠡᠯᠬᠡᠬᠦᠷ ᠤᠨ ᠭᠤᠤᠯ | ᠴᠤᠭᠴᠠ ᠪᠤᠯᠤᠨ ᠶᠠᠳᠠᠭᠤ ᠬᠦᠴᠢᠷᠳᠡᠯᠳᠠᠢ ᠡᠷᠦᠬᠡ ᠶᠢᠨ ᠤᠷᠤᠯᠭ᠎ᠠ ᠶᠢᠨ ᠨᠢᠢᠭᠳᠠ ᠬᠤᠯᠪᠤᠯᠳᠤᠭᠰᠠᠨ ᠪᠠᠶᠢᠭᠤᠯᠤᠮᠵᠢ | ᠶᠢ ᠪᠠᠶᠢᠭᠤᠯᠤᠨ᠂ ᠬᠠᠮᠤᠭ ᠶᠡᠭᠡ ᠬᠡᠮᠵᠢᠶ᠎ᠡ ᠪᠠᠷ ᠶᠠᠳᠠᠭᠤ ᠬᠦᠴᠢᠷᠳᠡᠯᠳᠠᠢ ᠡᠷᠦᠬᠡ ᠶᠢᠨ ᠤᠷᠤᠯᠭ᠎ᠠ ᠶᠢᠨ ᠨᠡᠮᠡᠯᠳᠠ ᠶᠢ | ᠳᠤᠭᠳᠠᠭᠤᠨ ᠪᠠᠶᠢᠯᠭᠠᠵᠦ᠂ ᠪᠡᠯᠡ ᠮᠦᠩᠬᠦ ᠶᠠᠳᠠᠭᠤ ᠬᠦᠴᠢᠷᠳᠡᠯᠳᠠᠢ ᠬᠦᠮᠦᠰ ᠢ ᠲᠠᠭᠠᠨ᠂ ᠶᠠᠳᠠᠭᠤ ᠬᠦᠴᠢᠷᠳᠡᠯᠳᠠᠢ | ᠬᠦᠮᠦᠰ ᠴᠢᠳᠠᠪᠤᠷᠢᠳᠠᠨ ᠢ ᠳᠠᠭᠠᠵᠦ᠂ ᠴᠢᠳᠠᠪᠦᠷᠢᠳᠡᠨ ᠠᠵᠦ ᠦᠢᠯᠡᠰ ᠢ ᠲᠠᠭᠠᠨ᠂ ᠠᠵᠦ ᠦᠢᠯᠡᠰ ᠵᠠᠬ᠎ᠠ ᠳᠡᠯᠭᠡᠬᠦᠷ ᠢ | ᠳᠠᠭᠠᠵᠦ᠂ ᠤᠨᠢᠨ ᠳᠡᠬᠡᠷ᠎ᠡ ᠨᠢ ᠶᠠᠳᠠᠭᠤ ᠶᠢ ᠳᠡᠳᠬᠦᠬᠦ ᠠᠵᠦ ᠦᠢᠯᠡᠰ ᠤᠨ ᠰᠢᠨ᠎ᠡ ᠵᠡᠮ ᠢ ᠰᠦᠪᠡᠭᠴᠢᠯᠡᠨ᠎ᠠ᠃ | ︵ ᠬᠤᠶᠡᠷ︶ ᠤᠨᠴᠠᠯᠢᠭ ᠢᠶᠠᠨ ᠳᠤᠪᠤᠶᠢᠯᠭᠠᠨ ᠠᠭᠤᠰᠤᠯᠴᠠᠨ ᠬᠦᠭᠵᠢᠬᠦ | ᠶᠠᠳᠠᠭᠤ ᠬᠦᠴᠢᠷᠳᠡᠯᠳᠠᠢ ᠳᠤᠰᠬᠤᠨ ᠤ ᠳᠠᠪᠠᠭᠤᠯᠢᠭ ᠡᠬᠢ ᠪᠠᠯᠢᠶᠠᠭ ᠢ ᠤᠶᠠᠯᠳᠤᠭᠤᠯᠤᠨ᠂ ᠭᠠᠵᠠᠷ ᠤᠷᠤᠨ ᠤ ᠠᠵᠦ | ᠦᠢᠯᠡᠰ ᠤᠨ ᠤᠨᠴᠠᠯᠢᠭ ᠢ ᠪᠦᠷᠢᠮᠰᠣᠨ ᠪᠠᠳᠠᠷᠠᠭᠤᠯᠵᠦ᠂ ᠳᠠᠮᠵᠢᠨ ᠳᠤᠰᠠᠯᠠᠬᠤ ᠬᠦᠴᠦᠨ ᠢᠶᠠᠨ ᠶᠡᠬᠡᠪᠡᠷ ᠠᠬᠢᠭᠤᠯᠵᠦ᠂ | ᠠᠵᠦ ᠦᠢᠯᠡᠰ ᠤᠨ ᠰᠠᠭᠤᠷᠢ ᠶᠢ ᠬᠦᠴᠦᠷᠭᠡᠭᠵᠢᠬᠦᠯᠦᠨ᠂ ᠲᠤᠯᠤᠭᠠᠶᠢᠯᠠᠭᠴᠢ ᠠᠵᠦ ᠠᠬᠤᠶᠢᠯᠠᠯ ᠢ | ᠪᠤᠵᠠᠭᠠᠶᠢᠷᠠᠭᠤᠯᠤᠨ᠂ ᠲᠠᠷᠢᠶᠠᠯᠠᠩ ᠤᠨ ᠪᠤᠲᠦᠭᠡᠭᠳᠡᠬᠦᠨ ᠤ ᠪᠤᠯᠪᠠᠰᠤᠷᠠᠯ ᠢ ᠦᠷᠬᠦᠯᠵᠢᠯᠡᠬᠦᠯᠦᠨ᠂ ᠬᠦᠢᠳᠡᠨ | ᠬᠠᠳᠠᠭᠠᠯᠠᠯᠳᠠ ᠶᠢᠨ ᠬᠡᠯᠬᠢᠶ᠎ᠡ᠂ ᠡᠳ᠋ ᠪᠠᠷᠠᠭ᠎ᠠ ᠶᠢᠨ ᠵᠦᠭᠡᠭᠡᠪᠦᠷᠢ᠂ ᠡᠯᠧᠺᠲᠷᠦᠨ ᠠᠷᠠᠯᠵᠢᠶ᠎ᠠ ᠭᠡᠬᠦ ᠮᠡᠳᠦ ᠶᠢᠨ ᠠᠵᠦ | ᠦᠢᠯᠡᠰ ᠤᠨ ᠬᠡᠯᠬᠢᠶ᠎ᠡ ᠪᠠᠷ ᠤᠨᠴᠠᠭᠠᠯᠢᠭᠳᠤ ᠲᠠᠷᠢᠶᠠᠯᠠᠩ ᠤᠨ ᠠᠵᠦ ᠦᠢᠯᠡᠰ ᠤᠨ ᠶᠠᠳᠠᠭᠤ ᠠᠴᠠ ᠠᠩᠬᠢᠵᠢᠷᠠᠭᠤᠯᠬᠤ | ᠰᠢᠨ᠎ᠡ ᠵᠠᠭᠪᠦᠷᠢ ᠶᠢ ᠰᠢᠨᠡᠴᠢᠯᠡᠨ᠎ᠡ᠃ | ︵ ᠭᠤᠷᠪᠠ︶ ᠵᠠᠬ᠎ᠠ ᠲᠡᠯᠭᠡᠬᠦᠷ ᠤᠨ ᠤᠳᠤᠷᠢᠳᠤᠮᠵᠢ ᠪᠠ ᠰᠢᠯᠭᠠᠷᠠᠭᠤᠯᠬᠤ ᠶᠢ ᠴᠢᠬᠤᠯᠠᠴᠢᠯᠠᠬᠤ | ᠮᠠᠯ ᠠᠵᠦ ᠠᠬᠤᠢ ᠲᠡᠷᠢᠶᠠᠯᠠᠩ ᠤᠨ ᠠᠵᠦ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠠ ᠶᠢᠨ ᠴᠢᠨᠡᠷᠳᠠᠢ | ᠦᠭᠡᠷᠡᠴᠢᠯᠡᠯᠳᠠ ᠶᠢ ᠬᠠᠪᠰᠤᠷᠭᠠᠨ᠂ ᠵᠠᠬ᠎ᠠ ᠲᠡᠯᠬᠡᠬᠦᠷ ᠤᠨ ᠤᠳᠤᠷᠢᠳᠤᠮᠵᠢ ᠶᠢ ᠪᠠᠷᠢᠮᠳᠠᠯᠠᠨ᠂ ᠨᠢᠬᠡ ᠪᠦᠯᠦᠭ | ᠰᠠᠭᠤᠷᠢᠨ ᠰᠠᠶᠢᠨ᠂ ᠬᠦᠴᠦᠷᠭᠡᠭ ᠠᠵᠦ ᠦᠢᠯᠡᠰ᠂ ᠤᠷᠳᠤ ᠬᠡᠯᠬᠢᠶᠡᠵᠢᠯᠲᠤ ᠠᠵᠦ ᠦᠢᠯᠡᠰ᠂ ᠶᠠᠳᠠᠭᠤ | ᠬᠦᠴᠢᠷᠳᠡᠯᠳᠠᠢ ᠡᠷᠦᠭᠡ ᠲᠠᠢ ᠨᠢᠭᠳᠠ ᠬᠠᠷᠢᠯᠴᠠᠬᠤ᠂ ᠢᠳᠡᠪᠬᠢᠳᠤ ᠴᠢᠨᠡᠷ ᠢᠶᠠᠷ ᠦᠨᠳᠤᠷ ᠵᠠᠬ᠎ᠠ ᠳᠡᠯᠬᠡᠬᠦᠷ ᠤᠨ | ᠶᠠᠳᠠᠭᠤ ᠶᠢ ᠳᠡᠳᠬᠦᠬᠦ ᠭᠤᠤᠯ ᠴᠤᠭᠴᠠ ᠪᠠᠷ ᠬᠤᠷᠰᠢᠬᠤ ᠡᠳᠡᠭᠡᠳ ᠪᠤᠯᠭᠠᠨ᠂ ᠵᠠᠬ᠎ᠠ ᠳᠡᠯᠬᠡᠬᠦᠷ ᠤᠨ ᠬᠡᠯᠪᠡᠷᠢ ᠪᠠᠷ | ᠪᠡᠯᠡ ᠮᠦᠩᠬᠦ ᠴᠢᠳᠠᠪᠦᠷᠢᠳᠡᠨ ᠪᠠ ᠮᠡᠷᠬᠡᠵᠢᠯ ᠬᠤᠷᠠᠮᠳᠤᠭᠤᠯᠵᠦ᠂ ᠣᠷᠤᠨ ᠪᠦᠰᠡ ᠶᠢᠨ ᠤᠨᠴᠠᠯᠢᠭ ᠲᠠᠢ | ᠭᠤᠤᠯᠯᠠᠭᠴᠢ ᠠᠵᠦ ᠦᠢᠯᠡᠰ ᠢ ᠬᠦᠴᠦᠷᠭᠡᠭᠵᠢᠬᠦᠯᠦᠨ ᠪᠤᠵᠠᠭᠠᠶᠢᠷᠠᠭᠤᠯᠵᠦ᠂ ᠵᠠᠰᠠᠭ ᠤᠨ ᠤᠷᠳᠤᠨ᠂ ᠵᠠᠬ᠎ᠠ | ᠲᠡᠯᠭᠡᠬᠦᠷ ᠪᠠ ᠨᠡᠶᠢᠭᠡᠮ ᠬᠠᠮᠵᠢᠯᠴᠢᠨ ᠠᠬᠢᠭᠤᠯᠬᠤ ᠪᠠᠷ ᠳᠠᠮᠵᠢᠨ᠂ ᠠᠵᠦ ᠦᠢᠯᠡᠰ ᠤᠨ ᠬᠦᠭᠵᠢᠨ ᠲᠤᠮᠣᠷᠠᠬᠤ ᠶᠢ | ᠪᠡᠶᠡᠯᠡᠬᠦᠯᠦᠨ᠂ ᠵᠠᠬ᠎ᠠ ᠲᠡᠯᠬᠡᠬᠦᠷ ᠤᠨ ᠭᠤᠤᠯ ᠴᠤᠭᠴᠠ ᠠᠴᠠ ᠠᠰᠢᠭ ᠣᠯᠣᠨ᠂ ︿︿ᠭᠤᠷᠪᠠᠨ ᠢᠯᠠᠯᠳᠠ﹀﹀ ᠶᠢᠨ | ᠬᠠᠷᠠᠯᠳᠠ ᠪᠠᠨ ᠪᠡᠶᠡᠯᠡᠬᠦᠯᠦᠨ᠎ᠡ᠃ | ︵ ᠲᠦᠷᠪᠡ︶ ᠳᠤᠳᠠᠭᠳᠠᠯ ᠲᠠᠢ ᠲᠠᠯ᠎ᠠ ᠪᠠ ᠳᠠᠪᠠᠭᠤᠯᠢᠭ ᠲᠠᠯ᠎ᠠ ᠶᠢ ᠬᠠᠷᠢᠯᠴᠠᠨ ᠤᠶᠠᠯᠳᠤᠭᠤᠯᠤᠨ ᠦᠷᠬᠦᠯᠵᠢᠯᠡᠨ | ᠬᠦᠭᠵᠢᠬᠦ | ᠳᠣᠳᠠᠭᠳᠠᠯ ᠲᠠᠢ ᠲᠠᠯ᠎ᠠ ᠪᠠᠨ ᠨᠦᠬᠦᠪᠦᠷᠢᠯᠡᠨ᠂ ᠳᠠᠪᠠᠭᠤᠯᠢᠭ ᠲᠠᠯ᠎ᠠ ᠪᠠᠨ ᠪᠠᠳᠠᠷᠠᠭᠤᠯᠵᠦ᠂ ᠳᠤᠭᠳᠠᠭᠤᠨ ᠢᠶᠠᠷ | ᠶᠠᠳᠠᠭᠤ ᠠᠴᠠ ᠠᠩᠬᠢᠵᠢᠷᠠᠭᠤᠯᠵᠦ᠂ ᠦᠷᠬᠦᠯᠵᠢᠯᠡᠨ ᠬᠦᠭᠵᠢᠬᠦ ᠃ ᠵᠠᠬ᠎ᠠ ᠳᠡᠯᠬᠡᠬᠦᠷ ᠤᠨ ᠬᠦᠭᠵᠢᠯᠳᠡ ᠳᠤ | ᠲᠤᠬᠢᠷᠠᠭᠤᠯᠤᠨ ᠶᠠᠳᠠᠭᠤ ᠬᠦᠴᠢᠷᠳᠡᠯᠳᠠᠢ ᠡᠷᠦᠬᠡ ᠠᠮᠠ ᠶᠢᠨ ᠡᠬᠢ ᠪᠠᠶᠠᠯᠢᠭ ᠢ ᠠᠰᠢᠭᠯᠠᠵᠦ᠂ ᠬᠠᠮᠳᠤᠪᠡᠷ ᠠᠰᠢᠭ | ᠬᠦᠷᠳᠡᠬᠦ ᠠᠷᠭ᠎ᠠ ᠪᠠᠨ ᠳᠤᠭᠳᠠᠭᠠᠵᠦ᠂ ᠪᠠᠶᠢᠭᠠᠯᠢ ᠶᠢᠨ ᠲᠦᠭᠰᠢᠬᠦᠷᠢ᠂ ᠵᠠᠬ᠎ᠠ ᠳᠡᠯᠬᠡᠬᠦᠷ ᠤᠨ ᠲᠦᠭᠰᠢᠬᠦᠷᠢ ᠪᠠ ᠪᠡᠯᠡ | ᠮᠦᠩᠬᠦ ᠶᠢᠨ ᠲᠦᠭᠰᠢᠬᠦᠷᠢ ᠶᠢ ᠭᠤᠤᠯᠴᠢᠯᠠᠨ ᠰᠡᠷᠭᠡᠶᠢᠯᠡᠨ ᠡᠵᠡᠮᠳᠡᠵᠦ᠂ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ | ᠠᠵᠦ ᠦᠢᠯᠡᠰ ᠪᠠᠷ ᠳᠠᠮᠵᠢᠨ᠂ ᠶᠠᠳᠠᠭᠤ ᠬᠦᠴᠢᠷᠳᠡᠯᠳᠠᠢ ᠬᠦᠮᠦᠰ ᠤᠨ ᠣᠷᠤᠯᠭ᠎ᠠ ᠶᠢ ᠨᠠᠮᠡᠭᠳᠡᠬᠦᠯᠦᠨ᠂ ᠣᠨᠢᠨ | ᠳᠡᠭᠡᠷ᠎ᠡ ᠶᠠᠳᠠᠭᠤ ᠠᠴᠠ ᠠᠩᠬᠢᠵᠢᠷᠠᠭᠤᠯᠬᠤ ᠬᠠᠷᠠᠯᠳᠠ ᠪᠠᠨ ᠪᠡᠶᠡᠯᠡᠬᠦᠯᠦᠨ᠎ᠡ᠃ | ᠭᠤᠷᠪᠠ᠄ ᠠᠵᠢᠯ ᠤᠨ ᠠᠷᠭ᠎ᠠ | ︵ ᠨᠢᠬᠡ︶ ᠲᠦᠷᠦᠯ ᠵᠦᠢᠯ ᠤᠨ ᠰᠤᠩᠭᠤᠯᠳᠠ ᠶᠢᠨ ᠤᠨᠤᠪᠴᠢᠳᠠᠢ ᠵᠠᠷᠴᠢᠮ ᠢ ᠪᠠᠷᠢᠮᠳᠠᠯᠠᠬᠤ | ᠳᠤᠰᠬᠤᠨ ᠳᠤ ᠰᠠᠭᠤᠭ᠎ᠠ ᠠᠵᠢᠯ ᠤᠨ ᠳᠤᠭᠤᠶᠢᠯᠠᠩ ᠪᠠ ᠳᠡᠳᠬᠦᠬᠦ ᠬᠠᠷᠢᠭᠤᠴᠠᠯᠭᠠᠳᠡᠨ ᠡᠷᠬᠡᠪᠰᠢ ᠲᠤᠬᠠᠢ ᠶᠢᠨ | ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠯ᠎ᠠ ᠪᠠ ᠠᠵᠦ ᠦᠢᠯᠡᠰ ᠤᠨ ᠬᠦᠭᠵᠢᠯᠳᠡ ᠶᠢᠨ ᠤᠨᠴᠠᠯᠢᠭ ᠢ ᠪᠦᠬᠦ | ᠲᠠᠯ᠎ᠠ ᠪᠠᠷ ᠤᠶᠢᠯᠠᠭᠠᠨ᠂ ᠮᠦᠨᠴᠦ ᠵᠠᠬ᠎ᠠ ᠳᠡᠯᠬᠡᠬᠦᠷ ᠤᠨ ᠰᠢᠨᠵᠢᠯᠡᠭᠡ ᠶᠢ ᠤᠶᠢᠯᠠᠭᠠᠨ᠂ ᠬᠦᠳᠡᠯᠮᠦᠷᠢ ᠶᠢᠨ ᠬᠦᠴᠦᠨ | ᠲᠠᠢ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠬᠦᠭᠵᠢᠯᠳᠠ ᠶᠢᠨ ᠭᠡᠷᠡᠭᠴᠡᠭᠡ ᠶᠢ ᠤᠨᠤᠪᠴᠢᠳᠠᠢ ᠤᠶᠢᠯᠠᠭᠠᠨ | ᠠᠪᠴᠦ᠂ ᠶᠠᠳᠠᠭᠤ ᠠᠴᠠ ᠠᠩᠬᠢᠵᠢᠷᠠᠬᠤ ᠠᠵᠦ ᠦᠢᠯᠡᠰ ᠪᠠ ᠲᠦᠷᠦᠯ ᠵᠦᠢᠯ ᠤᠨ ᠳᠡᠳᠬᠦᠮᠵᠢ ᠶᠢᠨ ᠠᠷᠭ᠎ᠠ ᠪᠠᠷ | ᠶᠠᠳᠠᠭᠤ ᠠᠴᠠ ᠠᠩᠬᠢᠵᠢᠷᠠᠭᠤᠯᠬᠤ ᠳᠤ ᠴᠢᠭᠯᠡᠬᠦᠯᠦᠨ ᠳᠡᠳᠬᠦᠨ᠎ᠡ᠃ | ︵ ᠬᠤᠶᠠᠷ︶ ᠶᠠᠳᠠᠭᠤ ᠬᠦᠴᠢᠷᠳᠡᠯᠳᠠᠢ ᠡᠷᠦᠬᠡ ᠶᠢᠨ ᠬᠦᠰᠡᠯ ᠢ ᠬᠦᠨᠳᠤᠳᠭᠡᠬᠦ ᠵᠠᠷᠴᠢᠮ ᠢ ᠪᠠᠷᠢᠮᠳᠠᠯᠠᠬᠤ | ᠠᠵᠦ ᠦᠢᠯᠡᠰ ᠤᠨ ᠲᠦᠷᠦᠯ ᠵᠦᠢᠯ ᠤᠨ ᠰᠤᠩᠭᠤᠯᠳᠠ ᠳᠤ ᠶᠠᠳᠠᠭᠤ ᠬᠦᠴᠢᠷᠳᠡᠯᠳᠠᠢ ᠡᠷᠦᠬᠡ ᠶᠢᠨ ᠬᠤᠪᠢ ᠬᠦᠮᠦᠨ | ᠤ ᠬᠦᠰᠡᠯ ᠡᠷᠡᠮᠡᠯᠵᠢᠯ ᠢ ᠬᠦᠨᠳᠦᠳᠭᠡᠵᠦ᠂ ᠠᠯᠪᠠᠳᠠᠯᠭ᠎ᠠ ᠶᠢᠨ ᠴᠢᠨᠡᠷ ᠲᠠᠢ ᠲᠤᠬᠢᠷᠠᠭᠤᠯᠬᠤ ᠪᠠ ᠭᠠᠷ ᠲᠦᠷᠦᠬᠦ ᠶᠢ | ᠴᠡᠭᠡᠷᠯᠡᠵᠦ᠂ ᠶᠠᠳᠠᠭᠤ ᠬᠦᠴᠢᠷᠳᠡᠯᠳᠠᠢ ᠡᠷᠦᠬᠡ ᠠᠴᠠ ᠬᠡᠷᠡᠭᠵᠢᠬᠦᠯᠵᠦ ᠳᠡᠶᠢᠯᠬᠦ ᠲᠦᠷᠦᠯ ᠵᠦᠢᠯ ᠢ ᠰᠤᠮᠤ ᠪᠠᠯᠭᠠᠰᠤᠨ | ᠤ ᠵᠠᠰᠠᠭ ᠤᠨ ᠤᠷᠳᠤᠨ ᠪᠠ ᠳᠤᠰᠬᠠᠢ ᠮᠡᠷᠭᠡᠵᠢᠯ ᠤᠨ ᠰᠠᠯᠠᠭ᠎ᠠ ᠮᠦᠴᠢᠷ ᠵᠢᠯᠤᠭᠤᠳᠤᠨ᠂ ᠲᠦᠷᠦᠯ ᠵᠦᠢᠯ ᠤᠨ | ᠱᠠᠭᠠᠷᠳᠠᠯᠭ᠎ᠠ ᠪᠠᠷ ᠶᠠᠳᠠᠭᠤ ᠬᠦᠴᠢᠷᠳᠡᠯᠳᠠᠢ ᠡᠷᠦᠬᠡ ᠭᠡᠷᠡᠭᠵᠢᠬᠦᠯᠦᠨ᠎ᠡ᠃ | ︵ ᠭᠤᠷᠪᠠ︶ ᠪᠡᠯᠡ ᠮᠦᠩᠬᠦ ᠶᠢᠨ ᠡᠷᠦᠬᠡ ᠳᠤ ᠬᠦᠷᠴᠦ ᠨᠡᠬᠦᠯᠬᠡᠨ ᠭᠡᠷᠡᠭᠯᠡᠬᠦ ᠶᠢ ᠰᠡᠷᠭᠡᠶᠢᠯᠡᠬᠦ ᠵᠠᠷᠴᠢᠮ ᠢ | ᠪᠠᠷᠢᠮᠳᠠᠯᠠᠬᠤ | ᠲᠦᠷᠦᠯ ᠵᠦᠢᠯ ᠤᠨ ᠡᠷᠦᠬᠡ ᠳᠤ ᠬᠦᠷᠴᠦ ᠳᠡᠳᠬᠦᠬᠦ ᠮᠦᠩᠬᠦ ᠶᠢᠨ ᠡᠵᠡᠯᠡᠨ ᠨᠡᠬᠦᠯᠬᠡᠵᠦ ᠭᠡᠷᠡᠭᠯᠡᠬᠦ ᠶᠢ ᠰᠡᠷᠭᠡᠶᠢᠯᠡᠬᠦ | ᠶᠢᠨ ᠳᠤᠯᠠᠳᠠ ᠰᠤᠮᠤ ᠭᠠᠴᠠᠭ᠎ᠠ ᠪᠠᠯᠭᠠᠰᠤᠨ ᠤ ᠤᠳᠤᠷᠢᠳᠤᠯᠭ᠎ᠠ ᠳᠤᠤᠷ᠎ᠠ ᠶᠠᠳᠠᠭᠤ ᠬᠦᠴᠢᠷᠳᠡᠯᠳᠠᠢ ᠡᠷᠦᠬᠡ ᠶᠢᠨ | ᠲᠦᠷᠦᠯ ᠵᠦᠢᠯ ᠤᠨ ᠭᠡᠷᠡᠭᠵᠢᠬᠦᠯᠬᠦ ᠠᠷᠭ᠎ᠠ ᠶᠢ ᠳᠤᠭᠳᠠᠭᠠᠵᠦ᠂ ᠰᠤᠮᠤ ᠰᠢᠶᠠᠩ ᠪᠠᠯᠭᠠᠰᠤ ᠠᠵᠦ ᠦᠢᠯᠡᠳᠪᠦᠷᠢ ᠶᠢᠨ | ᠬᠠᠮᠢᠶᠠᠷᠤᠯᠳᠠ ᠶᠢᠨ ᠳᠤᠭᠤᠷᠢᠭ ᠬᠢᠨᠡᠵᠦ᠂ ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ ᠤᠨ ᠳᠠᠩᠰᠠᠨ ᠳᠤ | ᠳᠡᠮᠳᠡᠭᠯᠡᠵᠦ᠂ ᠮᠠᠯᠴᠢᠨ ᠲᠠᠷᠢᠶᠠᠴᠢᠳ ᠵᠣᠬᠢᠶᠠᠨ ᠪᠠᠶᠢᠭᠤᠯᠵᠦ ᠭᠡᠷᠡᠭᠵᠢᠬᠦᠯᠦᠨ᠎ᠡ᠃ ᠰᠢᠭᠤᠳ ᠨᠦᠬᠦᠪᠦᠷᠢ ᠪᠠ | ᠤᠷᠢᠳᠠᠪᠠᠷ ᠪᠦᠳᠦᠬᠡᠨ ᠪᠠᠶᠢᠭᠤᠯᠵᠦ ᠰᠡᠬᠦᠯᠡᠷ ᠨᠦᠬᠦᠪᠦᠷᠢᠯᠡᠬᠦ ᠠᠷᠭ᠎ᠠ ᠶᠢ ᠭᠡᠷᠡᠭᠯᠡᠵᠦ᠂ ᠬᠢᠷᠢ ᠳᠡᠩᠴᠡᠭᠰᠡᠨ ᠲᠦᠷᠦᠯ | ᠵᠦᠢᠯ ᠤᠨ ᠨᠦᠬᠦᠪᠦᠷᠢ ᠮᠦᠩᠬᠦ ᠶᠢ ᠰᠢᠭᠤᠳ ᠶᠠᠳᠠᠭᠤ ᠬᠦᠴᠢᠷᠳᠡᠯᠳᠠᠢ ᠡᠷᠦᠬᠡ ᠶᠢᠨ ᠪᠦᠷᠢᠨ ᠴᠢᠳᠠᠮᠵᠢᠳᠣ ᠺᠠᠷᠲ | ᠳᠤ ᠪᠠᠭᠤᠯᠭᠠᠨ ᠦᠬᠦᠨ᠎ᠡ᠃ | ᠲᠦᠷᠪᠡ᠄ ᠬᠠᠷᠠᠯᠳᠠ ᠪᠠ ᠡᠬᠦᠷᠬᠡ | ︵ ᠨᠢᠬᠡ︶ ᠶᠠᠳᠠᠭᠤ ᠶᠢ ᠳᠡᠳᠬᠦᠬᠦ ᠲᠦᠷᠦᠯ ᠵᠦᠢᠯ ᠤᠨ ᠦᠷ᠎ᠡ ᠠᠰᠢᠭ ᠢ ᠨᠡᠮᠡᠭᠳᠡᠬᠦᠯᠬᠦ | ᠵᠢᠯ ᠳᠠᠷᠠᠭᠠᠯᠠᠨ᠂ ᠮᠠᠯᠴᠢᠨ ᠲᠠᠷᠢᠶᠠᠴᠢᠳ ᠲᠤ ᠠᠰᠢᠭᠳᠠᠢ ᠲᠦᠷᠦᠯ ᠵᠦᠢᠯ ᠢ ᠶᠠᠳᠠᠭᠤ ᠬᠦᠴᠢᠷᠳᠡᠯᠳᠠᠢ ᠲᠤᠰᠬᠤᠨ | ᠳᠤ ᠲᠦᠪᠯᠡᠷᠡᠬᠦᠯᠦᠨ᠂ ᠶᠠᠳᠠᠭᠤ ᠶᠢ ᠳᠡᠳᠬᠦᠬᠦ ᠪᠡᠯᠡ ᠮᠦᠩᠬᠦ ᠶᠢᠨ ᠭᠡᠷᠡᠭᠯᠡᠯᠳᠠ ᠶᠢᠨ ᠦᠷ᠎ᠡ ᠠᠰᠢᠭ ᠢ | ᠳᠡᠭᠡᠭᠰᠢᠯᠡᠬᠦᠯᠦᠨ᠂ ᠶᠠᠳᠠᠭᠤ ᠬᠦᠴᠢᠷᠳᠡᠯᠳᠠᠢ ᠲᠤᠰᠬᠤᠨ ᠪᠠ ᠶᠠᠳᠠᠭᠤ ᠬᠦᠴᠢᠷᠳᠡᠯᠳᠠᠢ ᠡᠷᠦᠬᠡ ᠶᠢᠨ ᠤᠷᠤᠯᠭ᠎ᠠ ᠶᠢ | ᠨᠡᠮᠡᠭᠳᠡᠬᠦᠯᠦᠨ ᠶᠠᠳᠠᠭᠤ ᠠᠴᠠ ᠠᠩᠬᠢᠵᠢᠷᠠᠭᠤᠯᠬᠤ ᠶᠢ ᠠᠬᠢᠭᠤᠯᠤᠨ᠎ᠠ᠃ | ︵ ᠬᠤᠶᠠᠷ︶ ᠣᠨᠴᠠᠭᠠᠯᠢᠭᠳᠤ ᠠᠵᠦ ᠦᠢᠯᠡᠰ ᠢ ᠬᠦᠵᠢᠬᠦᠯᠦᠨ ᠪᠤᠵᠠᠭᠠᠶᠢᠷᠠᠭᠤᠯᠬᠤ | ᠭᠠᠵᠠᠷ ᠤᠷᠤᠨ ᠤ ᠤᠨᠴᠠᠯᠢᠭ ᠪᠠ ᠳᠠᠪᠠᠭᠤᠯᠢᠭ ᠲᠠᠯ᠎ᠠ ᠲᠠᠢ ᠬᠠᠪᠰᠤᠷᠭᠠᠨ ᠲᠦᠮᠦᠰᠦ᠂ ᠤᠯᠠᠭᠠᠨ ᠯᠤᠤᠪᠠᠩ᠂ | ᠤᠪᠢᠶᠠᠰᠤ᠂ ᠰᠦ ᠶᠢᠨ ᠦᠨᠢᠶ᠎ᠡ᠂ ᠮᠢᠬᠠᠨ ᠤ ᠬᠤᠨᠢ᠂ ᠮᠢᠬᠠᠨ ᠤ ᠦᠬᠡᠷ ᠤᠨ ᠠᠵᠦ ᠦᠢᠯᠡᠰ ᠢ ᠤᠯᠠᠮ ᠨᠢᠬᠡ | ᠠᠯᠬᠤᠮ ᠪᠤᠵᠠᠭᠠᠶᠢᠷᠠᠭᠤᠯᠵᠦ ᠶᠠᠳᠠᠭᠤ ᠬᠦᠴᠢᠷᠳᠡᠯᠳᠠᠢ ᠤᠯᠠᠨ ᠲᠦᠮᠡᠨ ᠤ ᠶᠠᠳᠠᠭᠤ ᠠᠴᠠ ᠠᠩᠬᠢᠵᠢᠷᠠᠭᠤᠯᠬᠤ | ᠭᠤᠤᠯᠯᠠᠭᠴᠢ ᠠᠵᠦ ᠦᠢᠯᠡᠰ ᠪᠤᠯᠭᠠᠨ᠎ᠠ᠃ | ︵ ᠭᠤᠷᠪᠠ︶ ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠳᠤᠷᠰᠢᠯᠭ᠎ᠠ ᠶᠢ ᠰᠦᠪᠡᠭᠴᠢᠯᠡᠨ᠎ᠡ | ᠠᠵᠦ ᠦᠢᠯᠡᠰ ᠤᠨ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠠᠷᠭ᠎ᠠ ᠪᠠᠷ ᠳᠠᠬᠢᠨ ᠦᠢᠯᠡᠳᠬᠦ ᠪᠠ ᠠᠵᠢᠯᠯᠠᠵᠦ | ᠪᠤᠯᠬᠤ ᠵᠠᠭᠪᠦᠷᠢ ᠶᠢ ᠰᠦᠪᠡᠭᠴᠢᠯᠡᠨ ᠶᠠᠳᠠᠭᠤ ᠶᠢ ᠳᠡᠳᠬᠦᠬᠦ ᠦᠷ᠎ᠡ ᠠᠰᠢᠭ ᠢᠶᠠᠨ ᠳᠡᠭᠡᠭᠰᠢᠯᠡᠬᠦᠯᠦᠨ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠡᠯᠳᠠ ᠶᠢ ᠤᠯᠬᠤ ᠪᠠᠷ ᠴᠢᠷᠮᠠᠶᠢᠵᠤ ᠳᠤᠷᠰᠢᠯᠭ᠎ᠠ | ᠬᠤᠷᠠᠮᠳᠤᠭᠤᠯᠤᠨ᠎ᠠ᠃ | ᠲᠠᠪᠤ᠄ ᠪᠡᠯᠡ ᠮᠦᠩᠬᠦ ᠶᠢᠨ ᠢᠷᠡᠯᠳᠠ | 2017 ᠤᠨ ᠳᠤ᠂ ᠪᠡᠯᠡ ᠮᠦᠩᠬᠦ ᠪᠠᠨ ᠨᠢᠬᠡᠳᠭᠡᠨ᠂ ᠶᠠᠳᠠᠭᠤ ᠬᠦᠴᠢᠷᠳᠡᠯᠳᠠᠢ ᠡᠷᠦᠬᠡ ᠶᠢᠨ ᠠᠵᠦ ᠦᠢᠯᠡᠰ ᠤᠨ | ᠬᠦᠭᠵᠢᠯᠳᠠ ᠳᠤ ᠭᠡᠷᠡᠭᠯᠡᠬᠦ᠃ ᠮᠠᠯᠴᠢᠨ ᠲᠠᠷᠢᠶᠠᠴᠢᠳ ᠲᠤ ᠬᠤᠯᠪᠤᠭᠳᠠᠬᠤ ᠪᠡᠯᠡ ᠮᠦᠩᠬᠦ᠂ ᠬᠤᠳᠠ ᠬᠦᠳᠡᠭᠡ | ᠬᠤᠶᠠᠷ ᠲᠡᠰ ᠤᠨ ᠳᠠᠭᠠᠯᠳᠤᠭᠰᠠᠨ ᠪᠡᠯᠡ ᠮᠦᠩᠬᠦ ᠪᠠ ᠨᠡᠶᠢᠬᠡᠮ ᠤᠨ ᠳᠡᠳᠬᠦᠮᠵᠢ ᠶᠢᠨ ᠪᠡᠯᠡ ᠮᠦᠩᠬᠦ ᠶᠢ | ᠨᠢᠭᠡᠳᠣᠭᠦᠯᠦᠨ ᠭᠡᠷᠡᠭᠵᠢᠬᠦᠯᠦᠨ᠎ᠡ᠃ | ᠵᠢᠷᠭᠤᠭ᠎ᠠ᠄ ᠱᠠᠩᠨᠠᠯ ᠪᠠ ᠨᠦᠬᠦᠪᠦᠷᠢ ᠶᠢᠨ ᠪᠠᠷᠢᠮᠵᠢᠶ᠎ᠠ | ᠠᠵᠦ ᠦᠢᠯᠡᠰ ᠠᠴᠠ ᠶᠠᠳᠠᠭᠤ ᠠᠴᠠ ᠠᠩᠬᠢᠵᠢᠷᠠᠭᠤᠯᠬᠤ ᠠᠷᠭ᠎ᠠ ᠶᠢ ᠭᠡᠷᠡᠭᠵᠢᠬᠦᠯᠦᠭᠰᠡᠨ2016 ᠤᠨ ᠤ | ᠶᠠᠳᠠᠭᠤ ᠬᠦᠴᠢᠷᠳᠡᠯᠳᠠᠢ ᠡᠷᠦᠬᠡ ᠳᠤ ᠂ ᠠᠵᠦ ᠦᠢᠯᠡᠰ ᠤᠨ ᠬᠦᠭᠵᠢᠯᠳᠠ ᠶᠢᠨ ᠲᠦᠷᠦᠯ ᠵᠦᠢᠯ ᠢ | ᠭᠡᠷᠡᠭᠵᠢᠬᠦᠯᠦᠭᠰᠡᠨ ᠳᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠳᠠᠢ ᠬᠦᠮᠦᠨ ᠠᠮᠠ ᠳᠤ ᠬᠠᠮᠤᠭ ᠦᠨᠳᠤᠷ3000 | ᠲᠦᠬᠦᠷᠢᠭ ᠤᠨ ᠨᠦᠬᠦᠪᠦᠷᠢ ᠦᠭᠬᠦᠨ᠎ᠡ᠃ ᠬᠤᠶᠠᠷ ᠵᠢᠯ ᠤᠨ ᠪᠦᠬᠦ ᠳᠡᠳᠬᠦᠮᠵᠢ ᠶᠢᠨ ᠮᠦᠩᠬᠦ1.2 ᠲᠦᠮᠡᠨ | ᠳᠦᠬᠦᠷᠢᠭ ᠠᠴᠠ ᠳᠠᠪᠠᠵᠦ ᠪᠤᠯᠬᠤ ᠦᠬᠡᠢ᠃2017 ᠣᠨ ᠤ ᠠᠵᠦ ᠦᠢᠯᠡᠰ ᠠᠴᠠ ᠶᠠᠳᠠᠭᠤ ᠠᠴᠠ | ᠠᠩᠭᠢᠵᠢᠷᠠᠭᠤᠯᠬᠤ ᠶᠠᠳᠠᠭᠤ ᠬᠦᠴᠢᠷᠳᠡᠯᠳᠠᠢ ᠡᠷᠦᠬᠡ᠂ ᠠᠵᠦ ᠦᠢᠯᠡᠰ ᠤᠨ ᠬᠦᠭᠵᠢᠯᠳᠠ ᠶᠢᠨ ᠲᠦᠷᠦᠯ ᠵᠦᠢᠯ ᠢ | ᠭᠡᠷᠡᠭᠵᠢᠬᠦᠯᠦᠭᠰᠡᠨ ᠳᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠳᠠᠢ ᠬᠦᠮᠦᠨ ᠠᠮᠠ ᠳᠤ ᠬᠠᠮᠤᠭ ᠦᠨᠳᠦᠷ6000 | ᠲᠦᠬᠦᠷᠢᠭ ᠤᠨ ᠨᠦᠬᠦᠪᠦᠷᠢ ᠦᠭᠴᠦ᠂ 2017 ᠣᠨ ᠠᠴᠠ ᠰᠡᠬᠦᠯ ᠳᠤ ᠳᠠᠩᠰᠠᠯᠠᠵᠦ ᠺᠠᠷᠲᠯᠠᠭᠰᠠᠨ ᠶᠠᠳᠠᠭᠤ | ᠬᠦᠴᠢᠷᠳᠡᠯᠳᠠᠢ ᠬᠦᠮᠦᠨ ᠠᠮᠠ ᠪᠦᠷᠢ ᠳᠤ3000 ᠲᠦᠬᠦᠷᠢᠭ ᠤᠨ ᠨᠦᠬᠦᠪᠦᠷᠢ ᠤᠯᠭᠤᠨ᠎ᠠ᠃ | ᠠᠵᠦ ᠦᠢᠯᠡᠰ ᠠᠴᠠ ᠶᠠᠳᠠᠭᠤ ᠠᠴᠠ ᠠᠩᠬᠢᠵᠢᠷᠠᠭᠤᠯᠬᠤ ᠨᠦᠬᠦᠪᠦᠷᠢ ᠮᠦᠩᠬᠦ ᠶᠢᠨ ᠬᠠᠮᠤᠭ ᠦᠨᠳᠦᠷ | ᠪᠠᠷᠢᠮᠵᠢᠶ᠎ᠠ ᠠᠴᠠ ᠳᠤᠤᠷ᠎ᠠ ᠪᠠᠶᠢᠭ᠎ᠠ ᠦᠶᠡᠰ᠂ ᠨᠦᠬᠦᠪᠦᠷᠢ ᠮᠦᠩᠬᠦ ᠶᠢᠨ ᠪᠤᠳᠠᠳᠤ ᠲᠤᠭ᠎ᠠ ᠪᠠᠷ ᠨᠦᠬᠦᠪᠦᠷᠢᠯᠡᠵᠦ | ᠨᠦᠬᠦᠪᠦᠷᠢ ᠶᠢᠨ ᠬᠠᠮᠤᠭ ᠦᠨᠳᠦᠷ ᠪᠠᠷᠢᠮᠵᠢᠶ᠎ᠠ ᠠᠴᠠ ᠳᠠᠪᠠᠭᠰᠠᠨ ᠪᠠᠶᠢᠪᠠᠯ᠂ ᠨᠦᠬᠦᠪᠦᠷᠢ ᠶᠢᠨ ᠬᠠᠮᠤᠭ ᠦᠨᠳᠤᠷ | ᠪᠠᠷᠢᠮᠵᠢᠶ᠎ᠠ ᠪᠠᠷ ᠨᠦᠬᠦᠪᠦᠷᠢᠯᠡᠨ᠎ᠡ᠃ | ᠳᠣᠯᠤᠭ᠎ᠠ᠂ ᠶᠠᠳᠠᠭᠤ ᠠᠴᠠ ᠠᠩᠭᠢᠵᠢᠷᠠᠭᠤᠯᠬᠤ ᠠᠵᠦ ᠦᠢᠯᠡᠰ ᠤᠨ ᠭᠡᠷᠡᠭᠵᠢᠬᠦᠯᠦᠯᠳᠡ | ︵ᠨᠢᠭᠡ︶ ᠬᠦᠷᠦᠩᠭᠡ ᠶᠢᠨ ᠣᠷᠤᠯᠭ᠎ᠠ ᠶᠢᠨ ᠬᠡᠯᠪᠡᠷᠢ ᠪᠠᠷ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠣᠷᠤᠯᠭ᠎ᠠ ᠶᠢᠨ | ᠨᠡᠮᠡᠯᠳᠠ ᠶᠢ ᠲᠦᠯᠬᠢᠨ ᠠᠬᠢᠭᠤᠯᠵᠦ᠂ ᠶᠠᠳᠠᠭᠤ ᠬᠦᠴᠢᠷᠳᠡᠯᠳᠠᠢ ᠡᠷᠦᠬᠡ ᠶᠢ ᠬᠠᠪᠰᠤᠨ᠂ ᠪᠠᠶᠠᠵᠢᠯ ᠤᠨ ᠵᠠᠮ ᠢ | ᠣᠯᠭᠤᠵᠦ᠂ ᠲᠠᠪᠤᠨ ᠵᠢᠯ ᠤᠨ ᠳᠣᠲᠤᠷ᠎ᠠ2000 ᠶᠠᠳᠠᠭᠤ ᠬᠦᠴᠢᠷᠳᠡᠯᠳᠠᠢ ᠡᠷᠦᠬᠡ ᠶᠢ ᠶᠠᠳᠠᠭᠤ ᠠᠴᠠ | ᠠᠩᠭᠢᠵᠢᠷᠠᠭᠤᠯᠤᠨ᠎ᠠ᠃ | 1᠂ ᠵᠠᠰᠠᠭ ᠤᠨ ᠣᠷᠳᠤᠨ ᠭᠤᠣᠯᠯᠠᠨ ᠳᠠᠶᠢᠴᠢᠯᠠᠬᠤ ᠬᠡᠯᠪᠡᠷᠢ᠃ ︿︿ᠬᠦᠲᠦᠴᠢ ᠠᠵᠤ ᠠᠬᠤᠶᠢᠯᠠᠯ + | ᠬᠤᠷᠰᠢᠶᠠᠵᠢᠯ+ ᠶᠠᠳᠠᠭᠤ ᠬᠦᠴᠢᠷᠳᠡᠯᠳᠠᠢ ᠡᠷᠦᠬᠡ﹀﹀ ᠪᠤᠶᠤ ︿︿ ᠬᠤᠷᠰᠢᠶᠠᠵᠢᠯ+ ᠶᠠᠳᠠᠭᠤ ᠬᠦᠴᠢᠷᠳᠡᠯᠳᠠᠢ ᠡᠷᠦᠬᠡ﹀﹀ | ᠶᠢᠨ ᠶᠠᠳᠡᠭᠤ ᠶᠢ ᠳᠡᠳᠬᠦᠬᠦ ᠵᠠᠭᠪᠤᠷ ᠢ ᠲᠦᠯᠬᠢᠨ ᠠᠬᠢᠭᠤᠯᠵᠦ᠂ ᠢᠲᠡᠭᠡᠮᠵᠢ ᠰᠠᠶᠢᠲᠠᠢ ᠮᠠᠯᠴᠢᠳ ᠲᠠᠷᠢᠶᠠᠴᠢᠳ | ᠲᠠᠢ ᠬᠤᠯᠪᠤᠭᠳᠠᠭᠰᠠᠨ ᠠᠵᠦ ᠠᠬᠤᠶᠢᠯᠠᠯ ᠡᠰᠡᠬᠦᠯ᠎ᠡ ᠲᠤᠰᠬᠠᠢ ᠬᠤᠷᠰᠢᠶᠠᠵᠢᠯ ᠢ ᠰᠤᠩᠭᠤᠨ ᠬᠤᠷᠰᠢᠵᠦ᠂ ᠡᠳ᠋ ᠤᠨ | ᠵᠠᠰᠠᠭ ᠤᠨ ᠶᠠᠳᠠᠭᠤ ᠶᠢ ᠳᠡᠳᠬᠦᠬᠦ ᠲᠤᠰᠬᠠᠢ ᠲᠦᠷᠦᠯ ᠵᠦᠢᠯ ᠤᠨ ᠪᠡᠯᠡ ᠮᠦᠩᠬᠦ ᠪᠠ ᠬᠤᠷᠰᠢᠶᠠᠵᠢᠯ ᠤᠨ ᠦᠪᠡᠷ ᠤᠨ | ᠪᠡᠯᠡ ᠮᠦᠩᠬᠦ ᠲᠠᠢ ᠬᠠᠮᠳᠤᠳᠬᠠᠨ᠂ ᠨᠢᠭᠡᠳᠦᠯ ᠲᠠᠢ ᠪᠡᠯᠡ ᠣᠷᠤᠭᠤᠯᠵᠦ᠂ ᠣᠨᠴᠠᠭᠠᠯᠢᠭᠳᠤ ᠳᠠᠪᠠᠭᠤᠯᠢᠭ ᠠᠵᠦ | ᠦᠢᠯᠡᠰ ᠶᠢ ᠬᠦᠭᠵᠢᠭᠦᠯᠦᠨ᠂ ᠡᠳ᠋ ᠤᠨ ᠵᠠᠰᠠᠭ ᠤᠨ ᠶᠠᠳᠠᠭᠤ ᠶᠢ ᠳᠡᠳᠬᠦᠬᠦ ᠲᠤᠰᠬᠠᠢ ᠲᠦᠷᠦᠯ ᠵᠦᠢᠯ ᠤᠨ ᠪᠡᠯᠡ | ᠮᠦᠩᠬᠦ ᠶᠢ ᠶᠠᠳᠠᠭᠤ ᠬᠦᠴᠢᠷᠳᠡᠯᠳᠠᠢ ᠡᠷᠦᠬᠡ ᠳᠤ ᠬᠦᠷᠳᠡᠯ᠎ᠡ ᠪᠣᠲᠠᠶᠢᠵᠢᠭᠤᠯᠵᠦ᠂ ᠣᠨᠴᠠᠭᠤᠶᠢᠯᠠᠨ ᠬᠦᠳᠡᠯᠮᠦᠷᠢ | ᠬᠦᠴᠦ ᠪᠠᠨ ᠠᠯᠳᠠᠭᠰᠠᠨ ᠶᠠᠳᠠᠭᠤ ᠬᠦᠴᠢᠷᠳᠡᠯᠳᠠᠢ ᠡᠷᠦᠬᠡ ᠳᠤ ᠵᠢᠯ ᠪᠦᠷᠢ ᠶᠢᠨ ᠪᠡᠯᠡ ᠣᠷᠤᠭᠤᠯᠤᠯᠲᠠ ᠶᠢᠨ | ᠠᠰᠢᠭ ᠬᠤᠪᠢᠶᠠᠷᠢᠯᠠᠬᠤ ᠣᠷᠤᠯᠭ᠎ᠠ ᠶᠢ ᠵᠠᠭᠤᠨ ᠤ ᠲᠠᠪᠤ ᠠᠴᠠ ᠳᠡᠭᠡᠭᠰᠢ ᠪᠠᠶᠢᠭᠠᠯᠵᠦ᠂ ᠶᠠᠳᠠᠭᠤ ᠶᠢ ᠳᠡᠳᠬᠦᠬᠦ | ᠲᠤᠰᠬᠠᠢ ᠲᠦᠷᠦᠯ ᠵᠦᠢᠯ ᠤᠨ ᠪᠡᠯᠡ ᠮᠦᠩᠬᠦ ᠤᠨ ᠨᠡᠮᠡᠯᠳᠡ ᠶᠢ ᠪᠠᠳᠤᠯᠠᠬᠤ ᠶᠢᠨ ᠬᠠᠮᠳᠣ᠂ ᠶᠠᠳᠠᠭᠤ ᠬᠦᠴᠢᠷᠳᠡᠯᠳᠠᠢ | ᠳᠤ ᠬᠦᠷᠦᠩᠭᠡ ᠶᠢᠨ ᠣᠷᠤᠯᠭ᠎ᠠ ᠲᠠᠢ ᠪᠤᠯᠭᠠᠨ᠎ᠠ᠃ | 2 ᠂ ᠬᠦᠲᠦᠴᠢ ᠠᠵᠤ ᠠᠬᠤᠶᠢᠯᠠᠯ ᠳᠠᠶᠢᠴᠢᠯᠠᠬᠤ ᠬᠡᠯᠪᠡᠷᠢ᠃ ︿︿ᠬᠦᠲᠦᠴᠢ ᠠᠵᠤ ᠠᠬᠤᠶᠢᠯᠠᠯ + | ᠬᠤᠷᠰᠢᠶᠠᠵᠢᠯ + ᠶᠠᠳᠠᠭᠤ ᠬᠦᠴᠢᠷᠳᠡᠯᠳᠠᠢ ᠡᠷᠦᠬᠡ﹀﹀ ᠪᠤᠶᠤ ︿︿ᠬᠦᠲᠦᠴᠢ ᠠᠵᠤ ᠠᠬᠤᠶᠢᠯᠠᠯ + ᠶᠠᠳᠠᠭᠤ | ᠬᠦᠴᠢᠷᠳᠡᠯᠳᠠᠢ ᠡᠷᠦᠬᠡ﹀﹀ ᠶᠢᠨ ᠶᠠᠳᠡᠭᠤ ᠶᠢ ᠳᠡᠳᠬᠦᠬᠦ ᠵᠠᠭᠪᠤᠷ ᠢ ᠲᠦᠯᠬᠢᠨ ᠠᠬᠢᠭᠤᠯᠵᠦ᠂ ᠠᠵᠤ ᠦᠢᠯᠡᠰ ᠢᠶᠠᠷ | ᠭᠤᠣᠯᠯᠠᠨ᠂ ᠶᠠᠳᠠᠭᠤ ᠬᠦᠴᠢᠷᠳᠡᠯᠳᠠᠢ ᠡᠷᠦᠬᠡ ᠶᠢᠨ ᠭᠠᠵᠠᠷ ᠰᠢᠷᠦᠢ ᠶᠢᠨ ᠡᠬᠢ ᠪᠠᠶᠠᠯᠢᠭ ᠤᠨ ᠡᠷᠭᠢᠯᠲᠡ ᠪᠠᠷ ᠳᠠᠮᠵᠢᠨ | ᠬᠡᠪᠴᠢᠶᠡᠵᠢᠭ᠌ᠰᠠᠨ ᠠᠵᠤ ᠦᠢᠯᠡᠰ ᠤᠨ ᠰᠠᠭᠤᠷᠢᠨ ᠭᠠᠵᠠᠷ ᠢ ᠬᠦᠭᠵᠢᠭᠦᠯᠦᠨ᠂ ᠬᠠᠮᠲᠤᠷᠤᠨ ᠡᠵᠡᠩᠨᠡᠵᠤ᠂ ᠶᠠᠳᠠᠭᠤ | ᠬᠦᠴᠢᠷᠳᠡᠯᠳᠠᠢ ᠡᠷᠦᠬᠡ ᠶᠢᠨ ᠭᠠᠵᠠᠷ ᠰᠢᠷᠦᠢ ᠶᠢᠨ ᠡᠷᠬᠢᠯᠳᠡ ᠪᠠᠷ ᠳᠡᠮᠵᠢᠨ᠂ ᠬᠦᠲᠦᠴᠢ ᠠᠵᠦ ᠠᠬᠤᠶᠢᠯᠠᠯ ᠤᠨ | ᠬᠦᠳᠡᠯᠮᠦᠷᠢ ᠠᠴᠠ ᠣᠷᠤᠯᠭ᠎ᠠ ᠪᠠᠨ ᠨᠡᠮᠡᠭᠳᠡᠬᠦᠯᠦᠨ᠂ ︿︿ ᠠᠵᠦ ᠦᠢᠯᠡᠰ ᠠᠴᠠ ᠶᠠᠳᠡᠭᠤ ᠠᠴᠠ ᠠᠩᠬᠢᠷᠠᠭᠤᠯᠬᠤ﹀﹀ | ᠶᠢ ᠪᠡᠶᠡᠯᠡᠬᠦᠯᠵᠦ᠂ ᠬᠦᠲᠦᠴᠢ ᠠᠵᠦ ᠠᠬᠤᠶᠢᠯᠠᠯ ᠪᠠ ᠶᠠᠳᠠᠭᠤ ᠬᠦᠴᠢᠷᠳᠡᠯᠳᠠᠢ ᠲᠣᠰᠬᠤᠨ ᠶᠠᠳᠠᠭᠤ ᠬᠦᠴᠢᠷᠳᠡᠯᠳᠠᠢ | ᠡᠷᠦᠬᠡ ᠬᠤᠯᠪᠤᠯᠳᠣᠨ᠂ ᠲᠠᠷᠢᠶᠠᠯᠠᠩ ᠤᠨ ᠪᠦᠲᠦᠬᠡᠭᠳᠡᠬᠦᠨ ᠤ ᠠᠪᠤᠯᠳᠠ ᠪᠤᠷᠤᠯᠠᠭᠤᠯᠤᠯᠳᠠ ᠶᠢᠨ ᠬᠡᠯᠡᠯᠴᠠᠭᠡᠷ | ᠲᠤᠭᠳᠠᠵᠦ᠂ ᠶᠠᠳᠠᠭᠤ ᠬᠦᠴᠢᠷᠳᠡᠯᠳᠠᠢ ᠲᠣᠰᠬᠤᠨ ᠶᠠᠳᠠᠭᠤ ᠬᠦᠴᠢᠷᠳᠡᠯᠳᠠᠢ ᠡᠷᠦᠬᠡ ᠠᠴᠠ ᠰᠢᠯᠢᠳᠡᠭ ᠲᠠᠷᠢᠶᠠᠯᠠᠩ | ᠤᠨ ᠪᠦᠲᠦᠬᠡᠭᠳᠡᠬᠦᠨ ᠢ ᠬᠠᠩᠭᠠᠵᠦ᠂ ᠬᠡᠯᠡᠯᠴᠠᠭᠡᠷ ᠲᠤᠭᠳᠠᠭᠰᠠᠨ ᠠᠵᠦ ᠠᠬᠤᠶᠢᠯᠠᠯ ᠠᠴᠠ ᠪᠤᠷᠤᠯᠠᠭᠤᠯᠤᠨ᠂ ︿︿ | ᠵᠠᠬᠢᠶᠠᠯᠠᠭ᠎ᠠ ᠠᠴᠠ ᠶᠠᠳᠠᠭᠤ ᠠᠴᠠ ᠠᠩᠬᠢᠵᠢᠷᠠᠭᠤᠯᠬᠤ﹀﹀ ᠶᠢ ᠪᠡᠶᠡᠯᠡᠬᠦᠯᠦᠨ᠎ᠡ᠃ ᠬᠦᠲᠦᠴᠢ ᠠᠵᠦ ᠠᠬᠤᠶᠢᠯᠠᠯ ᠠᠵᠢᠯ | ᠮᠡᠷᠭᠡᠵᠢᠯ ᠤᠨ ᠭᠡᠷᠡᠭᠴᠠᠭᠡᠨ ᠳᠡᠭᠡᠨ ᠲᠤᠬᠢᠷᠠᠭᠤᠯᠤᠨ᠂ ᠶᠠᠳᠠᠭᠤ ᠬᠦᠴᠢᠷᠳᠡᠯᠳᠠᠢ ᠡᠷᠦᠭᠡ ᠳᠤ ᠠᠵᠢᠯ ᠮᠡᠷᠭᠡᠵᠢᠯ ᠤᠨ | ᠪᠤᠯᠪᠠᠰᠤᠷᠠᠯ ᠭᠦᠷᠳᠡᠬᠡᠵᠦ᠂ ᠪᠤᠯᠪᠠᠰᠤᠷᠠᠯ ᠳᠠᠭᠤᠰᠤᠭᠰᠠᠨ ᠤ ᠲᠠᠷᠠᠭ᠎ᠠ ᠣᠷᠳᠤ ᠬᠤᠭᠤᠴᠠᠭ᠎ᠠ ᠪᠠᠷ ᠠᠵᠢᠯ ᠤᠯᠭᠤᠵᠦ᠂ | ︿︿ᠠᠵᠢᠯ ᠮᠡᠷᠭᠡᠵᠢᠯ ᠠᠴᠠ ᠶᠠᠳᠠᠭᠤ ᠠᠴᠠ ᠠᠩᠬᠢᠵᠢᠷᠠᠭᠤᠯᠬᠤ﹀﹀ ᠶᠢ ᠪᠡᠶᠡᠯᠡᠬᠦᠯᠦᠨ᠎ᠠ᠃ | 3. ᠬᠠᠮᠳᠤᠷᠠᠯᠴᠠᠭᠰᠠᠨ ᠵᠤᠬᠢᠶᠠᠨ ᠪᠠᠶᠢᠭᠤᠯᠤᠯᠳᠠ ᠤᠨ ᠨᠦᠯᠦᠭᠡᠯᠡᠯᠴᠠᠯ ᠬᠡᠯᠪᠡᠷᠢ᠃ ︿︿ ᠮᠠᠯᠴᠢᠳ | ᠲᠠᠷᠢᠶᠠᠴᠢᠳ ᠤᠨ ᠲᠤᠰᠬᠠᠢ ᠬᠤᠷᠰᠢᠶ᠎ᠠ + ᠠᠵᠦ ᠠᠬᠤᠶᠢᠯᠠᠯ + ᠶᠠᠳᠠᠭᠤ ᠬᠦᠴᠢᠷᠳᠡᠯᠳᠠᠢ ᠡᠷᠤᠬᠡ﹀﹀ ᠪᠤᠶᠤ ︿︿ | ᠮᠠᠯᠴᠢᠳ ᠲᠠᠷᠢᠶᠠᠴᠢᠳ ᠤᠨ ᠲᠤᠰᠬᠠᠢ ᠬᠤᠷᠰᠢᠶ᠎ᠠ + ᠶᠠᠳᠠᠭᠤ ᠬᠦᠴᠢᠷᠳᠡᠯᠳᠠᠢ ᠡᠷᠤᠬᠡ﹀﹀ ᠶᠢᠨ ᠶᠠᠳᠡᠭᠤ ᠶᠢ | ᠳᠡᠳᠬᠦᠬᠦ ᠵᠠᠭᠪᠤᠷ ᠢ ᠲᠦᠯᠬᠢᠨ ᠠᠬᠢᠭᠤᠯᠵᠦ᠂ ᠶᠠᠳᠠᠭᠤ ᠬᠦᠴᠢᠷᠳᠡᠯᠳᠠᠢ ᠡᠷᠦᠬᠡ ᠶᠢᠨ ᠭᠠᠵᠠᠷ ᠰᠢᠷᠦᠢ ᠪᠠ ᠠᠭᠤᠯᠠ | ᠶᠢᠨ ᠰᠢᠭᠤᠢ ᠶᠢᠨ ᠡᠬᠢ ᠪᠠᠶᠠᠯᠢᠭ ᠵᠠᠷᠭᠡ ᠢᠶᠠᠷ ᠬᠤᠷᠰᠢᠨ ᠡᠰᠡᠬᠦᠯ᠎ᠡ ᠪᠡᠯᠡ ᠤᠷᠤᠭᠤᠯᠤᠨ᠂ ᠠᠵᠦ ᠦᠯᠡᠰ ᠤᠨ | ᠬᠦᠭᠵᠢᠯᠳᠠ ᠳᠤ ᠤᠷᠤᠯᠴᠠᠵᠦ᠂ ᠬᠦᠭᠵᠢᠯᠳᠡ ᠶᠢᠨ ᠳᠤᠮᠳᠠ ᠠᠴᠠ ᠤᠷᠤᠯᠭ᠎ᠠ ᠣᠯᠵᠦ ᠶᠠᠳᠡᠭᠤ ᠠᠴᠠ | ᠠᠩᠬᠢᠵᠢᠷᠠᠭᠤᠯᠤᠨ᠎ᠠ᠃ | 4. ᠵᠤᠭᠠᠴᠠᠯ ᠤᠨ ᠦᠵᠡᠮᠵᠢ ᠶᠢᠨ ᠣᠷᠤᠨ ᠠᠴᠠ ᠳᠠᠶᠢᠴᠢᠯᠠᠬᠤ ᠬᠡᠯᠪᠡᠷᠢ ᠃ ︿︿ ᠵᠤᠭᠠᠴᠠᠯ ᠤᠨ ᠤᠷᠤᠨ + | ᠠᠵᠦ ᠠᠬᠤᠶᠢᠯᠠᠯ ︵ ᠬᠤᠷᠰᠢᠶ᠎ᠠ︶ + ᠶᠠᠳᠠᠭᠤ ᠬᠦᠴᠢᠷᠳᠡᠯᠳᠠᠢ ᠡᠷᠦᠬᠡ﹀﹀ ᠪᠤᠶᠤ ︿︿ ᠵᠤᠭᠠᠴᠠᠯ ᠤᠨ ᠤᠷᠤᠨ + | ᠶᠠᠳᠠᠭᠤ ᠬᠦᠴᠢᠷᠳᠡᠯᠳᠠᠢ ᠡᠷᠦᠬᠡ﹀﹀ ᠶᠢᠨ ᠶᠠᠳᠡᠭᠤ ᠶᠢ ᠳᠡᠳᠬᠦᠬᠦ ᠵᠠᠭᠪᠤᠷ ᠢ ᠲᠦᠯᠬᠢᠨ ᠠᠬᠢᠭᠤᠯᠵᠦ᠂ ᠶᠠᠳᠠᠭᠤ | ᠬᠦᠴᠢᠷᠳᠡᠯᠳᠠᠢ ᠡᠷᠦᠬᠡ ᠵᠤᠭᠠᠴᠠᠯ ᠤᠨ ᠤᠷᠤᠨ ᠤ ᠳᠠᠪᠠᠭᠤᠯᠢᠭ ᠲᠠᠯ᠎ᠠ ᠶᠢ ᠠᠰᠢᠭᠯᠠᠬᠤ ᠶᠢ ᠳᠠᠮᠵᠢᠨ | ᠵᠤᠷᠢᠭᠵᠢᠭᠤᠯᠤᠨ᠂ ᠰᠡᠯᠡᠬᠦᠴᠡᠨ ᠲᠤᠭᠤᠷᠢᠬᠤ᠂ ᠣᠨᠴᠠᠭᠠᠯᠢᠭᠳᠤ ᠢᠳᠡᠬᠡᠨ ᠤᠮᠳᠠᠭᠠᠨ᠂ ᠭᠠᠷ ᠤᠷᠠᠯᠠᠯ ᠤᠨ | ᠦᠢᠯᠡᠳᠬᠦᠨ᠂ ᠪᠤᠯᠪᠠᠰᠤᠷᠠᠭᠤᠯᠬᠤ ᠪᠡ ᠪᠤᠷᠤᠯᠠᠭᠤᠯᠤᠯᠳᠠ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ | ᠬᠦᠢᠯᠭᠡᠭᠡ ᠵᠡᠷᠬᠡ ᠳᠦᠬᠦᠷ ᠦᠢᠯᠡᠴᠢᠯᠡᠭᠡ ᠶᠢ ᠲᠦᠯᠬᠢᠨ ᠠᠬᠢᠭᠤᠯᠵᠦ ᠤᠷᠤᠯᠭ᠎ᠠ ᠪᠠᠨ ᠨᠠᠮᠡᠭᠳᠡᠬᠦᠯᠦᠨ ᠶᠠᠳᠠᠭᠤ ᠠᠴᠠ | ᠠᠩᠬᠢᠵᠢᠷᠠᠭᠤᠯᠤᠨ᠎ᠠ᠃ ᠪᠦᠷᠢᠨ ᠡᠷᠡᠭᠡ ᠲᠠᠢ ᠦᠢᠯᠡᠳᠪᠦᠷᠢᠯᠡᠯ ᠤᠨ ᠴᠢᠳᠠᠮᠵᠢ ᠦᠬᠡᠢ ᠬᠦᠮᠦᠰ ᠡᠰᠡᠬᠦᠯ᠎ᠡ ᠭᠠᠳᠠᠭᠰᠢ | ᠭᠠᠷᠴᠦ ᠬᠦᠳᠡᠯᠮᠦᠷᠢ ᠦᠢᠯᠳᠪᠤᠷᠢᠯᠡᠯ ᠳᠤ ᠤᠷᠤᠵᠦ ᠲᠡᠶᠢᠯᠬᠦ ᠦᠬᠡᠢ ᠶᠠᠳᠠᠭᠤ ᠬᠦᠴᠢᠷᠳᠡᠯᠳᠠᠢ ᠡᠷᠦᠬᠡ ᠭᠠᠵᠠᠷ | ᠰᠢᠷᠦᠢ ᠪᠠ ᠠᠭᠤᠯᠠ ᠶᠢᠨ ᠰᠢᠭᠤᠢ ᠶᠢᠨ ᠡᠬᠢ ᠪᠠᠶᠠᠯᠢᠭ ᠤᠨ ᠪᠡᠯᠡ ᠤᠷᠤᠭᠤᠯᠤᠯᠳᠠ ᠬᠤᠷᠰᠢᠶᠠᠵᠢᠯ᠂ ᠨᠡᠶᠢᠳᠠᠨ | ᠡᠵᠡᠩᠨᠡᠬᠦ ᠢᠶᠠᠷ ᠳᠠᠮᠵᠢᠨ ᠤᠷᠤᠯᠭ᠎ᠠ ᠪᠠᠨ ᠨᠡᠮᠡᠭᠳᠡᠬᠦᠯᠦᠨ ᠶᠠᠳᠡᠭᠤ ᠠᠴᠠ ᠠᠩᠬᠢᠵᠢᠷᠠᠭᠤᠯᠤᠨ᠎ᠠ᠃ ᠬᠦᠳᠡᠭᠡ | ᠲᠤᠰᠬᠤᠨ ᠤ ᠵᠤᠭᠠᠴᠠᠯ ᠤᠨ ᠨᠡᠭᠡᠭᠡᠯᠳᠡ ᠶᠢᠨ ᠺᠤᠮᠫᠠᠨᠢ᠂ ᠣᠯᠠᠨ ᠲᠦᠷᠦᠯ ᠤᠨ ᠬᠦᠳᠡᠭᠡ ᠠᠶᠢᠯ ᠤᠨ ᠵᠤᠭᠠᠴᠠᠯ ᠤᠨ | ᠡᠵᠡᠩᠨᠡᠯᠲᠡ᠂ ᠴᠢᠳᠠᠪᠦᠷᠢᠳᠠᠨ ᠡᠷᠦᠬᠡ ᠠᠴᠠ ᠶᠠᠳᠠᠭᠤ ᠭᠦᠴᠢᠷᠳᠡᠯᠳᠠᠢ ᠡᠷᠦᠬᠡ ᠶᠢᠨ ᠬᠦᠳᠡᠯᠮᠦᠷᠢ ᠬᠦᠴᠦ ᠶᠢ | ᠳᠠᠭᠠᠭᠤᠯᠤᠨ ᠦᠢᠯᠡᠳᠪᠦᠷᠢᠯᠡᠯ ᠳᠤ ᠤᠷᠢᠳᠴᠢᠯᠠᠨ ᠤᠷᠤᠯᠴᠠᠭᠤᠯᠤᠨ᠂ ᠬᠦᠳᠡᠯᠮᠦᠷᠢ ᠬᠦᠴᠦ᠂ ᠦᠢᠯᠡᠴᠢᠯᠡᠭᠡ ᠵᠠᠷᠭᠡ | ᠠᠷᠭ᠎ᠠ ᠪᠠᠷ ᠤᠷᠤᠯᠭ᠎ᠠ ᠨᠡᠮᠡᠭᠳᠡᠬᠦᠯᠦᠨ ᠶᠠᠳᠠᠭᠤ ᠬᠦᠴᠢᠷᠳᠡᠯᠳᠠᠢ ᠡᠷᠦᠬᠡ ᠶᠢ ᠶᠠᠳᠡᠭᠤ ᠠᠴᠠ ᠠᠩᠬᠢᠵᠢᠷᠠᠭᠤᠯᠤᠨ᠎ᠠ᠃ | 5. ᠴᠢᠳᠠᠪᠦᠷᠢᠳᠠᠢ ᠲᠤᠮᠤ ᠡᠷᠦᠭᠡ ᠬᠤᠷᠰᠢᠬᠤ ᠬᠡᠯᠪᠡᠷᠢ᠃ ︿︿ ᠴᠢᠳᠠᠪᠦᠷᠢᠳᠠᠢ ᠲᠤᠮᠤ ᠡᠷᠦᠭᠡ + ᠺᠤᠮᠫᠠᠨᠢ ︵ | ᠬᠤᠷᠰᠢᠶ᠎ᠠ︶ + ᠶᠠᠳᠠᠭᠤ ᠬᠦᠴᠢᠷᠳᠡᠯᠳᠠᠢ ᠡᠷᠦᠬᠡ﹀﹀ ᠪᠤᠶᠤ ︿︿ ᠴᠢᠳᠠᠪᠦᠷᠢᠳᠠᠢ ᠲᠤᠮᠤ ᠡᠷᠦᠭᠡ + ᠶᠠᠳᠠᠭᠤ | ᠬᠦᠴᠢᠷᠳᠡᠯᠳᠠᠢ ᠡᠷᠦᠭᠡ﹀﹀ ᠶᠢᠨ ᠶᠠᠳᠡᠭᠤ ᠶᠢ ᠳᠡᠳᠬᠦᠬᠦ ᠵᠠᠭᠪᠤᠷ ᠢ ᠲᠦᠯᠬᠢᠨ ᠠᠬᠢᠭᠤᠯᠵᠦ᠂ ᠲᠤᠰ ᠨᠤᠳᠤᠭ ᠤᠨ | ᠤᠯᠠᠨ ᠲᠦᠮᠡᠨ ᠤ ᠠᠳᠠᠯ ᠦᠢᠯᠡᠰ ᠪᠤᠰᠬᠠᠨ ᠬᠦᠭᠵᠢᠬᠦᠯᠬᠦ᠂ ᠭᠠᠳᠠᠭᠰᠢ ᠭᠠᠷᠤᠭᠰᠠᠨ ᠬᠦᠮᠦᠰ ᠤᠨ ᠨᠤᠳᠤᠭ ᠲᠠᠭᠠᠨ | ᠪᠤᠴᠠᠨ ᠠᠵᠢᠯ ᠤᠯᠵᠦ ᠦᠢᠯᠠᠰ ᠪᠤᠰᠬᠠᠬᠤ᠂ ᠭᠠᠳᠠᠨ᠎ᠠ ᠠᠴᠠ ᠢᠷᠡᠭᠰᠠᠨ ᠬᠦᠮᠦᠰ ᠤᠨ ᠪᠡᠯᠡ ᠤᠷᠤᠭᠤᠯᠤᠨ ᠦᠢᠯᠡᠰ | ᠬᠦᠭᠵᠢᠬᠦᠯᠬᠦ ᠶᠢ ᠳᠠᠮᠵᠢᠨ ᠵᠤᠷᠢᠭᠵᠢᠭᠤᠯᠵᠦ᠂ ᠴᠢᠳᠠᠪᠦᠷᠢᠳᠠᠢ ᠲᠤᠮᠤ ᠡᠷᠦᠭᠡ ᠶᠢᠨ ᠬᠤᠷᠰᠢᠶᠠᠵᠢᠯ᠂ ᠬᠤᠪᠢ | ᠤᠷᠤᠭᠤᠯᠤᠯᠳᠠ᠂ ᠬᠦᠳᠡᠯᠮᠦᠷᠢ ᠬᠦᠴᠦ ᠵᠡᠷᠭᠡ ᠠᠷᠭ᠎ᠠ ᠪᠠᠷ ᠭᠠᠵᠠᠷ ᠰᠢᠷᠦᠢ ᠶᠢᠨ ᠡᠷᠬᠢᠯᠳᠡ ᠬᠢᠵᠦ᠂ ᠬᠤᠷᠰᠢᠶᠠᠵᠢᠯ | ᠪᠠᠶᠢᠭᠤᠯᠵᠦ᠂ ᠬᠦᠳᠡᠯᠮᠦᠷᠢ ᠬᠦᠴᠦ ᠶᠢ ᠵᠤᠬᠢᠶᠠᠨ ᠪᠠᠶᠢᠭᠤᠯᠵᠦ᠂ ᠡᠯᠰᠡᠬᠦᠯᠬᠦ᠂ ᠵᠤᠬᠢᠶᠠᠨ ᠪᠠᠶᠢᠭᠤᠯᠬᠤ᠂ ᠳᠠᠭᠠᠭᠤᠯᠤᠨ | ᠳᠠᠶᠢᠴᠢᠯᠠᠵᠦ ᠶᠠᠳᠠᠭᠤ ᠬᠦᠴᠢᠷᠳᠡᠯᠳᠠᠢ ᠡᠷᠦᠭᠡ ᠶᠢᠨ ᠤᠷᠤᠯᠭ᠎ᠠ ᠶᠢ ᠨᠡᠮᠡᠭᠳᠠᠬᠦᠯᠦᠨ ᠶᠠᠳᠠᠭᠤ ᠠᠴᠠ ᠠᠩᠬᠢᠵᠢᠷᠠᠭᠤᠯᠬᠤ | ᠶᠢ ᠳᠠᠮᠵᠢᠨ ᠵᠤᠷᠢᠭᠵᠢᠭᠤᠯᠤᠨ᠎ᠠ᠃ | 6. ᠺᠠᠳ᠋ᠷᠴᠤᠳ ᠶᠠᠳᠠᠭᠤ ᠶᠢ ᠳᠡᠳᠬᠦᠬᠦ ᠶᠢ ᠠᠬᠢᠭᠤᠯᠬᠤ ᠬᠡᠯᠪᠡᠷᠢ᠃ ︿︿ ᠺᠠᠳ᠋ᠷ ︵ ᠨᠠᠮ ᠤᠨ ᠬᠡᠰᠢᠬᠦᠨ︶ + | ᠠᠵᠦ ᠠᠬᠤᠶᠢᠯᠠᠯ ︵ ᠬᠤᠷᠰᠢᠶ᠎ᠠ︶ + ᠶᠠᠳᠠᠭᠤ ᠬᠦᠴᠢᠷᠳᠡᠯᠳᠠᠢ ᠡᠷᠦᠬᠡ ﹀﹀ ᠪᠤᠶᠤ ︿︿ᠺᠠᠳ᠋ᠷ ︵ ᠨᠠᠮ ᠤᠨ | ᠬᠡᠰᠢᠬᠦᠨ︶ + ᠶᠠᠳᠠᠭᠤ ᠬᠦᠴᠢᠷᠳᠡᠯᠳᠠᠢ ᠡᠷᠦᠬᠡ ﹀﹀ ᠶᠢᠨ ᠶᠠᠳᠡᠭᠤ ᠶᠢ ᠳᠡᠳᠬᠦᠬᠦ ᠵᠠᠭᠪᠤᠷ ᠢ ᠲᠦᠯᠬᠢᠨ ᠠᠬᠢᠭᠤᠯᠵᠦ ᠂ | ᠬᠠᠷᠢᠭᠤᠴᠠᠨ ᠳᠡᠳᠬᠦᠬᠦ ᠺᠠᠳ᠋ᠷ᠂ ᠨᠢᠭᠡᠳᠣᠭᠡᠷ ᠱᠦᠵᠢ᠂ ᠪᠠ ᠭᠠᠴᠠᠭᠠᠨ ᠡᠬᠦᠷ ᠤᠨ ᠪᠠ ᠵᠦᠪᠯᠡᠯ ᠤᠨ ᠺᠤᠮᠢᠰ ᠡᠬᠢ | ᠪᠠᠶᠠᠯᠢᠭ᠂ ᠤᠶᠤᠨ ᠤᠬᠠᠭᠠᠨ᠂ ᠰᠤᠷᠠᠭ ᠵᠠᠩᠬᠢ ᠪᠠ ᠬᠠᠮᠢᠶᠠᠷᠤᠯᠳᠠ ᠶᠢᠨ ᠳᠠᠪᠠᠭᠤᠯᠢᠭ ᠲᠠᠯ᠎ᠠ ᠢᠶᠠᠨ ᠪᠠᠳᠠᠷᠠᠭᠤᠯᠬᠤ | ᠶᠢ ᠵᠤᠷᠢᠭᠵᠢᠭᠤᠯᠵᠦ᠂ ᠶᠠᠳᠠᠭᠤ ᠬᠦᠴᠢᠷᠳᠡᠯᠳᠠᠢ ᠳᠤᠰᠬᠤᠨ ᠢᠶᠠᠷ ᠠᠴᠢᠶᠠᠯᠠᠭᠴᠢ ᠪᠤᠯᠭᠠᠨ᠂ ᠠᠵᠦ ᠠᠬᠤᠶᠢᠯᠠᠯ ᠪᠤᠶᠤ | ᠬᠤᠷᠰᠢᠶ᠎ᠠ ᠳᠤ ᠲᠦᠰᠢᠭᠯᠡᠨ᠂ ᠤᠯᠠᠨ ᠲᠦᠮᠡᠨ ᠢ ᠳᠠᠭᠠᠭᠤᠯᠤᠨ ᠡᠬᠢ ᠪᠠᠶᠠᠯᠢᠭ ᠢ ᠨᠡᠭᠡᠭᠡᠨ ᠠᠰᠢᠭᠯᠡᠵᠦ᠂ ᠠᠵᠦ | ᠦᠢᠯᠡᠰ ᠬᠦᠭᠵᠢᠬᠦᠯᠦᠨ᠂ ᠶᠠᠳᠠᠭᠤ ᠬᠦᠴᠢᠷᠳᠡᠯᠳᠠᠢ ᠤᠯᠠᠨ ᠲᠦᠮᠡᠨ ᠢ ᠬᠠᠪᠰᠤᠨ᠂ ᠡᠵᠡᠩᠨᠡᠬᠦ᠂ ᠪᠡᠯᠡ ᠤᠷᠤᠭᠤᠯᠬᠤ᠂ | ᠬᠦᠳᠡᠯᠮᠦᠷᠢ ᠬᠦᠴᠦᠨ ᠤ ᠤᠷᠤᠯᠭ᠎ᠠ ᠪᠠ ᠡᠳ᠋ ᠬᠦᠷᠦᠩᠭᠡ ᠶᠢᠨ ᠤᠷᠤᠯᠭ᠎ᠠ ᠮᠡᠳᠣ ᠶᠢᠨ ᠤᠯᠠᠨ ᠬᠡᠯᠪᠡᠷᠢ ᠶᠢᠨ | ᠤᠷᠤᠯᠭ᠎ᠠ ᠶᠢ ᠨᠡᠮᠡᠭᠳᠠᠬᠦᠯᠦᠨ ᠶᠠᠳᠠᠭᠤ ᠠᠴᠠ ᠠᠩᠬᠢᠵᠢᠷᠠᠭᠤᠯᠤᠨ᠎ᠠ᠃ | ︵ ᠬᠤᠶᠠᠷ︶ ᠶᠠᠳᠠᠭᠤ ᠬᠦᠴᠢᠷᠳᠡᠯᠳᠠᠢ ᠡᠷᠦᠭᠡ ᠶᠢᠨ ᠪᠦᠷᠢᠨ ᠡᠷᠬᠡ ᠲᠠᠢ ᠭᠤᠤᠯᠯᠠᠭᠴᠢ ᠠᠵᠦ ᠦᠢᠯᠡᠰ ᠢ | ᠬᠦᠭᠵᠢᠬᠦᠯᠬᠦ ᠶᠢ ᠤᠳᠤᠷᠢᠳᠤᠨ ᠳᠠᠭᠠᠭᠤᠯᠵᠦ᠂ ᠶᠠᠳᠠᠭᠤ ᠠᠴᠠ ᠠᠩᠬᠢᠵᠢᠷᠠᠭᠤᠯᠬᠤ ᠠᠵᠦ ᠦᠢᠯᠡᠰ ᠤᠨ ᠲᠤᠭᠳᠠᠭᠤᠨ | ᠰᠠᠭᠤᠷᠢ ᠢ ᠪᠦᠳᠤᠭᠡᠨ ᠪᠠᠶᠢᠭᠤᠯᠬᠤ᠃ | 1. ᠬᠤᠰᠢᠭᠤᠨ ᠤ ᠶᠠᠳᠠᠭᠤ ᠶᠢ ᠳᠡᠳᠬᠦᠬᠦ ᠨᠡᠭᠡᠭᠡᠯᠳᠡ ᠬᠦᠭᠵᠢᠭᠦᠯᠦᠯᠲᠡ ᠶᠢᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠠᠴᠠ ︿ ᠶᠠᠳᠠᠭᠤ ᠠᠴᠠ ᠠᠩᠬᠢᠵᠢᠷᠠᠭᠤᠯᠬᠤ ᠠᠵᠦ ᠦᠢᠯᠡᠰ ᠤᠨ ᠱᠠᠩᠨᠠᠯ ᠪᠠ ᠨᠦᠬᠦᠪᠦᠷᠢ ᠶᠢᠨ ᠭᠠᠷᠴᠠᠭ | ﹀﹀ ᠪᠠ ︿︿ᠠᠵᠦ ᠦᠢᠯᠡᠰ ᠠᠴᠠ ᠶᠠᠳᠠᠭᠤ ᠠᠴᠠ ᠠᠩᠬᠢᠵᠢᠷᠠᠭᠤᠯᠬᠤ ᠶᠠᠳᠠᠭᠤ ᠬᠦᠴᠢᠷᠳᠠᠯᠳᠠᠢ ᠡᠷᠦᠭᠡ ᠶᠢᠨ ᠬᠦᠰᠡᠯ | ᠤᠨ ᠰᠤᠩᠭᠤᠯᠳᠠ ᠶᠢᠨ ᠬᠦᠰᠦᠨᠦᠭᠳᠤ﹀﹀ ᠶᠢ ᠳᠤᠭᠳᠠᠭᠠᠨ᠎ᠠ᠃ | 2. ᠭᠠᠴᠠᠭ᠎ᠠ ᠲᠤᠰᠬᠤᠨ ᠤ ᠡᠬᠦᠷ ᠪᠠ ᠵᠦᠪᠯᠡᠯ ᠤᠨ ᠺᠤᠮᠢᠰ ᠪᠤᠯᠤᠨ ᠲᠤᠰᠬᠤᠨ ᠳᠤ ᠰᠠᠭᠤᠭ᠎ᠠ ᠠᠵᠢᠯ ᠤᠨ | ᠳᠤᠭᠤᠶᠢᠯᠠᠩ ᠠᠴᠠ ᠵᠤᠬᠢᠶᠠᠨ ᠪᠠᠶᠢᠭᠤᠯᠵᠦ᠂ ᠶᠠᠳᠠᠭᠤ ᠬᠦᠴᠢᠷᠳᠡᠯᠳᠠᠢ ᠡᠷᠦᠬᠡ ᠶᠢᠨ ᠠᠵᠦ ᠦᠢᠯᠡᠰ ᠠᠴᠠ ᠶᠠᠳᠠᠭᠤ | ᠠᠴᠠ ᠠᠩᠬᠢᠵᠢᠷᠠᠭᠤᠯᠬᠤ ᠬᠦᠰᠡᠯ ᠳᠤ ᠰᠠᠨᠠᠯ ᠬᠤᠷᠢᠶᠠᠵᠦ᠂ ︿︿ᠠᠵᠦ ᠦᠢᠯᠡᠰ ᠠᠴᠠ ᠶᠠᠳᠠᠭᠤ ᠠᠴᠠ | ᠠᠩᠬᠢᠵᠢᠷᠠᠭᠤᠯᠬᠤ ᠶᠠᠳᠠᠭᠤ ᠬᠦᠴᠢᠷᠳᠡᠯᠳᠠᠢ ᠡᠷᠦᠬᠡ ᠶᠢᠨ ᠲᠦᠷᠦᠯ ᠵᠦᠢᠯ ᠤᠨ ᠰᠤᠩᠭᠤᠯᠳᠠ ᠶᠢᠨ ᠬᠦᠰᠦᠨᠦᠭᠳᠤ﹀﹀ | ᠶᠢ ᠳᠠᠭᠯᠠᠵᠦ᠂ ᠶᠠᠳᠠᠭᠤ ᠬᠦᠴᠢᠷᠳᠡᠯᠳᠠᠢ ᠡᠷᠦᠭᠡ ᠶᠢᠨ ᠡᠷᠦᠭᠡ ᠶᠢᠨ ᠡᠵᠡᠨ ᠠᠴᠠ ᠭᠠᠷ ᠤᠨ ᠦᠰᠦᠭ ᠵᠢᠷᠦᠵᠦ | ᠬᠤᠷᠤᠭᠤ ᠳᠠᠷᠤᠨ᠎ᠠ᠃ | 3. ᠶᠠᠳᠠᠭᠤ ᠬᠦᠴᠢᠷᠳᠡᠯᠳᠠᠢ ᠡᠷᠦᠬᠡ ᠶᠢᠨ ᠬᠦᠰᠡᠯ ᠢ ᠦᠨᠳᠤᠰᠤᠯᠡᠨ᠂ ᠭᠠᠴᠠᠭ᠎ᠠ ᠲᠤᠰᠬᠤᠨ ᠤ ᠡᠬᠦᠷ ᠪᠠ | ᠵᠦᠪᠯᠡᠯ ᠤᠨ ᠺᠤᠮᠢᠰ᠂ ᠳᠤᠰᠬᠤᠨ ᠳᠤ ᠰᠠᠭᠤᠭ᠎ᠠ ᠠᠵᠢᠯ ᠤᠨ ᠳᠤᠭᠤᠶᠢᠯᠠᠩ ᠠᠴᠠ ᠳᠤᠰ ᠳᠤᠰᠬᠤᠨ ᠤ ᠠᠵᠦ | ᠦᠢᠯᠡᠰ ᠠᠴᠠ ᠶᠠᠳᠠᠭᠤ ᠠᠴᠠ ᠠᠩᠬᠢᠵᠢᠷᠠᠭᠤᠯᠬᠤ ᠲᠦᠰᠦᠯ ᠢᠶᠠᠨ ᠨᠠᠶᠢᠷᠠᠭᠤᠯᠤᠨ᠂ ᠶᠠᠳᠠᠭᠤ ᠠᠴᠠ ᠠᠩᠬᠢᠵᠢᠷᠠᠭᠤᠯᠬᠤ | ᠲᠦᠰᠦᠪ ᠢᠶᠠᠨ ᠳᠤᠳᠤᠷᠬᠠᠶᠢᠯᠠᠨ᠎ᠠ᠃ | 4. ᠭᠠᠴᠠᠭ᠎ᠠ ᠲᠤᠰᠬᠤᠨ ᠤ ᠡᠬᠦᠷ ᠪᠠ ᠵᠦᠪᠯᠡᠯ ᠤᠨ ᠺᠤᠮᠢᠰ ᠪᠤᠯᠤᠨ ᠲᠤᠰᠬᠤᠨ ᠳᠤ ᠰᠠᠭᠤᠭ᠎ᠠ ᠠᠵᠢᠯ ᠤᠨ | ᠳᠤᠭᠤᠶᠢᠯᠠᠩ ᠠᠴᠠ ᠤᠯᠠᠨ ᠲᠦᠮᠡᠨ ᠢ ᠵᠤᠬᠢᠶᠠᠨ ᠪᠠᠶᠢᠭᠤᠯᠵᠦ᠂ ᠳᠤᠰᠬᠤᠨ ᠤ ᠲᠦᠯᠦᠭᠡᠯᠡᠭᠴᠢᠳ ᠤᠨ ᠶᠡᠭᠡ | ᠬᠤᠷᠠᠯ ᠢ ᠬᠤᠷᠠᠯᠳᠤᠭᠤᠯᠵᠦ᠂ ᠳᠤᠰᠬᠤᠨ ᠤ ᠠᠵᠦ ᠦᠢᠯᠡᠰ ᠠᠴᠠ ᠶᠠᠳᠠᠭᠤ ᠠᠴᠠ ᠠᠩᠬᠢᠵᠢᠷᠠᠭᠤᠯᠬᠤ ᠲᠦᠰᠦᠯ ᠢᠶᠠᠨ | ᠶᠠᠷᠢᠯᠴᠠᠵᠦ᠂ ᠳᠤᠷᠠᠳᠤᠭᠰᠠᠨ ᠰᠠᠨᠠᠯ ᠢᠶᠠᠨ ᠲᠡᠬᠦᠯᠳᠡᠷᠵᠢᠬᠦᠯᠵᠦ᠂ ᠲᠡᠬᠦᠯᠳᠡᠷᠵᠢᠬᠦᠯᠦᠭᠰᠠᠨ ᠭᠡᠷᠡᠭᠵᠢᠬᠦᠯᠬᠦ ᠲᠦᠰᠦᠯ ᠳᠤ | ᠲᠤᠰᠬᠤᠨ ᠤ ᠡᠬᠦᠷ ᠤᠨ ᠱᠦᠵᠢ᠂ ᠡᠷᠬᠢᠯᠡᠭᠴᠢ᠂ ᠳᠤᠰᠬᠤᠨ ᠳᠤ ᠰᠠᠭᠤᠭ᠎ᠠ ᠠᠵᠢᠯ ᠤᠨ ᠳᠤᠭᠤᠶᠢᠯᠠᠩ ᠤᠨ | ᠳᠠᠷᠤᠭ᠎ᠠ᠂ ᠳᠤᠰᠬᠤᠨ ᠳᠤ ᠰᠠᠭᠤᠭ᠎ᠠ ᠨᠢᠭᠡᠳᠦᠭᠡᠷ ᠱᠦᠵᠢ ᠨᠡᠷ ᠠᠴᠠ ᠭᠠᠷ ᠤᠨ ᠦᠰᠦᠭ ᠵᠢᠷᠦᠵᠦ᠂ ᠵᠢᠩᠬᠢᠨᠢ | ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠰᠤᠮᠤ ᠰᠢᠶᠠᠩ ᠪᠠᠯᠭᠠᠰᠤ ᠠᠵᠦ ᠦᠢᠯᠡᠳᠪᠦᠷᠢ ᠶᠢᠨ ᠬᠠᠮᠢᠶᠠᠷᠤᠯᠳᠠ ᠶᠢᠨ | ᠲᠤᠭᠤᠷᠢᠭ ᠲᠤ ᠬᠦᠷᠬᠡᠨ ᠬᠢᠨᠠᠭᠤᠯᠤᠨ᠎ᠠ᠃ | 5. ᠰᠤᠮᠤ ᠰᠢᠶᠠᠩ ᠪᠠᠯᠭᠠᠰᠤ᠂ ᠠᠵᠦ ᠦᠢᠯᠡᠳᠪᠦᠷᠢ ᠶᠢᠨ ᠬᠠᠮᠢᠶᠠᠷᠤᠯᠳᠠ ᠶᠢᠨ ᠲᠤᠭᠤᠷᠢᠭ ᠠᠴᠠ ᠬᠠᠮᠢᠶ᠎ᠠ | ᠪᠦᠬᠦᠢ ᠬᠦᠮᠦᠰ ᠢ ᠵᠤᠬᠢᠶᠠᠨ ᠪᠠᠶᠢᠭᠤᠯᠵᠦ᠂ ᠮᠡᠳᠡᠬᠦᠯᠦᠨ ᠢᠷᠡᠭᠰᠡᠨ ᠭᠡᠷᠡᠭᠵᠢᠬᠦᠯᠬᠦ ᠳᠦᠰᠦᠯ ᠢ ᠬᠢᠨᠡᠵᠦ | ᠵᠦᠪᠰᠢᠶᠠᠷᠡᠭᠰᠠᠨ ᠤ ᠳᠠᠷᠠᠭ᠎ᠠ᠂ ᠰᠤᠮᠤ ᠰᠢᠶᠠᠩ ᠪᠠᠯᠭᠠᠰᠤ᠂ ᠠᠵᠦ ᠦᠢᠯᠡᠳᠪᠦᠷᠢ ᠶᠢᠨ ᠬᠠᠮᠢᠶᠠᠷᠤᠯᠳᠠ ᠶᠢᠨ | ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠡᠷᠬᠢᠯᠡᠭᠴᠢ ᠠᠴᠠ ᠭᠠᠷ ᠤᠨ ᠦᠰᠦᠭ ᠵᠢᠷᠦᠵᠦ᠂ ᠬᠤᠰᠢᠭᠤᠨ ᠤ | ᠶᠠᠳᠠᠭᠤ ᠶᠢ ᠳᠡᠳᠬᠦᠬᠦ ᠠᠯᠪᠠᠨ ᠭᠡᠷ ᠲᠤ ᠬᠦᠷᠭᠡᠨ ᠲᠠᠩᠰᠠᠨ ᠳᠤ ᠬᠤᠪᠢᠯᠡᠵᠦ ᠳᠡᠮᠳᠡᠭᠯᠡᠨ᠎ᠡ᠃ | 6. ᠰᠤᠮᠤ ᠰᠢᠶᠠᠩ ᠪᠠᠯᠭᠠᠰᠤ᠂ ᠠᠵᠦ ᠦᠢᠯᠡᠳᠪᠦᠷᠢ ᠶᠢᠨ ᠬᠠᠮᠢᠶᠠᠷᠤᠯᠳᠠ ᠶᠢᠨ ᠲᠤᠭᠤᠷᠢᠭ ᠤᠨ | ᠵᠢᠯᠤᠭᠤᠳᠤᠯᠭ᠎ᠠ ᠳᠤᠤᠷ᠎ᠠ ᠡᠯ᠎ᠡ ᠭᠠᠴᠠᠭ᠎ᠠ ᠲᠤᠰᠬᠤᠨ ᠪᠠ ᠲᠤᠰᠬᠤᠨ ᠳᠤ ᠰᠠᠭᠤᠭ᠎ᠠ ᠶᠠᠳᠠᠭᠤ ᠶᠢ ᠳᠡᠳᠬᠦᠬᠦ | ᠪᠠᠶᠢᠭᠤᠯᠤᠯᠭ᠎ᠠ᠂ ᠶᠠᠳᠠᠭᠤ ᠶᠢ ᠳᠡᠳᠬᠦᠬᠦ ᠬᠠᠷᠢᠭᠤᠴᠠᠯᠭᠠᠳᠠᠨ ᠶᠠᠳᠠᠭᠤ ᠬᠦᠴᠢᠷᠳᠡᠯᠳᠠᠢ ᠡᠷᠦᠬᠡ ᠶᠢ ᠵᠣᠬᠢᠶᠠᠨ | ᠪᠠᠶᠢᠭᠤᠯᠵᠦ ᠴᠤᠬᠤᠯᠠᠪᠦᠷᠢᠯᠡᠨ ᠬᠠᠷᠢᠭᠤᠯᠤᠭᠰᠠᠨ ᠲᠦᠷᠦᠯ ᠵᠦᠢᠯ ᠤᠨ ᠲᠦᠰᠦᠪ ᠢ ᠦᠨᠳᠦᠰᠦᠯᠡᠨ ᠭᠡᠷᠡᠭᠵᠢᠬᠦᠯᠦᠨ᠎ᠡ᠃ | | 7. ᠶᠠᠳᠠᠭᠤ ᠠᠴᠠ ᠠᠩᠬᠢᠵᠢᠷᠠᠭᠤᠯᠬᠤ ᠠᠵᠦ ᠠᠬᠤᠶᠢᠯᠠᠯ ᠤᠨ ᠲᠦᠷᠦᠯ ᠵᠦᠢᠯ ᠢ ᠭᠡᠷᠡᠭᠵᠢᠬᠦᠯᠦᠨ | ᠳᠠᠭᠤᠰᠤᠭᠰᠠᠨ ᠤ ᠳᠠᠷᠠᠭ᠎ᠠ᠂ ᠭᠠᠴᠠᠭ᠎ᠠ ᠲᠤᠰᠬᠤᠨ ᠠᠴᠠ ᠰᠤᠮᠤ ᠰᠢᠶᠠᠩ ᠪᠠᠯᠭᠠᠰᠤ ᠠᠵᠦ ᠦᠢᠯᠡᠳᠪᠦᠷᠢ ᠶᠢᠨ | ᠬᠠᠮᠢᠶᠠᠷᠤᠯᠳᠠ ᠶᠢᠨ ᠲᠤᠭᠤᠷᠢᠭ ᠲᠤ ᠪᠢᠴᠢᠭ ᠤᠨ ᠰᠢᠯᠭᠠᠨ ᠠᠪᠬᠤ ᠭᠤᠶᠤᠴᠢᠯᠠᠯ ᠭᠤᠶᠤᠴᠢᠯᠠᠵᠦ᠂ ᠭᠠᠴᠠᠭ᠎ᠠ | ᠲᠤᠰᠬᠤᠨ ᠤ ᠭᠤᠶᠤᠴᠢᠯᠠᠯ ᠢ ᠦᠨᠳᠦᠰᠦᠯᠡᠨ ᠭᠡᠷᠡᠭᠵᠢᠬᠦᠯᠦᠭᠰᠠᠨ ᠲᠦᠷᠦᠯ ᠵᠦᠢᠯ ᠢ ᠰᠢᠯᠭᠠᠨ ᠬᠤᠷᠢᠶᠠᠨ᠎ᠠ᠃ ︿︿ | — ᠭᠠᠴᠠᠭ᠎ᠠ ᠲᠤᠰᠬᠤᠨ ᠤ ᠠᠵᠦ ᠦᠢᠯᠡᠰ ᠠᠴᠠ ᠶᠠᠳᠠᠭᠤ ᠠᠴᠠ ᠠᠩᠬᠢᠵᠢᠷᠠᠭᠤᠯᠬᠤ ᠲᠦᠷᠦᠯ ᠵᠦᠢᠯ ᠤᠨ ᠬᠢᠨᠠᠨ | ᠰᠢᠯᠭᠠᠨ ᠬᠦᠰᠦᠨᠦᠭᠳᠤ﹀﹀ ᠶᠢ ᠲᠠᠭᠯᠠᠵᠦ᠂ ᠠᠪᠤᠯᠳᠠ ᠳᠤ ᠲᠡᠩᠴᠡᠭᠰᠡᠨ ᠭᠡᠷᠡᠴᠢᠯᠡᠯᠭᠡ ᠦᠭᠴᠦ᠂ ᠭᠠᠴᠠᠭ᠎ᠠ | ᠲᠤᠰᠬᠤᠨ ᠠᠴᠠ ᠡᠨᠡ ᠭᠡᠷᠡᠴᠢᠯᠡᠯᠭᠡ ᠢᠶᠠᠨ ᠰᠤᠮᠤ ᠰᠢᠶᠠᠩ ᠪᠠᠯᠭᠠᠰᠤ᠂ ᠠᠵᠦ ᠦᠢᠯᠡᠳᠪᠦᠷᠢ ᠶᠢᠨ ᠬᠠᠮᠢᠶᠠᠷᠤᠯᠳᠠ ᠶᠢᠨ | ᠲᠤᠭᠤᠷᠢᠭ ᠲᠤ ᠦᠭᠴᠦ ᠳᠠᠩᠰᠠ ᠮᠡᠳᠡᠬᠦᠯᠬᠦ ᠭᠤᠶᠤᠴᠢᠯᠠᠯ ᠭᠠᠷᠭᠠᠨ᠂ ᠰᠤᠮᠤ ᠰᠢᠶᠠᠩ ᠪᠠᠯᠭᠠᠰᠤ᠂ ᠠᠵᠦ | ᠦᠢᠯᠡᠳᠪᠦᠷᠢ ᠶᠢᠨ ᠬᠠᠮᠢᠶᠠᠷᠤᠯᠳᠠ ᠶᠢᠨ ᠲᠤᠭᠤᠷᠢᠭ ᠠᠴᠠ ᠡᠯ᠎ᠡ ᠭᠠᠴᠠᠭ᠎ᠠ ᠲᠤᠰᠬᠤᠨ ᠤ ᠳᠠᠩᠰᠠ ᠮᠡᠳᠡᠬᠦᠯᠬᠦ | ᠮᠠᠲ᠋ᠧᠷᠢᠶᠠᠯ ᠢ ᠬᠢᠨᠡᠮᠭᠠᠢ ᠬᠢᠨᠡᠵᠦ᠂ ᠬᠢᠷᠢ ᠳᠡᠩᠴᠠᠭᠰᠡᠨ ᠭᠤᠶᠤᠴᠢᠯᠠᠯ ᠤᠨ ᠮᠠᠲ᠋ᠧᠷᠢᠶᠠᠯ ᠢᠶᠠᠨ ᠬᠤᠰᠢᠭᠤᠨ ᠤ ᠶᠠᠳᠠᠭᠤ | ᠶᠢ ᠳᠡᠳᠬᠦᠬᠦ ᠠᠯᠪᠠᠨ ᠭᠡᠷ ᠲᠤ ᠬᠦᠷᠭᠡᠨ ᠳᠠᠩᠰᠠ ᠮᠡᠳᠡᠬᠦᠯᠬᠦ ᠭᠤᠶᠤᠴᠢᠯᠠᠯ ᠭᠤᠶᠤᠴᠢᠯᠠᠵᠦ᠂ ᠬᠤᠰᠢᠭᠤᠨ ᠤ | ᠶᠠᠳᠠᠭᠤ ᠶᠢ ᠳᠡᠳᠬᠦᠬᠦ ᠠᠯᠪᠠᠨ ᠭᠡᠷ ᠠᠴᠠ ᠶᠠᠳᠠᠭᠤ ᠬᠦᠴᠢᠷᠳᠡᠯᠳᠠᠢ ᠡᠷᠦᠬᠡ ᠳᠤ ᠭᠡᠷᠡᠭᠵᠢᠬᠦᠯᠦᠭᠰᠠᠨ ᠲᠦᠷᠦᠯ ᠵᠦᠢᠯ | ᠳᠤ ᠰᠤᠩᠭᠤᠨ ᠰᠢᠯᠭᠠᠵᠦ᠂ ᠮᠡᠳᠡᠬᠦᠯᠦᠨ ᠢᠷᠡᠭᠰᠡᠨ ᠳᠠᠩᠰᠠ ᠮᠡᠳᠡᠬᠦᠯᠬᠦ ᠮᠠᠲ᠋ᠧᠷᠢᠶᠠᠯ ᠢ ᠬᠢᠨᠡᠵᠦ᠂ ᠬᠢᠷᠢ ᠲᠡᠩᠴᠡᠭᠰᠡᠨ | ᠳᠤ ᠨᠦᠬᠦᠪᠦᠷᠢ ᠮᠦᠩᠬᠦ ᠶᠢ ᠰᠤᠮᠤ ᠪᠠᠯᠭᠠᠰᠤᠨ ᠳᠤ ᠨᠢᠬᠡᠯᠡ ᠳᠡᠭᠡᠷ᠎ᠡ ᠪᠠᠭᠤᠯᠭᠠᠵᠦ᠂ ᠰᠤᠮᠤ ᠪᠠᠯᠭᠠᠰᠤᠨ ᠠᠴᠠ | ᠲᠡᠬᠢᠨ ᠶᠠᠳᠠᠭᠤ ᠬᠦᠴᠢᠷᠳᠡᠯᠳᠠᠢ ᠡᠷᠦᠬᠡ ᠶᠢᠨ ᠭᠡᠷᠡᠭᠵᠢᠬᠦᠯᠦᠭᠰᠠᠨ ᠲᠦᠷᠦᠯ ᠵᠦᠢᠯ ᠤᠨ ᠪᠤᠳᠠᠳᠣ ᠪᠠᠶᠢᠳᠠᠯ ᠢ | ᠦᠨᠳᠦᠰᠦᠯᠡᠨ᠂ ᠨᠦᠬᠦᠪᠦᠷᠢ ᠮᠦᠩᠬᠦ ᠪᠠᠨ ᠶᠠᠳᠠᠭᠤ ᠬᠦᠴᠢᠷᠳᠡᠯᠳᠠᠢ ᠡᠷᠦᠬᠡ ᠶᠢᠨ ᠪᠦᠷᠢᠨ ᠴᠢᠳᠠᠮᠵᠢᠳᠣ ᠺᠠᠷᠲ | ᠪᠠᠭᠤᠯᠭᠠᠨ ᠲᠠᠷᠬᠠᠭᠠᠨ᠎ᠠ᠃ | ︵ ᠭᠤᠷᠪᠠ︶ ᠠᠵᠦ ᠦᠢᠯᠡᠰ ᠠᠴᠠ ᠶᠠᠳᠠᠭᠤ ᠠᠴᠠ ᠠᠩᠬᠢᠵᠢᠷᠠᠭᠤᠯᠬᠤ ᠱᠠᠩᠨᠠᠯ ᠪᠠ ᠨᠦᠬᠦᠪᠦᠷᠢ ᠶᠢᠨ | ᠨᠦᠬᠦᠪᠦᠷᠢᠯᠡᠬᠦ ᠠᠷᠭ᠎ᠠ | ᠠᠵᠦ ᠦᠢᠯᠡᠰ ᠠᠴᠠ ᠶᠠᠳᠠᠭᠤ ᠠᠴᠠ ᠠᠩᠬᠢᠵᠢᠷᠠᠭᠤᠯᠬᠤ ᠲᠦᠷᠦᠯ ᠵᠦᠢᠯ ᠬᠢᠨᠡᠨ ᠰᠢᠯᠭᠠᠯᠳᠠ ᠳᠤ | ᠲᠡᠩᠴᠡᠭᠰᠡᠨ ᠤ ᠳᠠᠷᠠᠭ᠎ᠠ ᠡᠯ᠎ᠡ ᠲᠤᠰᠬᠤᠨ ᠠᠴᠠ ᠬᠤᠰᠢᠭᠤᠨ ᠤ ᠶᠠᠳᠠᠭᠤ ᠶᠢ ᠳᠡᠳᠬᠦᠬᠦ ᠠᠯᠪᠠᠨ ᠭᠡᠷ ᠲᠤ ᠳᠡᠩᠰᠠ | ᠮᠡᠳᠡᠬᠦᠯᠦᠨ᠎ᠡ᠂ ᠳᠠᠩᠰᠠ ᠮᠡᠳᠡᠬᠦᠯᠬᠦ ᠳᠤ ᠭᠡᠷᠡᠭᠯᠡᠬᠦ ᠮᠠᠲ᠋ᠧᠷᠢᠶᠠᠯ᠄ | 1. ᠭᠠᠴᠠᠭ᠎ᠠ ᠲᠤᠰᠬᠤᠨ ᠤ ᠳᠡᠰ ᠤᠨ ᠭᠡᠷᠡᠭᠵᠢᠬᠦᠯᠬᠦ ᠲᠦᠰᠦᠯ᠃ | 2. ᠰᠣᠮᠤ ᠰᠢᠶᠠᠩ ᠪᠠᠯᠭᠠᠰᠤ ᠠᠵᠦ ᠦᠢᠯᠡᠳᠪᠦᠷᠢ ᠶᠢᠨ ᠬᠠᠮᠢᠶᠠᠷᠤᠯᠳᠠ ᠲᠤᠭᠤᠷᠢᠭ ᠠᠴᠠ ᠲᠦᠷᠦᠯ ᠵᠦᠢᠯ ᠳᠤ | ᠬᠠᠷᠢᠭᠤᠯᠤᠭᠰᠠᠨ ᠴᠤᠬᠤᠯᠠᠪᠦᠷᠢ᠃ | 3. ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠶᠠᠳᠠᠭᠤ ᠶᠢ ᠳᠡᠳᠬᠦᠬᠦ ᠲᠦᠷᠦᠯ ᠵᠦᠢᠯ ᠤᠨ ᠬᠢᠨᠡᠨ | ᠰᠢᠯᠭᠠᠭᠰᠠᠨ ᠮᠡᠳᠡᠬᠦᠯᠦᠯᠳᠠ᠃ | 4. ᠶᠠᠳᠠᠭᠤ ᠶᠢ ᠳᠡᠳᠬᠦᠬᠦ ᠲᠦᠷᠦᠯ ᠵᠦᠢᠯ ᠳᠤ ᠶᠠᠳᠠᠭᠤ ᠬᠦᠴᠢᠷᠳᠡᠯᠳᠠᠢ ᠡᠷᠦᠬᠡ ᠶᠢᠨ ᠨᠦᠬᠦᠪᠦᠷᠢ ᠭᠤᠶᠤᠴᠢᠯᠠᠬᠤ | ᠬᠦᠰᠦᠨᠦᠭᠳᠤ᠃ | 5. ᠶᠠᠳᠠᠭᠤ ᠶᠢ ᠳᠡᠳᠬᠦᠬᠦ ᠲᠦᠷᠦᠯ ᠵᠦᠢᠯ ᠳᠤ ᠶᠠᠳᠠᠭᠤ ᠬᠦᠴᠢᠷᠳᠡᠯᠳᠠᠢ ᠡᠷᠦᠬᠡ ᠶᠢᠨ ᠨᠦᠬᠦᠪᠦᠷᠢ ᠮᠦᠩᠬᠦ ᠶᠢᠨ | ᠬᠤᠷᠢᠶᠠᠩᠭᠤᠢ ᠬᠦᠰᠦᠨᠦᠭᠳᠤ᠃ | ᠨᠡᠢᠮᠠ᠄ ᠪᠠᠳᠤᠯᠭ᠎ᠠ ᠶᠢᠨ ᠠᠷᠭ᠎ᠠ ᠬᠡᠮᠵᠢᠶ᠎ᠠ | ︵ ᠨᠢᠬᠡ ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠬᠤ᠃ ᠪᠦᠬᠦ ᠬᠤᠰᠢᠭᠤᠨ ᠤ | ᠠᠵᠦ ᠦᠢᠯᠡᠰ ᠠᠴᠠ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠪᠤᠭᠤᠮᠳᠠ ᠰᠢᠪᠳᠤᠯᠬᠦ ᠠᠵᠢᠯ ᠢ ᠨᠢᠬᠡᠳᠦᠯᠳᠠᠢ | ᠲᠦᠯᠦᠪᠵᠢᠬᠦᠯᠬᠦ ᠶᠢᠨ ᠲᠦᠯᠦᠬᠡ᠂ ᠬᠤᠰᠢᠭᠤᠨ ᠤ ᠵᠠᠰᠠᠭ ᠤᠨ ᠣᠷᠳᠣᠨ ᠠᠴᠠ ᠠᠵᠦ ᠦᠢᠯᠡᠰ ᠠᠴᠠ ᠤᠨᠢᠨ | ᠳᠡᠭᠡᠷ᠎ᠡ ᠨᠢ ᠶᠠᠳᠠᠭᠤ ᠶᠢ ᠳᠡᠳᠬᠦᠬᠦ ᠪᠤᠭᠤᠮᠳᠠ ᠰᠢᠪᠳᠤᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠦ᠂ | ᠳᠤᠭᠤᠶᠢᠯᠠᠩ ᠤᠨ ᠳᠠᠷᠤᠭ᠎ᠠ ᠨᠢ ᠬᠤᠰᠢᠭᠤᠨ ᠤ ᠵᠠᠰᠠᠭ ᠤᠨ ᠤᠷᠳᠤᠨ ᠤ ᠬᠤᠪᠢᠶᠠᠷᠢᠯᠠᠨ ᠬᠠᠮᠢᠶᠠᠷᠬᠤ | ᠤᠳᠤᠷᠢᠳᠤᠯᠭ᠎ᠠ ᠪᠠᠶᠢᠵᠦ᠂ ᠤᠳᠤᠷᠢᠳᠤᠬᠤ ᠳᠤᠭᠤᠶᠢᠯᠠᠩ ᠤᠨ ᠠᠯᠪᠠᠨ ᠭᠡᠷ ᠢ ᠲᠠᠷᠢᠶᠠᠯᠠᠩ ᠮᠠᠯ ᠠᠵᠦ ᠠᠬᠤᠢ ᠶᠢᠨ | ᠳᠤᠪᠴᠢᠶᠠᠨ ᠳᠤ ᠪᠠᠶᠢᠭᠤᠯᠵᠦ᠂ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠳᠤᠪᠴᠢᠶᠠᠨ ᠳᠠᠷᠤᠭ᠎ᠠ ᠶᠢ | ᠠᠯᠪᠠᠨ ᠭᠡᠷ ᠤᠨ ᠳᠠᠷᠤᠭ᠎ᠠ ᠪᠠᠷ ᠲᠣᠮᠢᠯᠠᠨ᠎ᠠ᠃ | ︵ ᠬᠤᠶᠠᠷ︶ ᠰᠢᠨ᠎ᠡ ᠶᠢ ᠡᠬᠦᠳᠬᠦ ᠳᠤᠷᠰᠢᠯᠳᠠ ᠶᠢᠨ ᠴᠢᠭ᠋ ᠢ ᠪᠦᠬᠦ ᠲᠠᠯ᠎ᠠ ᠪᠠᠷ ᠠᠬᠢᠭᠤᠯᠬᠤ᠃ ᠡᠯ᠎ᠡ ᠰᠤᠮᠤ | ᠰᠢᠶᠠᠩ ᠪᠠᠯᠭᠠᠰᠤ ᠠᠵᠦ ᠦᠢᠯᠡᠰ ᠠᠴᠠ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠠᠵᠢᠯ ᠢ ᠭᠤᠤᠯᠴᠢᠯᠠᠨ᠂ ᠵᠢᠯ | ᠪᠦᠷᠢ ᠪᠠᠭ᠎ᠠ ᠳᠠᠭᠠᠨ1 ᠠᠴᠠ ᠳᠡᠭᠡᠭᠰᠢ ᠠᠵᠦ ᠦᠢᠯᠡᠰ ᠠᠴᠠ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ | ᠳᠤᠷᠰᠢᠯᠳᠠ ᠶᠢᠨ ᠴᠢᠭ᠋ ᠢ ᠪᠤᠶᠢᠵᠢᠭᠤᠯᠤᠨ᠎ᠠ᠃ | ︵ ᠭᠤᠷᠪᠠ︶ ᠳᠤᠰᠠᠯᠠᠨ ᠳᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠃ ᠬᠠᠮᠢᠶ᠎ᠠ ᠪᠦᠬᠦᠢ | ᠪᠠᠶᠢᠭᠤᠯᠤᠭ᠎ᠠ ᠠᠴᠠ ᠠᠵᠦ ᠦᠢᠯᠡᠰ ᠠᠴᠠ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠲᠦᠷᠦᠯ ᠵᠦᠢᠯ ᠢ ᠶᠠᠳᠠᠭᠤ | ᠬᠦᠴᠢᠷᠳᠡᠯᠳᠠᠢ ᠲᠤᠰᠬᠤᠨ ᠶᠠᠳᠠᠭᠤ ᠬᠦᠴᠢᠷᠳᠡᠯᠳᠠᠢ ᠡᠷᠦᠬᠡ ᠳᠤ ᠬᠠᠨᠳᠤᠭᠤᠯᠤᠨ ᠪᠦᠳᠤᠭᠡᠨ ᠪᠠᠶᠢᠭᠤᠯᠤᠨ᠎ᠠ᠃ | ︵ ᠲᠦᠷᠪᠡ︶ ᠭᠤᠷᠪᠠᠳᠤᠭᠠᠷ ᠲᠠᠯ᠎ᠠ ᠶᠢᠨ ᠬᠢᠨᠡᠨ ᠬᠠᠮᠢᠶᠠᠷᠬᠤ ᠪᠠᠶᠢᠭᠤᠯᠤᠮᠵᠢ ᠶᠢ ᠤᠷᠤᠭᠤᠯᠬᠤ᠃ ᠬᠠᠤᠯᠢ | ᠪᠤᠰᠤ ᠪᠠᠷ ᠤᠯᠤᠰ ᠤᠨ ᠶᠠᠳᠠᠭᠤ ᠶᠢ ᠳᠡᠳᠬᠦᠬᠦ ᠪᠡᠯᠡ ᠮᠦᠩᠬᠦ ᠶᠢ ᠬᠤᠨᠵᠢᠨ ᠠᠪᠤᠭᠰᠠᠨ ᠶᠠᠳᠠᠭᠤ ᠬᠦᠴᠢᠷᠳᠡᠯᠳᠠᠢ | ᠡᠷᠦᠬᠡ ᠶᠢ ᠡᠷᠬᠡᠪᠰᠢ ᠴᠢᠩᠭ᠎ᠠ ᠬᠦᠨᠳᠤ ᠪᠠᠷ ᠰᠢᠳᠭᠡᠵᠦ ᠂ ᠡᠬᠦᠨ ᠤ ᠬᠠᠮᠳᠤ ᠬᠠᠤᠯᠢ ᠪᠤᠰᠤ ᠪᠠᠷ ᠤᠯᠤᠰ ᠤᠨ | ᠶᠠᠳᠠᠭᠤ ᠶᠢ ᠳᠡᠳᠬᠦᠬᠦ ᠪᠡᠯᠡ ᠮᠦᠩᠬᠦ ᠶᠢ ᠬᠠᠪᠰᠤᠷᠤᠨ ᠬᠤᠨᠵᠢᠨ ᠠᠪᠤᠭᠰᠠᠨ ᠪᠤᠰᠤᠳ ᠡᠷᠦᠬᠡ ᠲᠠᠢ ᠨᠢᠬᠡ ᠵᠡᠷᠭᠡ | ᠰᠢᠳᠬᠡᠨ᠂ ᠴᠢᠬᠤᠯᠠ ᠲᠠᠢ ᠦᠶᠡᠰ ᠬᠠᠤᠯᠢ ᠴᠠᠭᠠᠵᠠ ᠶᠢᠨ ᠪᠠᠶᠢᠭᠤᠯᠭ᠎ᠠ ᠳᠤ ᠭᠦᠷᠭᠡᠨ᠎ᠡ᠃ | ᠶᠢᠰᠦ᠄ ᠳᠤᠰ ᠲᠦᠰᠦᠯ ᠢ ᠴᠠᠬᠠᠷ ᠪᠠᠷᠠᠭᠤᠨ ᠭᠠᠷᠤᠨ ᠳᠤᠮᠳᠠᠳᠣ ᠬᠤᠰᠢᠭᠤᠨ ᠤ ᠶᠠᠳᠠᠭᠤ ᠶᠢ ᠳᠡᠳᠬᠦᠬᠦ | ᠨᠡᠭᠡᠭᠡᠯᠳᠠ ᠬᠦᠭᠵᠢᠭᠦᠯᠦᠯᠲᠡ ᠶᠢᠨ ᠤᠳᠣᠷᠢᠳᠬᠤ ᠲᠤᠭᠤᠶᠢᠯᠠᠩ ᠠᠴᠠ ᠬᠠᠷᠢᠭᠤᠴᠠᠨ ᠳᠠᠶᠢᠯᠪᠤᠷᠢᠯᠠᠨ᠎ᠠ᠃ | ᠳᠠᠭᠠᠯᠳᠤᠯ᠄ | 1. ︿︿ᠶᠠᠳᠠᠭᠤ ᠶᠢ ᠳᠡᠳᠬᠦᠬᠦ ᠲᠦᠷᠦᠯ ᠵᠦᠢᠯ ᠤᠨ ᠱᠠᠩᠨᠠᠯ ᠨᠦᠬᠦᠪᠦᠷᠢ ᠶᠢᠨ ᠭᠠᠷᠴᠠᠭ﹀﹀ | 2. ︿︿ᠶᠠᠳᠠᠭᠤ ᠬᠦᠴᠢᠷᠳᠡᠯᠳᠠᠢ ᠡᠷᠦᠬᠡ ᠶᠢᠨ ᠲᠦᠷᠦᠯ ᠵᠦᠢᠯ ᠤᠨ ᠰᠤᠩᠭᠤᠯᠳᠠ ᠶᠢᠨ ᠬᠦᠰᠦᠨᠦᠭᠳᠤ﹀﹀ | 3. ︿︿ — ᠭᠠᠴᠠᠭ᠎ᠠ ᠲᠤᠰᠬᠤᠨ ᠤ ᠶᠠᠳᠠᠭᠤ ᠶᠢ ᠳᠡᠳᠬᠦᠬᠦ ᠲᠦᠷᠦᠯ ᠵᠦᠢᠯ ᠤᠨ ᠬᠢᠨᠠᠨ ᠰᠢᠯᠭᠠᠬᠤ | ᠬᠦᠰᠦᠨᠦᠭᠳᠤ﹀﹀ | 4. ︿︿ᠶᠠᠳᠠᠭᠤ ᠶᠢ ᠳᠡᠳᠬᠦᠬᠦ ᠲᠦᠷᠦᠯ ᠵᠦᠢᠯ ᠤᠨ ᠠᠪᠤᠯᠳᠠ ᠳᠤ ᠳᠡᠩᠴᠡᠭᠰᠡᠨ ᠬᠡᠷᠡᠴᠢᠯᠡᠯᠭᠡ﹀﹀ | 5. ︿︿ᠶᠠᠳᠠᠭᠤ ᠶᠢ ᠳᠡᠳᠬᠦᠬᠦ ᠲᠦᠷᠦᠯ ᠵᠦᠢᠯ ᠳᠤ ᠶᠠᠳᠠᠭᠤ ᠬᠦᠴᠢᠷᠳᠡᠯᠳᠠᠢ ᠡᠷᠦᠬᠡ ᠶᠢᠨ ᠨᠦᠬᠦᠪᠦᠷᠢ | ᠭᠤᠶᠤᠴᠢᠯᠠᠬᠤ ᠬᠦᠰᠦᠨᠦᠭᠳᠤ﹀﹀ | 6. ︿︿ᠶᠠᠳᠠᠭᠤ ᠶᠢ ᠳᠡᠳᠬᠦᠬᠦ ᠲᠦᠷᠦᠯ ᠵᠦᠢᠯ ᠳᠤ ᠶᠠᠳᠠᠭᠤ ᠬᠦᠴᠢᠷᠳᠡᠯᠳᠠᠢ ᠡᠷᠦᠬᠡ ᠶᠢᠨ ᠨᠦᠬᠦᠪᠦᠷᠢ ᠮᠦᠩᠬᠦ ᠶᠢᠨ | ᠬᠤᠷᠢᠶᠠᠩᠭᠤᠢ ᠬᠦᠰᠦᠨᠦᠭᠳᠤ﹀﹀ | ᠣᠷᠴᠢᠭᠤᠯᠣᠭᠴᠢ᠄ ᠣᠳᠣᠩᠭᠤᠸ᠎ᠠ | |