ᠤᠰᠤᠳᠣ ᠪᠠᠯᠭᠠᠰᠤᠨ ᠤ ᠬᠠᠤᠯᠢ ᠡᠷᠬᠢᠯᠡᠬᠦ ᠰᠠᠯᠪᠤᠷᠢ᠄ ᠡᠬᠢᠯᠡᠯᠳᠠ ᠠᠴᠠ ᠨᠢ ᠠᠳᠬᠤᠵᠦ᠂ ᠦᠵᠡᠯ ᠰᠠᠨᠠᠭᠠᠨ ᠤ ᠬᠦᠮᠦᠵᠢᠯ ᠤᠨ ᠪᠤᠯᠪᠠᠰᠤᠷᠠᠯ ᠢ ᠶᠠᠭᠡᠪᠡᠷ ᠴᠢᠩᠭᠠᠳᠬᠤᠬᠤ
ᠨᠡᠶᠢᠲᠡᠯᠡᠭᠰᠡᠨ ᠴᠠᠭ᠄
2018-03-06
      ᠣᠶᠢᠷ᠎ᠠ ᠳᠤ  ᠂ ᠤᠰᠤᠳᠤ ᠶᠢᠨ  ᠬᠠᠣᠯᠢ ᠴᠠᠭᠠᠵᠠ ᠶᠢᠨ ᠰᠠᠯᠪᠤᠷᠢ ᠠᠴᠠ ᠨᠡᠶᠢᠭᠡᠮ ᠲᠤᠭᠤᠷᠢᠭ ᠤᠨ ᠵᠠᠰᠠᠨ ᠬᠦᠮᠦᠵᠢᠬᠦᠯᠬᠦ ᠬᠦᠮᠦᠰ ᠢ ᠵᠤᠬᠢᠶᠠᠨ ᠪᠠᠶᠢᠭᠤᠯᠵᠦ᠂ ᠦᠵᠡᠯ ᠰᠠᠨᠠᠭᠠᠨ ᠤ ᠬᠦᠮᠦᠵᠢᠯ ᠤᠨ ᠪᠤᠯᠪᠠᠰᠤᠷᠠᠯ ᠬᠢᠪᠡ᠃ ᠪᠣᠯᠪᠠᠰᠤᠷᠠᠯ ᠤᠨ ᠬᠤᠷᠠᠯ ᠳᠤ ᠠᠵᠢᠯᠳᠠᠨ ︿︿ᠨᠡᠶᠢᠭᠡᠮ ᠲᠣᠭᠤᠷᠢᠭ ᠤᠨ ᠵᠠᠰᠠᠨ ᠬᠦᠮᠦᠵᠢᠭᠦᠯᠦᠯᠳᠡ ᠶᠢᠨ ᠭᠡᠷᠡᠭᠵᠢᠭᠦᠯᠬᠦ ᠠᠷᠭ᠎ᠠ﹀﹀ ᠶᠢ ᠦᠨᠳᠤᠰᠦᠯᠡᠨ ᠵᠠᠰᠠᠨ ᠭᠦᠮᠦᠵᠢᠬᠦᠯᠬᠦ ᠭᠦᠮᠦᠰ ᠲᠤ ᠨᠡᠶᠢᠬᠡᠮ ᠲᠤᠭᠤᠷᠢᠭ ᠤᠨ ᠵᠠᠰᠠᠨ ᠬᠦᠮᠦᠵᠢᠬᠦᠯᠬᠦ ᠶᠠᠪᠤᠴᠠ ᠳᠤ ᠡᠷᠬᠡᠪᠰᠢ ᠭᠦᠢᠴᠡᠳᠭᠡᠬᠦ ᠠᠯᠪᠠᠨ ᠡᠭᠦᠷᠭᠡ ᠪᠠ ᠱᠠᠭᠠᠷᠳᠠᠯᠭ᠎ᠠ ᠳᠤ ᠨᠠᠷᠢᠨ ᠲᠠᠶᠢᠯᠪᠤᠷᠢ ᠬᠢᠵᠦ᠂ ᠨᠡᠶᠢᠭᠡᠮ ᠲᠣᠭᠤᠷᠢᠭ ᠤᠨ ᠵᠠᠰᠠᠨ ᠬᠦᠮᠦᠵᠢᠬᠦᠯᠬᠦ ᠣᠶᠢᠯᠠᠭᠠᠭᠳᠠᠬᠤᠨ᠂ ᠤᠳᠬ᠎ᠠ ᠠᠭᠤᠯᠭ᠎ᠠ ᠵᠢᠴᠢ ᠬᠢᠷᠬᠢᠨ ᠨᠡᠶᠢᠭᠡᠮ ᠲᠤᠭᠤᠷᠢᠭ ᠤᠨ ᠵᠠᠰᠠᠨ ᠬᠦᠮᠦᠵᠢᠬᠦᠯᠬᠦ ᠶᠢ ᠬᠦᠯᠢᠶᠡᠨ ᠠᠪᠬᠤ ᠪᠠ ᠵᠠᠰᠠᠨ ᠬᠦᠮᠦᠵᠢᠬᠦᠯᠬᠦ ᠶᠢ ᠳᠡᠯᠪᠡᠴᠢᠭᠰᠡᠨ ᠦᠷ᠎ᠡ ᠨᠦᠯᠦᠭᠡ ᠭᠡᠬᠦ ᠮᠡᠳᠤ ᠶᠢᠨ ᠲᠠᠯ᠎ᠠ ᠪᠠᠷ ᠰᠡᠷᠡᠮᠵᠢ ᠶᠢᠨ ᠬᠦᠮᠦᠵᠢᠯ ᠶᠠᠪᠤᠭᠳᠠᠭᠤᠯᠵᠤ᠂ ᠨᠡᠶᠢᠭᠡᠮ ᠲᠤᠭᠤᠷᠢᠭ ᠵᠠᠰᠠᠨ ᠬᠦᠮᠦᠵᠢᠬᠦᠯᠬᠦ ᠬᠦᠮᠦᠰ ᠤᠨ ︿︿ ᠶᠠᠭᠤ ᠬᠢᠵᠦ ᠪᠣᠯᠬᠤ᠂ ᠶᠠᠭᠤ ᠬᠢᠵᠦ ᠪᠣᠯᠬᠤ ᠦᠢᠬᠡᠢ᠂ ᠬᠡᠷᠬᠢᠵᠦ ᠬᠢᠪᠡᠯ ᠵᠣᠬᠢᠬᠤ﹀﹀ ᠭᠡᠳᠡᠭ ᠢ ᠣᠶᠢᠯᠠᠭᠠᠭᠤᠯᠤᠯᠪᠠ᠃ ᠲᠤᠰ ᠤᠳᠠᠭᠠᠨ ᠤ ᠰᠣᠯᠢᠯᠴᠠᠭ᠎ᠠ ᠪᠠᠷ ᠳᠠᠮᠵᠢᠨ ᠵᠠᠰᠠᠨ ᠬᠦᠮᠦᠵᠢᠬᠦᠯᠬᠦ ᠬᠦᠮᠦᠰ ᠤᠨ ᠦᠵᠡᠯ ᠤᠬᠠᠮᠰᠠᠷ ᠠᠵᠢᠯ ᠠᠮᠢᠳᠤᠷᠠᠯᠭ᠎ᠠ ᠪᠠ ᠭᠡᠷ ᠵᠠᠭᠤᠷ᠎ᠠ ᠶᠢᠨ ᠪᠠᠶᠢᠳᠠᠯ ᠢ ᠨᠢ ᠣᠶᠢᠯᠠᠭᠠᠵᠦ᠂ ᠳᠡᠳᠡᠨᠡᠷ ᠤᠨ ᠪᠣᠳᠠᠳᠤ ᠪᠠᠶᠢᠳᠠᠯ ᠳᠤ ᠵᠤᠬᠢᠴᠠᠭᠤᠯᠤᠨ ᠦᠪᠡᠷ ᠤᠨ ᠰᠤᠷᠤᠯᠴᠠᠯᠯᠠᠭ᠎ᠠ ᠪᠠ ᠬᠠᠤᠯᠢ ᠴᠠᠭᠠᠵᠠ ᠶᠢᠨ ᠤᠬᠠᠮᠰᠠᠷ ᠢᠶᠠᠨ ᠴᠢᠩᠭᠠᠳᠬᠠᠬᠤ ᠲᠠᠯ᠎ᠠ ᠪᠠᠷ ᠢᠳᠡᠪᠬᠢᠳᠠᠢ ᠳᠠᠭᠠᠭᠤᠯᠪᠠ᠃                      ᠵᠣᠬᠢᠶᠠᠭᠴᠢ᠄   ᠯᠢᠦ ᠶᠥᠩ                      ᠣᠷᠴᠢᠭᠤᠯᠣᠭᠴᠢ᠄ ᠣᠳᠣᠩᠭᠤᠸ᠎ᠠ
 
ᠢᠷᠡᠯᠲᠡ᠄ ᠬᠠᠣᠯᠢ ᠴᠠᠭᠠᠵᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号