2018 ᠣᠨ ᠤ ᠪᠦᠬᠦ ᠤᠯᠤᠰ ᠤᠨ ᠬᠤᠶᠠᠷ ᠬᠤᠷᠠᠯ ᠠᠴᠠ ᠠᠷᠠᠳ ᠣᠯᠠᠨ ᠤ ᠰᠢᠨ᠎ᠡ ᠣᠯᠣᠯᠲᠠ  ᠬᠦᠷᠲᠡᠭᠡᠮᠵᠢ ᠶᠢ ᠣᠶᠢᠯᠠᠭᠠᠶ᠎ᠠ
ᠨᠡᠶᠢᠲᠡᠯᠡᠭᠰᠡᠨ ᠴᠠᠭ᠄
2018-04-19
    ᠰᠢᠨᠬᠤᠸᠠ ᠬᠤᠷᠢᠶᠠᠨ ᠤ ᠮᠡᠳᠡᠭᠡ᠄ ᠠᠷᠠᠳ ᠤᠨ ᠠᠮᠢᠳᠤᠷᠠᠯ ᠢ ᠬᠦᠴᠦᠲᠡᠢ ᠪᠠᠲᠤᠯᠠᠨ ᠰᠠᠶᠢᠵᠢᠷᠠᠭᠤᠯᠵᠤ  ᠣᠯᠠᠨ ᠲᠦᠮᠡᠨ ᠤ ᠬᠠᠮᠤᠭ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠨᠢᠭᠡ ᠨᠢᠭᠡᠳ ᠢᠶᠠᠷ ᠰᠠᠶᠢᠨ  ᠰᠢᠢᠳᠪᠦᠷᠢᠯᠡᠬᠦ ᠬᠡᠷᠡᠭᠲᠡᠢ᠃ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠵᠠᠰᠠᠭ ᠤᠨ ᠣᠷᠳᠣᠨ ᠤ  ᠠᠵᠢᠯ ᠤᠨ ᠢᠯᠡᠳᠬᠡᠯ᠂ ᠠᠷᠠᠳ ᠤᠨ ᠳᠡᠭᠡᠳᠦ ᠰᠢᠭᠦᠬᠦ ᠬᠤᠷᠢᠶ᠎ᠠ ᠪᠣᠯᠣᠨ ᠠᠷᠠᠳ ᠤᠨ ᠳᠡᠭᠡᠳᠦ ᠪᠠᠶᠢᠴᠠᠭᠠᠬᠤ  ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠶᠠᠷᠢᠯᠴᠠᠵᠤ᠂ ᠦᠨᠳᠦᠰᠦᠨ ᠬᠠᠤᠯᠢ ᠳᠤ ᠵᠠᠰᠠᠪᠤᠷᠢ  ᠣᠷᠣᠭᠤᠯᠤᠭᠰᠠᠨ ᠲᠥᠰᠥᠯ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ  ᠲᠥᠰᠥᠯ ᠢ ᠬᠢᠨᠠᠨ ᠵᠥᠪᠯᠡᠵᠦ ᠪᠠᠲᠤᠯᠠᠬᠤ ᠶᠢ ᠳᠠᠭᠠᠯᠳᠤᠨ ᠠᠷᠠᠳ ᠲᠦᠮᠡᠨ ᠳᠤ ᠠᠰᠢᠭ ᠬᠦᠷᠲᠡᠭᠡᠬᠦ ᠠᠯᠢ ᠣᠯᠠᠨ  ᠲᠥᠷᠥ ᠶᠢᠨ ᠪᠣᠳᠣᠯᠭ᠎ᠠ ᠠᠷᠤ ᠠᠷᠤ ᠠᠴᠠ ᠪᠠᠨ ᠭᠠᠷᠤᠭᠰᠠᠨ ᠪᠠᠶᠢᠨ᠎ᠠ᠂ ᠲᠡᠭᠡᠪᠡᠯ 2018 ᠣᠨ ᠳᠤ ᠣᠯᠠᠨ ᠲᠦᠮᠡᠨ  ᠡᠯ᠎ᠡ ᠲᠠᠯ᠎ᠠ ᠪᠠᠷ ᠶᠠᠮᠠᠷ ᠰᠢᠨ᠎ᠡ ᠣᠯᠣᠯᠲᠠ ᠬᠦᠷᠲᠡᠭᠡᠮᠵᠢ ᠲᠠᠢ ᠪᠣᠯᠬᠤ ᠶᠤᠮ ᠪᠣᠯ︖        ᠶᠠᠳᠠᠭᠤ ᠠᠴᠠ ᠠᠩᠭᠢᠵᠢᠷᠠᠭᠤᠯᠬᠤ ᠵᠠᠩᠭᠢᠯᠠᠭ᠎ᠠ ᠶᠢᠨ ᠠᠵᠢᠯ ᠳᠤ ᠢᠯᠠᠯᠲᠠ ᠣᠯᠵᠤ᠂ ᠶᠠᠳᠠᠭᠤ ᠬᠦᠴᠢᠷᠲᠡᠢ  ᠭᠠᠵᠠᠷ ᠣᠷᠣᠨ ᠤ ᠣᠯᠠᠨ ᠲᠦᠮᠡᠨ ᠳᠤ ᠡᠷᠲᠡᠬᠡᠨ ᠰᠠᠶᠢᠨ ᠠᠮᠢᠳᠤᠷᠠᠯ ᠢ ᠡᠳ᠋ᠯᠡᠭᠦᠯᠬᠦ ᠬᠡᠷᠡᠭᠲᠡᠢ᠃ ᠶᠡᠷᠦᠩᠬᠡᠢ ᠱᠦᠵᠢ  ᠰᠢ ᠶᠢᠨ ᠫᠢᠩ 5 ᠤ ᠡᠳᠦᠷ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ  ᠣᠷᠣᠯᠴᠠᠬᠤ ᠦᠶ᠎ᠡ ᠴᠢᠬᠤᠯᠠᠴᠢᠯᠠᠬᠤ ᠳᠠᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠲᠤᠤᠱᠲᠠᠢ  ᠪᠠᠶᠢᠭᠤᠯᠬᠤ ᠶᠢᠨ ᠪᠡᠯᠭᠡ ᠲᠡᠮᠳᠡᠭ ᠤᠨ ᠴᠢᠨᠠᠷᠲᠠᠢ ᠪᠠᠷᠢᠮᠵᠢᠶ᠎ᠠ ᠪᠣᠯ ᠳᠠᠷᠤᠢ ᠬᠥᠳᠡᠭᠡ ᠲᠣᠰᠬᠤᠨ ᠤ ᠶᠠᠳᠠᠭᠤ  ᠬᠦᠴᠢᠷᠲᠡᠢ ᠬᠥᠮᠥᠨ ᠢ ᠪᠦᠬᠦᠨ ᠢ ᠶᠠᠳᠠᠭᠤ ᠠᠴᠠ ᠨᠢ ᠠᠩᠭᠢᠵᠢᠷᠠᠭᠤᠯᠵᠤ᠂ ᠶᠠᠳᠠᠭᠤ ᠬᠦᠴᠢᠷᠲᠡᠢ ᠬᠤᠰᠢᠭᠤ ᠰᠢᠶᠠᠨ  ᠪᠦᠬᠦᠨ ᠢ ᠶᠠᠳᠠᠭᠤ ᠠᠴᠠ ᠨᠢ ᠠᠩᠭᠢᠵᠢᠷᠠᠭᠤᠯᠬᠤ ᠶᠠᠪᠤᠳᠠᠯ ᠪᠣᠯᠣᠨ᠎ᠠ ᠭᠡᠵᠡᠢ᠃           ᠡᠨᠡ ᠵᠢᠯ ᠬᠥᠳᠡᠭᠡ ᠲᠣᠰᠬᠤᠨ ᠤ ᠶᠠᠳᠠᠭᠤ ᠬᠦᠴᠢᠷᠲᠡᠢ ᠬᠥᠮᠥᠨ ᠢ ᠳᠠᠬᠢᠭᠠᠳ 1000 ᠭᠠᠷᠤᠢ ᠲᠦᠮᠡ ᠪᠠᠷ  ᠴᠥᠭᠡᠳᠬᠡᠵᠦ᠂ ᠪᠤᠰᠤᠳ ᠭᠠᠵᠠᠷ ᠲᠤ ᠨᠡᠭᠦᠯᠭᠡᠨ ᠰᠢᠯᠵᠢᠭᠦᠯᠬᠦ ᠪᠠᠷ ᠳᠠᠮᠵᠢᠨ 280 ᠲᠦᠮᠡᠨ ᠬᠥᠮᠥᠨ ᠢ  ᠶᠠᠳᠠᠭᠤ ᠠᠴᠠ ᠠᠩᠭᠢᠵᠢᠷᠠᠭᠤᠯᠬᠤ ᠬᠡᠷᠡᠭᠲᠡᠢ᠃ ᠣᠨᠴᠠ ᠶᠠᠳᠠᠭᠤ ᠭᠠᠵᠠᠷ ᠣᠷᠣᠨ ᠢ ᠳᠡᠮᠵᠢᠬᠦ ᠪᠠᠨ ᠴᠢᠩᠭᠠᠳᠬᠠᠵᠤ᠂  ᠲᠥᠪ ᠤᠨ ᠡᠳ᠋ ᠤᠨ ᠵᠠᠰᠠᠭ ᠠᠴᠠ ᠶᠠᠳᠠᠭᠤ ᠶᠢ ᠲᠡᠳᠬᠦᠬᠦ ᠪᠡᠯᠡ ᠣᠷᠤᠭᠤᠯᠤᠯᠲᠠ ᠪᠠᠨ ᠳᠠᠬᠢᠨ ᠨᠡᠮᠡᠭᠳᠡᠭᠦᠯᠵᠦ᠂  ᠵᠠᠷᠤᠳᠠᠯ ᠢ ᠰᠢᠯᠵᠢᠭᠦᠯᠦᠨ ᠥᠭᠬᠦ ᠳᠡᠭᠡᠨ ᠣᠨᠴᠠ ᠶᠠᠳᠠᠭᠤ ᠭᠠᠵᠠᠷ ᠣᠷᠣᠨ ᠢ ᠢᠯᠡᠭᠦᠬᠡᠨ ᠬᠠᠷᠠᠭᠠᠯᠵᠠᠬᠤ ᠪᠣᠯᠣᠨ᠎ᠠ  ᠭᠡᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠳᠣᠷᠬᠠᠢ ᠠᠮᠠᠯᠠᠭᠰᠠᠨ ᠶᠤᠮ᠃         ᠬᠤᠶᠠᠷ ᠬᠤᠷᠠᠯ ᠤᠨ ᠬᠤᠭᠤᠴᠠᠭᠠᠨ ᠳᠤ᠂ ᠭᠠᠶᠢᠯᠢ ᠲᠠᠲᠠᠪᠤᠷᠢ ᠶᠢ ᠬᠥᠩᠭᠡᠯᠡᠵᠦ ᠰᠦᠢᠳᠬᠡᠯ ᠢ ᠪᠠᠭᠠᠰᠬᠠᠬᠤ  ᠪᠠ ᠡᠵᠡᠩᠨᠡᠯᠲᠡ ᠬᠢᠵᠦ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠡᠷᠬᠡ ᠶᠢ ᠳᠣᠭᠤᠭᠰᠢ  ᠪᠠᠭᠤᠯᠭᠠᠵᠤ᠂ ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ  ᠠᠬᠢᠭᠤᠯᠵᠤ᠂ ᠠᠵᠤ ᠠᠬᠤᠶᠢᠯᠠᠯᠲᠠᠳ ᠤᠨ ᠡᠷᠬᠡ ᠠᠰᠢᠭ ᠪᠣᠯᠣᠨ ᠡᠳ᠋ ᠬᠥᠷᠥᠩᠭᠡ ᠶᠢᠨ ᠠᠶᠤᠯ ᠦᠭᠡᠢ ᠪᠠᠶᠢᠬᠤ ᠶᠢ  ᠪᠠᠲᠤᠯᠠᠨ᠎ᠠ ᠭᠡᠵᠤ ᠳᠤᠷᠠᠳᠤᠭᠰᠠᠨ ᠠᠯᠢ ᠣᠯᠠᠨ ᠥᠭᠡᠷᠡᠴᠢᠯᠡᠯᠲᠡ ᠨᠢ ᠠᠵᠤ ᠠᠬᠤᠶᠢᠯᠠᠯᠲᠠᠳ ᠤᠨ ᠰᠡᠳᠬᠢᠯ  ᠵᠢᠷᠦᠬᠡ ᠶᠢ ᠳᠤᠯᠠᠭᠠᠴᠠᠭᠤᠯᠵᠤ ᠤᠷᠮ᠎ᠠ ᠵᠣᠷᠢᠭ ᠢ ᠬᠥᠪᠴᠢᠯᠡᠭᠰᠡᠨ ᠪᠠᠶᠢᠨ᠎ᠠ᠃           ᠤᠯᠤᠰ ᠤᠨ ᠭᠠᠶᠢᠯᠢ ᠶᠢᠨ ᠶᠡᠷᠦᠩᠬᠡᠢ ᠲᠣᠪᠴᠢᠶᠠᠨ ᠤ ᠳᠠᠷᠤᠭ᠎ᠠ ᠸᠠᠩ ᠵᠢᠶᠦ᠋ᠠ 13 ᠤ ᠡᠳᠦᠷ ᠠᠷᠠᠳ ᠤᠨ  ᠶᠡᠭᠡ ᠬᠤᠷᠠᠯ ᠤᠨ ᠲᠠᠩᠬᠢᠮ ᠳᠠᠬᠢ ᠰᠠᠶᠢᠳ ᠨᠠᠷ ᠢ ᠰᠤᠷᠪᠤᠯᠵᠢᠯᠠᠬᠤ ᠲᠤᠰᠬᠠᠢ ᠣᠷᠤᠴᠠ ᠳᠤ ᠬᠡᠯᠡᠬᠦ ᠳᠡᠭᠡᠨ᠂ ᠡᠨᠡ  ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠭᠠᠶᠢᠯᠢ ᠶᠢᠨ ᠣᠷᠣᠯᠭ᠎ᠠ︾ ᠭᠡᠰᠡᠨ ᠦᠭᠡ ᠶᠢ  ᠨᠡᠶᠢᠲᠡ 31 ᠤᠳᠠᠭ᠎ᠠ ᠳᠤᠷᠠᠳᠴᠤ᠂ ᠡᠭᠦᠨ ᠳᠤ ᠡᠨᠡ ᠵᠢᠯ ᠬᠡᠷᠡᠭᠵᠢᠭᠦᠯᠬᠦ ᠪᠠᠷ ᠪᠠᠶᠢᠭ᠎ᠠ ᠭᠠᠶᠢᠯᠢ ᠶᠢᠨ  ᠥᠭᠡᠷᠡᠴᠢᠯᠡᠯᠲᠡ ᠪᠠ ᠭᠠᠶᠢᠯᠢ ᠶᠢ ᠬᠥᠩᠭᠡᠯᠡᠬᠦ ᠠᠷᠭ᠎ᠠ ᠬᠡᠮᠵᠢᠶ᠎ᠡ 18 ᠪᠠᠶᠢᠵᠤ᠂ ᠬᠤᠭᠤᠴᠠᠭ᠎ᠠ ᠪᠦᠷᠢ ᠶᠢᠨ ᠵᠠᠰᠠᠭ ᠤᠨ  ᠣᠷᠳᠣᠨ ᠤ ᠠᠵᠢᠯ ᠤᠨ ᠢᠯᠡᠳᠬᠡᠯ ᠳᠤ ᠬᠠᠮᠤᠭ ᠠᠴᠠ ᠢᠯᠡᠭᠦᠦ ᠴᠢᠬᠤᠯᠠᠴᠢᠯᠠᠭᠰᠠᠨ ᠨᠢᠭᠡ ᠤᠳᠠᠭ᠎ᠠ ᠪᠣᠯᠣᠭᠰᠠᠨ  ᠪᠠᠶᠢᠨ᠎ᠠ᠃ ᠲᠢᠶᠠᠨᠵᠢᠨ ᠬᠤᠲᠠ ᠶᠢᠨ ᠵᠧᠩ ᠰᠢᠩ ᠾᠧ ᠰᠢᠨ᠎ᠡ ᠡᠨᠧᠷᠭᠢ ᠶᠢᠨ ᠮᠡᠷᠭᠡᠵᠢᠯ ᠤᠨ ᠬᠢᠵᠠᠭᠠᠷᠲᠤ  ᠺᠣᠮᠫᠠᠨᠢ ᠶᠢᠨ ᠬᠠᠷᠢᠭᠤᠴᠠᠯᠭᠠᠲᠠᠨ ᠯᠢ ᠮᠢᠠ ᠬᠡᠯᠡᠬᠦ ᠳᠡᠭᠡᠨ᠂ ᠬᠤᠶᠠᠷ ᠬᠤᠷᠠᠯ ᠨᠢ ᠠᠵᠤ ᠠᠬᠤᠶᠢᠯᠠᠯᠲᠠᠳ ᠢ ᠦᠨᠠᠠᠬᠦ  ᠣᠯᠣᠯᠲᠠ ᠬᠦᠷᠲᠡᠭᠡᠮᠵᠢ ᠲᠠᠢ ᠪᠣᠯᠭᠠᠯ᠎ᠠ ᠭᠡᠵᠡᠢ᠃           ᠢᠨᠲ᠋ᠧᠷ ᠰᠦᠯᠵᠢᠶ᠎ᠡ ᠶᠢ ᠬᠦᠳᠡᠭᠡ ᠠᠵᠣ ᠠᠬᠤᠢ ᠲᠠᠢ ᠣᠶᠠᠯᠳᠣᠭᠤᠯᠣᠨ ᠬᠦᠭᠵᠢᠬᠦᠯᠵᠦ᠂ ᠣᠯᠠᠨ ᠠᠷᠭ᠎ᠠ  ᠵᠠᠮ ᠢᠶᠠᠷ ᠮᠠᠯᠴᠢᠨ ᠳᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠦᠨ᠎ᠡ᠂ ᠭᠡᠷ ᠪᠠᠶᠢᠰᠢᠩ ᠪᠠᠷᠢᠬᠤ ᠭᠠᠵᠠᠷ ᠤᠨ  ᠦᠮᠴᠢᠯᠡᠬᠦ ᠡᠷᠬᠡ᠂ ᠬᠢᠷᠢ ᠬᠡᠮ ᠤᠨ ᠡᠷᠬᠡ᠂ ᠬᠡᠷᠡᠭᠯᠡᠬᠦ ᠡᠷᠬᠡ ᠶᠢ ᠰᠠᠯᠭᠠᠬᠤ ᠦᠬᠡᠷᠡᠴᠢᠯᠡᠯᠳᠡ ᠶᠢ ᠰᠦᠪᠡᠭᠴᠢᠯᠡᠨ᠎ᠡ᠂  ᠣᠰᠣ ᠴᠠᠬᠢᠯᠭᠠᠨ ᠤ ᠬᠠᠩᠭᠠᠯᠭ᠎ᠠ᠂ ᠴᠢᠮᠡᠭᠡ ᠵᠠᠩᠬᠢ ᠵᠡᠷᠬᠡ ᠰᠠᠭᠤᠷᠢ ᠲᠦᠬᠦᠬᠡᠷᠣᠮᠵᠢ ᠶᠢ ᠰᠠᠶᠢᠵᠢᠷᠠᠭᠤᠯᠵᠣ᠂  ᠬᠦᠳᠡᠭᠡ ᠳᠣᠰᠬᠤᠨ ᠳᠤ 20 ᠲᠦᠮᠡᠨ ᠺᠢᠯᠣᠮᠧᠳ᠋ᠷ ᠤᠨ ᠵᠠᠰᠠᠮᠠᠯ ᠵᠠᠮ ᠢ ᠰᠢᠨ᠎ᠡ ᠪᠠᠷ ᠳᠡᠪᠢᠰᠬᠦ ᠪᠣᠶᠣ ᠦᠬᠡᠷᠡᠴᠢᠯᠡᠨ  ᠵᠠᠰᠠᠨ᠎ᠠ᠂ ᠬᠦᠳᠡᠭᠡ ᠳᠣᠰᠬᠤᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠨᠦᠬᠦᠴᠡᠯ ᠢ  ᠦᠬᠡᠷᠡᠴᠢᠯᠡᠨ ᠰᠠᠶᠢᠵᠢᠷᠠᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠳᠣᠭᠳᠠᠭᠤᠨ ᠢᠶᠠᠷ ᠦᠷᠨᠢᠬᠦᠯᠵᠦ᠂ ᠬᠦᠳᠡᠭᠡ  ᠳᠣᠰᠬᠤᠨ ᠤ ᠵᠣᠷᠯᠣᠩ ᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠣᠨ᠎ᠠ᠃ ᠬᠤᠶᠠᠷ ᠬᠤᠷᠠᠯ ᠤᠨ  ᠬᠤᠭᠤᠴᠠᠭᠠᠨ ᠳᠤ ᠬᠦᠳᠡᠭᠡ ᠳᠣᠰᠬᠤᠨ ᠢ ᠰᠡᠷᠬᠦᠬᠡᠨ ᠮᠠᠨᠳᠣᠭᠤᠯᠬᠤ ᠣᠯᠠᠨ ᠠᠷᠭ᠎ᠠ ᠬᠡᠮᠵᠢᠶ᠎ᠡ ᠨᠢ ᠦᠷᠬᠡᠨ ᠣᠯᠠᠨ  ᠮᠠᠯᠴᠢᠨ ᠳᠠᠷᠢᠶᠠᠴᠢᠳ ᠲᠤ ᠦᠨᠡᠨᠬᠦ ᠠᠰᠢᠭ ᠬᠦᠷᠳᠡᠬᠡᠭᠰᠡᠨ ᠪᠠᠶᠢᠨ᠎ᠠ᠃ ᠪᠦᠬᠦ ᠣᠯᠣᠰ ᠤᠨ ᠠᠷᠠᠳ ᠤᠨ  ᠲᠦᠯᠦᠬᠡᠯᠡᠭᠴᠢ᠂ ᠦᠬᠠᠨ ᠬᠤᠲᠠ ᠶᠢᠨ ᠰᠢᠨ ᠵᠸᠣ ᠳᠣᠭᠤᠷᠢᠭ ᠤᠨ ᠴᠧᠨ ᠢᠦᠢ ᠳᠣᠰᠬᠤᠨ ᠤ ᠨᠠᠮ ᠤᠨ ᠡᠬᠦᠷ ᠤᠨ  ᠱᠦᠵᠢ ᠵᠠᠩ ᠸᠧᠨ ᠰᠢ ᠬᠡᠯᠡᠬᠦ ᠳᠡᠭᠡᠨ᠂ ᠬᠦᠳᠡᠭᠡ ᠳᠣᠰᠬᠤᠨ ᠢ ᠰᠡᠷᠬᠦᠬᠡᠨ ᠮᠠᠨᠳᠣᠭᠤᠯᠬᠤ ᠪᠠᠶᠢᠯᠳᠣᠬᠤ  ᠪᠣᠳᠣᠯᠭ᠎ᠠ ᠶᠢ ᠠᠬᠢᠭᠤᠯᠬᠤ ᠶᠢ ᠳᠠᠭᠠᠯᠳᠣᠨ᠂ ᠳᠠᠷᠢᠶᠠᠴᠢᠳ ᠤᠨ ᠣᠷᠣᠯᠭ᠎ᠠ ᠨᠡᠮᠡᠭᠳᠡᠵᠦ᠂ ᠰᠠᠭᠤᠷᠢ  ᠲᠦᠬᠦᠬᠡᠷᠣᠮᠵᠢ ᠶᠢᠨ ᠪᠠᠶᠢᠭᠤᠯᠣᠯᠳᠠ ᠰᠠᠶᠢᠵᠢᠷᠠᠨ᠂ ᠳᠣᠮᠳᠠᠳᠣ ᠣᠯᠣᠰ ᠤᠨ ᠬᠦᠳᠡᠭᠡ ᠳᠣᠰᠬᠤᠨ ᠨᠡᠩ  ᠦᠵᠡᠰᠬᠦᠯᠡᠩᠳᠣ ᠰᠠᠶᠢᠬᠠᠨ ᠪᠣᠯᠬᠤ ᠨᠢ ᠯᠠᠪᠳᠠᠢ ᠶᠣᠮ ᠬᠡᠵᠡᠢ᠃          ᠨᠠᠰᠣᠵᠢᠯ ᠤᠨ ᠠᠰᠠᠭᠤᠳᠠᠯ ᠢ ᠶᠠᠭᠠᠬᠢᠵᠣ ᠰᠢᠢᠳᠪᠦᠷᠢᠯᠡᠬᠦ ᠨᠢ ᠡᠨᠡ ᠵᠢᠯ ᠤᠨ ᠬᠤᠶᠠᠷ ᠬᠤᠷᠠᠯ ᠤᠨ ᠠᠷᠠᠳ ᠤᠨ  ᠠᠮᠢᠳᠣᠷᠠᠯ ᠤᠨ ᠴᠠᠷ ᠬᠦᠷᠢᠶᠡᠨ ᠳᠠᠬᠢ ᠴᠢᠬᠤᠯᠠ ᠵᠦᠪᠯᠡᠬᠦ ᠵᠦᠢᠯ ᠪᠣᠯᠣᠨ᠎ᠠ᠃ ᠳᠣᠰ ᠡᠬᠡᠯᠵᠢᠨ ᠤ ᠲᠦᠷᠦ ᠶᠢᠨ  ᠶᠠᠪᠣᠳᠠᠯ ᠤᠨ ᠬᠤᠷᠢᠶᠠᠨ ᠤ ᠪᠠᠶᠢᠭᠤᠯᠣᠮᠵᠢ ᠶᠢᠨ ᠦᠬᠡᠷᠡᠴᠢᠯᠡᠯᠳᠡ ᠳᠤ ᠣᠯᠣᠰ ᠤᠨ ᠡᠷᠡᠬᠦᠯ ᠬᠠᠮᠠᠭᠠᠯᠠᠯ ᠡᠷᠡᠬᠦᠯ  ᠮᠡᠨᠳᠣ ᠶᠢᠨ ᠺᠣᠮᠢᠰ ᠢ ᠡᠮᠬᠢᠯᠡᠨ ᠪᠠᠶᠢᠭᠤᠯᠵᠣ᠂ ᠬᠦᠮᠦᠨ ᠠᠮᠠ ᠶᠢᠨ ᠨᠠᠰᠣᠵᠢᠯ ᠤᠨ ᠠᠰᠠᠭᠤᠳᠠᠯ᠂ ᠡᠮᠴᠢᠯᠡᠬᠡᠨ ᠤ  ᠦᠢᠯᠡᠴᠢᠯᠡᠭᠡ ᠪᠠ ᠨᠠᠰᠣᠳᠠᠶᠢᠴᠣᠳ ᠤᠨ ᠠᠰᠠᠷᠠᠮᠵᠢ ᠶᠢᠨ ᠪᠠᠶᠢᠭᠤᠯᠣᠮᠵᠢ ᠶᠢ ᠣᠶᠠᠯᠳᠣᠭᠤᠯᠬᠤ ᠵᠡᠷᠬᠡ ᠲᠦᠷᠦ ᠶᠢᠨ  ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠣᠭᠤᠷᠪᠢᠨ ᠳᠣᠭᠳᠠᠭᠠᠬᠤ ᠡᠬᠦᠷᠬᠡ ᠬᠠᠷᠢᠭᠤᠴᠠᠯᠭ᠎ᠠ ᠶᠢ ᠬᠦᠢᠴᠡᠳᠬᠡᠬᠦ  ᠪᠣᠯᠣᠨ᠎ᠠ᠃         ᠡᠨᠡ ᠵᠢᠯ ᠤᠨ ᠶᠡᠭᠡ ᠳᠡᠬᠡᠳᠣ ᠰᠣᠷᠭᠠᠭᠤᠯᠢ ᠳᠡᠬᠦᠰᠬᠦ 820 ᠭᠠᠷᠣᠢ ᠲᠦᠮᠡᠨ ᠣᠶᠣᠳᠠᠨ ᠳᠤ ᠠᠪᠴᠣ  ᠬᠡᠯᠡᠪᠡᠯ᠂ ᠰᠠᠨᠠᠭᠠᠨ ᠳᠤ ᠳᠠᠭᠠᠷᠠᠭᠰᠠᠨ ᠠᠵᠢᠯ ᠣᠯᠬᠤ ᠨᠢ ᠣᠳᠣᠬᠠᠨ ᠤ ᠬᠠᠮᠤᠭ ᠤᠨ ᠳᠣᠯᠭᠠᠮ᠎ᠠ ᠠᠰᠠᠭᠤᠳᠠᠯ  ᠪᠣᠯᠣᠭᠠᠳ ᠪᠠᠶᠢᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠣᠷᠠᠳᠬᠤ ᠳᠠᠭᠠᠨ᠂ ᠣᠯᠠᠨ  ᠨᠡᠶᠢᠳᠡ ᠶᠢᠨ ᠠᠵᠢᠯ ᠣᠯᠭᠤᠯᠳᠠ ᠶᠢᠨ ᠦᠢᠯᠡᠴᠢᠯᠡᠭᠡ ᠶᠢ ᠪᠦᠬᠦ ᠳᠠᠯ᠎ᠠ ᠪᠠᠷ ᠴᠢᠩᠭᠠᠳᠬᠠᠨ᠂ ᠳᠣᠬᠠᠶᠢᠯᠠᠭᠰᠠᠨ ᠠᠵᠢᠯ  ᠮᠡᠷᠬᠡᠵᠢᠯ ᠤᠨ ᠪᠣᠯᠪᠠᠰᠣᠷᠠᠯ ᠢ ᠶᠡᠬᠡᠪᠡᠷ ᠦᠷᠨᠢᠬᠦᠯᠦᠨ᠂ ᠢᠨᠲ᠋ᠧᠷ ᠰᠦᠯᠵᠢᠶ᠎ᠡ ᠶᠢ ᠠᠵᠢᠯ ᠣᠯᠭᠤᠬᠤ ᠰᠢᠨ᠎ᠡ ᠪᠠᠶᠢᠳᠠᠯ ᠢ  ᠬᠦᠭᠵᠢᠬᠦᠯᠬᠦ ᠲᠠᠢ ᠣᠶᠠᠯᠳᠣᠭᠤᠯᠬᠤ ᠬᠡᠷᠡᠭᠳᠡᠢ᠃ ᠪᠠᠰᠠ ᠣᠯᠠᠨ ᠠᠷᠭ᠎ᠠ ᠵᠠᠮ ᠢᠶᠠᠷ ᠠᠵᠢᠯ ᠣᠯᠭᠤᠯᠳᠠ ᠶᠢ  ᠠᠬᠢᠭᠤᠯᠣᠨ᠂ ᠠᠳᠠᠯ ᠦᠢᠯᠡᠰ ᠪᠣᠰᠬᠠᠬᠤ ᠪᠠᠷ ᠠᠵᠢᠯ ᠣᠯᠭᠤᠯᠳᠠ ᠶᠢ ᠳᠠᠶᠢᠴᠢᠯᠠᠬᠤ ᠬᠡᠷᠡᠭᠳᠡᠢ ᠬᠡᠵᠡᠢ᠃         ᠡᠪᠡᠳᠴᠢᠳᠡᠳ ᠤᠨ ᠡᠪᠡᠳᠴᠢᠨ ᠢᠶᠠᠨ ᠦᠵᠡᠬᠦᠯᠬᠦ ᠳᠤ ᠵᠠᠷᠣᠳᠠᠯ ᠶᠡᠬᠡᠳᠡᠢ ᠪᠠᠶᠢᠬᠤ ᠠᠰᠠᠭᠤᠳᠠᠯ ᠢ ᠬᠡᠷᠬᠢᠨ  ᠰᠢᠢᠳᠪᠦᠷᠢᠯᠡᠬᠦ ᠪᠣᠢ︖ ᠣᠯᠣᠰ ᠤᠨ ᠡᠷᠡᠬᠦᠯ ᠬᠠᠮᠠᠭᠠᠯᠠᠯ ᠤᠨ ᠰᠠᠯᠠᠭ᠎ᠠ ᠮᠦᠴᠢᠷ ᠤᠨ ᠴᠢᠮᠡᠭᠡ ᠵᠠᠩᠬᠢ ᠶᠢ  ᠦᠨᠳᠣᠰᠣᠯᠡᠪᠡᠯ᠂ ᠡᠨᠡ ᠵᠢᠯ ᠰᠠᠭᠤᠭᠠᠯᠢ ᠠᠷᠠᠳ ᠤᠨ ᠦᠨᠳᠣᠰᠣᠨ ᠡᠮ ᠡᠮᠨᠡᠯᠬᠡ ᠶᠢᠨ ᠳᠠᠭᠠᠳᠬᠠᠯ ᠳᠤ ᠣᠷᠣᠭᠰᠠᠨ  ᠬᠦᠮᠦᠨ ᠪᠣᠯᠭᠠᠨ ᠤ ᠡᠳ᠋ ᠤᠨ ᠵᠠᠰᠠᠭ ᠤᠨ ᠨᠦᠬᠦᠪᠦᠷᠢ ᠶᠢᠨ ᠪᠠᠷᠢᠮᠵᠢᠶ᠎ᠠ ᠶᠢ ᠳᠠᠬᠢᠨ 40 ᠲᠦᠬᠦᠷᠢᠭ ᠨᠡᠮᠡᠭᠳᠡᠬᠦᠯᠵᠦ᠂  ᠡᠬᠦᠨ ᠤ ᠬᠠᠭᠠᠰ ᠢ ᠨᠢ ᠬᠦᠨᠳᠣ ᠡᠪᠡᠳᠴᠢᠨ ᠤ ᠳᠠᠭᠠᠳᠬᠠᠯ ᠳᠤ ᠬᠡᠷᠡᠭᠯᠡᠬᠦᠯᠬᠦ ᠪᠣᠯᠣᠨ᠎ᠠ᠃ ᠲᠦᠪ ᠤᠨ ᠡᠳ᠋ ᠤᠨ  ᠵᠠᠰᠠᠭ ᠠᠴᠠ 221 ᠳ᠋ᠦᠩᠰᠢᠭᠤᠷ ᠭᠠᠷᠣᠢ ᠲᠦᠬᠦᠷᠢᠭ ᠤᠨ ᠪᠡᠯᠡ ᠮᠦᠩᠬᠦ ᠶᠢ ᠳᠣᠬᠢᠷᠠᠭᠤᠯᠣᠨ‌‍ᠰᠢᠯᠵᠢᠭᠦᠯᠵᠦ᠂  ᠡᠮᠴᠢᠯᠡᠬᠡᠨ ᠤ ᠠᠪᠣᠷᠠᠨ ᠳᠣᠰᠠᠯᠠᠬᠤ ᠨᠦᠬᠦᠪᠦᠷᠢ ᠪᠣᠯᠭᠠᠨ ᠬᠡᠷᠡᠭᠯᠡᠬᠦ ᠶᠣᠮ ᠪᠠᠶᠢᠨ᠎ᠠ᠃        
 
ᠢᠷᠡᠯᠲᠡ᠄ ᠲᠤᠮᠳᠠᠳᠤ ᠤᠯᠤᠰ ᠤᠨ ᠮᠤᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号