ᠬᠦᠭᠡᠪᠦᠷ ᠪᠠᠯᠭᠠᠰᠣᠨ ᠤ ᠬᠠᠣᠯᠢ ᠴᠠᠭᠠᠵᠠ ᠶᠢᠨ ᠭᠠᠵᠠᠷ ᠠᠷᠠᠳ ᠤᠨ ᠡᠶᠡᠳᠡᠭᠦᠯᠦᠭᠡ ᠶᠢᠨ ᠤᠬᠠᠭᠤᠯᠭ᠎ᠠ ᠵᠢᠨ‌ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2018-04-24
     ᠠᠷᠠᠳ ᠤᠨ ᠡᠶᠡᠳᠡᠭᠦᠯᠬᠦ ᠨᠦᠯᠦᠭᠡ ᠶᠢ ᠣᠯᠠᠮ ᠨᠢᠭᠡ ᠠᠯᠬᠤᠮ ᠦᠷᠭᠡᠳᠭᠡᠨ᠂ ᠠᠮᠤᠷ ᠲᠦᠪᠰᠢᠨ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤ ᠶᠢ ᠡᠭᠦᠳᠡᠨ ᠪᠠᠶᠢᠭᠤᠯᠬᠤ ᠶᠢᠨ ᠲᠦᠯᠦᠭᠡ᠂ ᠣᠶᠢᠷ᠎ᠠ ᠳᠤ ᠬᠦᠭᠡᠪᠤᠷ ᠪᠠᠯᠭᠠᠰᠣᠨ ᠤ ᠬᠠᠣᠯᠢ ᠴᠠᠭᠠᠵᠠ ᠶᠢᠨ ᠭᠠᠵᠠᠷ ᠠᠷᠠᠳ ᠤᠨ ᠡᠶᠡᠳᠡᠭᠦᠯᠦᠭᠡ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠡᠯ᠎ᠡ ᠨᠡᠶᠢᠭᠡᠮ ᠲᠣᠭᠤᠷᠢᠭ ᠲᠤ ᠭᠦᠷᠴᠦ ᠣᠬᠠᠭᠤᠯᠭ᠎ᠠ ᠬᠢᠵᠦ᠂ ᠬᠠᠣᠯᠢ ᠴᠠᠭᠠᠵᠠ ᠶᠢᠨ ᠯᠠᠪᠯᠠᠯᠭ᠎ᠠ ᠬᠠᠩᠭᠠᠵᠦ᠂ ᠤᠬᠠᠭᠤᠯᠬᠤ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠡᠮᠵᠢᠨ᠂ ᠬᠠᠪᠰᠣᠷᠠᠯᠭ᠎ᠠ ᠭᠡᠷᠡᠭᠴᠡᠭᠡ ᠲᠠᠢ ᠣᠯᠠᠨ ᠲᠦᠮᠡᠨ ᠤ ᠠᠰᠠᠭᠤᠳᠠᠯ ᠢ ᠰᠢᠢᠳᠪᠦᠷᠢᠯᠡᠭᠰᠡᠨ ᠠᠴᠠ ᠶᠡᠭᠡ ᠬᠡᠮᠵᠢᠶᠡᠨ ᠤ ᠨᠡᠶᠢᠭᠡᠮ ᠲᠣᠭᠤᠷᠢᠭ ᠤᠨ ᠣᠯᠠᠨ ᠲᠦᠮᠡᠨ ᠡᠨᠡᠬᠦ ᠠᠵᠢᠯᠯᠠᠭᠠᠨ ᠳᠤ  ᠣᠷᠤᠯᠴᠠᠭᠰᠠᠨ ᠪᠠᠶᠢᠨ᠎ᠠ᠃      ᠠᠷᠠᠳ ᠤᠨ ᠡᠶᠡᠳᠡᠭᠦᠯᠦᠭᠡ ᠶᠢᠨ ᠤᠬᠠᠭᠤᠯᠭ᠎ᠠ ᠶᠢᠨ ᠠᠵᠢᠯᠯᠠᠭ᠎ᠠ ᠣᠬᠠᠭᠤᠯᠬᠤ ᠮᠠᠲ᠋ᠧᠷᠢᠶᠠᠯ ᠲᠠᠷᠭᠠᠬᠠᠵᠦ᠂ ᠣᠯᠠᠨ ᠲᠦᠮᠡᠨ ᠳᠤ ᠬᠠᠣᠯᠢ ᠴᠠᠭᠠᠵᠠ ᠶᠢᠨ ᠠᠰᠠᠭᠤᠳᠠᠯ ᠢ ᠲᠠᠶᠢᠯᠪᠤᠷᠢᠯᠠᠨ ᠦᠭᠴᠦ᠂  ᠠᠷᠠᠳ ᠤᠨ ᠡᠶᠡᠳᠡᠭᠦᠯᠭᠡ ᠶᠢᠨ ᠬᠠᠷᠢᠶᠠᠨ ᠳᠠᠬᠢ ᠨᠦᠯᠦᠭᠡᠯᠡᠬᠦ ᠬᠦᠴᠦᠨ ᠪᠠ ᠣᠯᠠᠨ ᠨᠡᠶᠢᠳᠠ ᠶᠢᠨ ᠢᠳᠡᠭᠡᠭᠦᠯᠬᠦ ᠬᠦᠴᠦᠨ ᠢ ᠳᠡᠭᠡᠭᠰᠢᠯᠡᠭᠦᠯᠦᠭᠰᠡᠨ ᠢᠶᠠᠷ ᠦᠯᠦ ᠪᠠᠷᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ︿︿ᠪᠦᠬᠦᠲᠡ ᠨᠡᠶᠢᠷᠠᠮᠳᠠᠬᠤ ᠳᠣᠮᠳᠠᠳᠣ ᠠᠷᠠᠳ ᠣᠯᠣᠰ ᠤᠨ ᠠᠷᠠᠳ ᠤᠨ ᠡᠶᠡᠳᠡᠭᠦᠯᠭᠡ ᠶᠢᠨ ᠬᠠᠣᠯᠢ﹀﹀ ᠶᠢᠨ ᠠᠭᠤᠯᠭ᠎ᠠ ᠶᠢ ᠣᠯᠠᠮ ᠨᠢᠭᠡ ᠠᠯᠬᠤᠮ ᠣᠶᠢᠯᠠᠭᠠᠭᠤᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ  ᠪᠠᠶᠢᠳᠠᠯ ᠢ ᠪᠤᠢ ᠪᠤᠯᠭᠠᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠣᠯᠢ ᠴᠠᠭᠠᠵᠠ ᠶᠢᠨ ᠣᠬᠠᠮᠰᠠᠷ ᠢ ᠳᠡᠭᠡᠭᠰᠢᠯᠡᠬᠦᠯᠬᠦ ᠳᠤ ᠪᠠᠲᠦ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃                ᠵᠣᠬᠢᠶᠠᠭᠴᠢ᠄  ᠬᠦᠭᠡᠪᠤᠷ ᠪᠠᠯᠭᠠᠰᠤ ᠶᠢᠨ ᠬᠠᠣᠯᠢ ᠭᠡᠷᠡᠭᠵᠢᠭᠦᠯᠬᠦ ᠭᠠᠵᠠᠷ                ᠣᠷᠴᠢᠭᠤᠯᠣᠭᠴᠢ᠄ ᠣᠳᠣᠩᠭᠤᠸ᠎ᠠ
 
ᠢᠷᠡᠯᠲᠡ᠄ ᠬᠠᠣᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号