ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠨᠠᠮ ᠤᠨ ᠬᠤᠷᠢᠶᠠᠨ ᠤ  ᠭᠤᠷᠪᠠᠳᠤᠭᠠᠷ ᠲᠣᠭᠤᠷᠢᠨ ᠪᠠᠶᠢᠴᠠᠭᠠᠬᠤ ᠲᠣᠭᠤᠶᠢᠯᠠᠩ ᠳ᠋ᠠ ᠲᠠᠨ ᠰᠢᠶᠠᠩ ᠳᠤ ᠬᠦᠷᠴᠦ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠡᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2018-04-25
         ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠣᠳᠣᠷᠢᠳᠬᠤ ᠲᠣᠭᠤᠶᠢᠯᠠᠩ ᠤᠨ ᠨᠢᠭᠡᠳᠣᠯᠲᠠᠢ ᠪᠠᠶᠢᠷᠢᠭᠤᠯᠣᠯᠳᠡ ᠲᠣᠬᠢᠷᠠᠭᠤᠯᠭ᠎ᠠ ᠶᠢ ᠦᠨᠳᠦᠰᠦᠯᠡᠵᠦ᠂3 ᠰᠠᠷ᠎ᠠ ᠶᠢᠨ13 ᠤ ᠡᠳᠦᠷ ᠳ᠋ᠠ ᠲᠠᠨ ᠰᠢᠶᠠᠩ ᠳᠤ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠡᠯᠲᠠ ᠶᠢᠨ ᠶᠡᠭᠡ ᠬᠤᠷᠠᠯ ᠬᠤᠷᠠᠯᠳᠣᠪᠠ᠃ ᠲᠣᠰ ᠤᠳᠠᠭᠠᠨ ᠤ ᠬᠤᠷᠠᠯ ᠳᠤ ᠰᠢᠶᠠᠩ ᠤᠨ ᠪᠦᠬᠦ ᠺᠠᠳ᠋ᠷ ᠠᠵᠢᠯᠳᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠵᠠᠷᠢᠮ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠰᠢᠶᠠᠩ ᠳᠤ ᠰᠠᠭᠤᠭ᠎ᠠ ᠡᠯ᠎ᠡ ᠪᠠᠶᠢᠭᠤᠯᠤᠯᠭ᠎ᠠ ᠶᠢᠨ ᠬᠠᠷᠢᠭᠤᠴᠠᠯᠭᠠᠳᠠᠨ ᠪᠠ ᠲᠣᠭᠤᠷᠢᠨ ᠪᠠᠶᠢᠴᠠᠠᠭᠠᠬᠤ ᠠᠯᠪᠠᠨ ᠭᠡᠷ ᠤᠨ ᠡᠷᠬᠢᠯᠡᠭᠴᠢ ᠸᠠᠩ ᠵᠢᠶᠦ᠋ᠨ᠂ ᠲᠣᠭᠤᠷᠢᠨ ᠪᠠᠶᠢᠴᠠᠭᠠᠬᠤ ᠲᠣᠭᠤᠶᠢᠯᠠᠩ ᠤᠨ ᠳᠠᠷᠤᠭ᠎ᠠ ᠲᠢᠶᠠᠨ ᠵᠢᠶᠠᠨ ᠵᠦᠩ ᠵᠢᠴᠢ ᠪᠣᠰᠣᠳ ᠳᠦᠷᠪᠡᠨ ᠨᠡᠷᠡᠰ ᠲᠣᠭᠤᠶᠢᠯᠠᠩ ᠤᠨ ᠪᠦᠷᠢᠯᠳᠣᠬᠦᠨ ᠣᠷᠣᠯᠴᠠᠭᠰᠠᠨ ᠪᠠᠶᠢᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠲᠣᠭᠤᠷᠢᠨ ᠪᠠᠶᠢᠴᠠᠭᠠᠬᠤ ᠲᠣᠭᠤᠶᠢᠯᠠᠩ ᠦᠨᠦᠳᠦᠷ ᠠᠴᠠ ᠡᠬᠢᠯᠡᠨ20 ᠡᠳᠦᠷ ᠤᠨ ᠬᠤᠭᠤᠴᠠᠭ᠎ᠠ ᠲᠠᠢ ᠰᠢᠶᠠᠩ ᠳᠤ ᠰᠠᠭᠤᠵᠦ ᠲᠣᠭᠤᠷᠢᠨ ᠪᠠᠶᠢᠴᠠᠭᠠᠬᠤ ᠲᠣᠰᠬᠠᠢ ᠠᠵᠢᠯ ᠶᠠᠪᠤᠭᠳᠠᠭᠤᠯᠣᠨ᠎ᠠ᠃         ᠬᠤᠷᠠᠯ ᠠᠴᠠ ᠱᠠᠭᠠᠷᠳᠠᠭᠰᠠᠨ ᠨᠢ᠂ ᠲᠣᠭᠤᠷᠢᠨ ᠪᠠᠶᠢᠴᠠᠭᠠᠬᠤ ᠲᠦᠷᠢᠮ ᠢ ᠦᠷᠨᠢᠭᠦᠯᠬᠦ ᠪᠣᠯ ᠨᠠᠮ ᠤᠨ ᠲᠥᠪ ᠬᠤᠷᠢᠶᠠᠨ ᠤ ᠰᠢᠨ᠎ᠡ ᠳᠡᠳᠬᠡᠨ ᠴᠠᠭ ᠦᠶ᠎ᠡ ᠳᠤ ᠣᠯᠠᠮ ᠨᠢᠭᠡ ᠠᠯᠬᠤᠮ ᠨᠠᠮ ᠤᠨ ᠳᠣᠳᠣᠭᠠᠳᠣ ᠶᠢᠨ ᠬᠢᠨᠡᠯᠳᠠ ᠲᠠᠯᠪᠢᠯᠳᠠ ᠶᠢ ᠴᠢᠩᠭᠠᠳᠬᠠᠬᠤ᠂ ᠨᠠᠮ ᠤᠨ ᠰᠠᠬᠢᠯᠭ᠎ᠠ ᠪᠠᠲᠤ ᠶᠢ ᠴᠢᠩᠳᠠᠯᠠᠬᠤ᠂ ᠨᠠᠮ ᠤᠨ ᠰᠣᠷᠳᠠᠯ ᠢ ᠰᠠᠶᠢᠵᠢᠷᠠᠭᠤᠯᠬᠤ᠂ ᠨᠠᠮ ᠤᠨ ᠳᠣᠳᠤᠭᠠᠳᠣᠬᠢ ᠪᠠᠶᠢᠳᠠᠯ ᠢ ᠴᠡᠪᠡᠷᠰᠢᠬᠦᠯᠵᠦ᠂ ᠦᠪᠡᠷ ᠤᠨ ᠪᠦᠲᠦᠭᠡᠨ ᠪᠠᠶᠢᠭᠤᠯᠤᠯᠳᠠ ᠪᠠᠨ ᠳᠠᠰᠣᠷᠠᠯᠳᠠ ᠦᠭᠡᠢ ᠴᠢᠩᠭᠠᠳᠬᠠᠬᠤ ᠳᠤ ᠠᠪᠤᠭᠰᠠᠨ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠠᠶᠢᠵᠦ᠂ ᠮᠦᠨᠴᠦ ᠮᠠᠨ ᠤ ᠨᠠᠮ ᠤᠨ ᠪᠦᠬᠦ ᠬᠦᠴᠦ ᠪᠠᠷ ᠢᠶᠠᠨ ᠨᠠᠮ ᠤᠨ ᠰᠣᠷᠳᠠᠯ ᠤᠨ ᠠᠷᠢᠭᠤᠨ ᠴᠢᠭᠡᠴᠢ ᠪᠠᠷ ᠪᠠᠶᠢᠭᠤᠯᠤᠯᠳᠠ ᠶᠢᠨ ᠦᠷ᠎ᠡ ᠪᠦᠲᠦᠮᠵᠢ ᠪᠠᠨ ᠪᠠᠳᠣᠳᠬᠠᠨ᠂ ᠡᠭᠦᠨ ᠤ ᠬᠠᠮᠳᠣ ᠣᠯᠠᠮ ᠨᠢᠭᠡ ᠠᠯᠬᠤᠮ ᠬᠦᠨᠵᠡᠭᠡᠢ ᠶᠠᠪᠤᠭᠳᠠᠭᠤᠯᠬᠤ ᠶᠢ ᠠᠬᠢᠭᠤᠯᠵᠦ᠂ ᠠᠷᠠᠳ ᠲᠦᠮᠡᠨ ᠤ ᠠᠰᠢᠭ ᠲᠣᠰᠠ ᠶᠢ ᠬᠠᠮᠠᠭᠠᠯᠠᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠳᠠᠭᠤᠨ ᠪᠠᠶᠢᠳᠠᠯ ᠢ ᠠᠬᠢᠭᠤᠯᠬᠤ ᠨᠢᠭᠡᠨ ᠴᠢᠬᠤᠯᠠ ᠶᠡᠭᠡ ᠠᠷᠭ᠎ᠠ ᠪᠤᠯᠤᠨ᠎ᠠ᠃ ᠨᠡᠡ ᠣᠳᠠᠭᠠᠨ ᠤ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠲᠣᠭᠤᠶᠢᠯᠠᠩ ᠮᠠᠨ ᠤ ᠰᠢᠶᠠᠩ ᠳᠤ ᠲᠣᠭᠤᠷᠢᠨ ᠪᠠᠶᠢᠴᠠᠭᠠᠭᠰᠠᠨ ᠨᠢ ᠬᠤᠰᠢᠭᠤᠨ ᠨᠠᠮ ᠤᠨ ᠬᠤᠷᠢᠶ᠎ᠠ ᠮᠠᠨ ᠤ ᠰᠢᠶᠠᠩ ᠤᠨ ᠣᠳᠣᠷᠢᠳᠬᠤ ᠪᠠᠭ ᠪᠤᠯᠤᠨ ᠣᠳᠣᠷᠢᠳᠬᠤ ᠺᠠᠳ᠋ᠷᠴᠤᠳ ᠤᠨ ᠡᠭᠦᠷᠭᠡ ᠲᠣᠰᠢᠶᠠᠯ ᠢᠶᠠᠨ ᠭᠦᠢᠴᠡᠳᠭᠡᠭᠰᠡᠨ ᠪᠠᠶᠢᠳᠠᠯ ᠢ ᠬᠢᠨᠡᠵᠦ᠂ ᠪᠠᠰᠠ ᠴᠦ ᠮᠠᠨ ᠤ ᠰᠢᠶᠠᠩ ᠤᠨ ᠨᠠᠮ ᠤᠨ ᠰᠣᠷᠳᠠᠯ ᠤᠨ ᠠᠷᠢᠭᠤᠨ ᠴᠢᠭᠡᠴᠢ ᠪᠠᠶᠢᠭᠤᠯᠣᠯᠲᠠ ᠶᠢᠨ ᠠᠵᠢᠯ ᠤᠨ ᠪᠦᠬᠦ ᠲᠠᠯ᠎ᠠ ᠶᠢᠨ ᠪᠠᠶᠢᠴᠠᠭᠠᠯᠳᠠ ᠪᠤᠯᠤᠨ᠎ᠠ᠃ ᠲᠣᠭᠤᠷᠢᠨ ᠪᠠᠶᠢᠴᠠᠭᠠᠬᠤ ᠳᠣᠭᠤᠶᠢᠯᠠᠩ ᠤᠨ ᠳᠠᠷᠤᠭ᠎ᠠ ᠲᠢᠶᠠᠨ ᠵᠢᠶᠠᠨ ᠵᠦᠩ ᠴᠢᠬᠤᠯᠠ ᠶᠠᠷᠢᠶ᠎ᠠ ᠲᠠᠯᠪᠢᠵᠦ᠂ ᠮᠠᠨ ᠤ ᠰᠢᠶᠠᠩ ᠤᠨ ᠲᠣᠭᠤᠷᠢᠨ ᠪᠠᠶᠢᠴᠠᠭᠠᠬᠤ ᠠᠵᠢᠯ ᠳᠤ ᠪᠠᠶᠢᠷᠢᠭᠤᠯᠤᠯᠳᠠ ᠬᠢᠵᠦ ᠪᠢᠳᠡ ᠡᠷᠭᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ ᠭᠡᠪᠡ᠃ ᠳᠣᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠸᠠᠩ ᠵᠢᠶᠦ᠋ᠨ ᠡᠨᠡ ᠣᠳᠠᠭᠠᠨ ᠤ ᠲᠣᠭᠤᠷᠢᠨ ᠪᠠᠶᠢᠴᠠᠭᠠᠬᠤ ᠠᠵᠢᠯ ᠳᠤ ᠴᠢᠬᠤᠯᠠᠴᠢᠯᠠᠭᠰᠠᠨ ᠨᠢ᠂ ᠬᠤᠰᠢᠭᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠲᠣᠭᠤᠶᠢᠯᠠᠩ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠬᠠᠢ ᠨᠠᠶᠢᠳᠠᠪᠦᠷᠢᠵᠢᠭᠤᠯᠬᠤ ᠬᠡᠷᠡᠭᠲᠡᠢ ᠭᠡᠪᠡ᠃          ᠪᠢᠳᠡ ᠡᠨᠡ ᠣᠳᠠᠭᠠᠨ ᠤ ᠲᠣᠭᠤᠷᠢᠨ ᠪᠠᠶᠢᠴᠠᠭᠠᠬᠤ ᠠᠵᠢᠯ ᠢ ᠨᠢᠭᠡ ᠣᠳᠠᠭᠠᠨ ᠤ ᠦᠪᠡᠷ ᠢ ᠪᠠᠨ ᠵᠠᠳᠠᠯᠤᠨ ᠪᠠᠶᠢᠴᠠᠭᠠᠬᠤ᠂ ᠦᠪᠡᠷ ᠤᠨ ᠲᠠᠨᠢᠯᠲᠠ ᠲᠠᠢ ᠪᠠᠶᠢᠬᠤ᠂ ᠦᠪᠡᠷ ᠢ ᠪᠠᠨ ᠳᠡᠭᠡᠭᠰᠢᠯᠡᠭᠦᠯᠬᠦ ᠳᠤ ᠮᠠᠰᠢ ᠰᠠᠶᠢᠨ ᠲᠣᠬᠢᠶᠠᠯ ᠪᠠᠶᠢᠵᠦ᠂ ᠣᠯᠠᠨ ᠲᠦᠮᠡᠨ ᠲᠠᠢ ᠨᠢᠭᠲᠠ ᠬᠠᠷᠢᠯᠴᠠᠵᠦ᠂ ᠦᠵᠡᠯ ᠰᠠᠨᠠᠭ᠎ᠠ ᠣᠪᠤᠷ ᠰᠣᠷᠳᠠᠯ ᠢᠶᠠᠨ  ᠬᠤᠪᠢᠷᠠᠭᠤᠯᠵᠦ᠂ ᠨᠠᠮᠴᠢ ᠴᠢᠨᠡᠷ ᠤᠨ ᠳᠠᠪᠲᠠᠯᠳᠠ ᠪᠠᠨ ᠴᠢᠩᠭᠠᠳᠬᠠᠵᠦ᠂ ᠦᠪᠡᠷ ᠤᠨ ᠪᠤᠯᠪᠠᠰᠣᠷᠠᠯ ᠢᠶᠠᠨ ᠳᠡᠭᠡᠭᠰᠢᠯᠡᠭᠦᠯᠬᠦ ᠰᠠᠶᠢᠬᠠᠨ ᠠᠵᠠ ᠲᠣᠬᠢᠶᠠᠯ ᠭᠡᠵᠦ ᠦᠵᠡᠨ᠂ ᠳᠠᠷᠣᠣ ᠬᠢᠴᠢᠶᠡᠩᠭᠦᠢ ᠪᠠᠷ ᠬᠢᠨᠡᠨ ᠪᠠᠶᠢᠴᠠᠭᠠᠯᠳᠠ ᠶᠢ ᠬᠦᠯᠢᠶᠡᠨ ᠠᠪᠴᠦ᠂  ᠠᠰᠠᠭᠤᠳᠠᠯ ᠢ ᠬᠢᠨᠠᠮᠠᠭᠠᠢ ᠡᠷᠢᠵᠦ᠂ ᠪᠠᠲᠣᠲᠠᠢ ᠰᠠᠶᠢᠳᠣᠷ ᠴᠡᠭᠴᠡᠯᠡᠨ ᠵᠠᠰᠠᠬᠤ ᠶᠢ ᠪᠠᠷᠢᠮᠳᠠᠯᠠᠵᠦ ᠂ ᠲᠣᠭᠤᠷᠢᠨ ᠪᠠᠶᠢᠴᠠᠭᠠᠯᠳᠠ ᠶᠢ ᠬᠦᠯᠢᠶᠡᠨ ᠠᠪᠬᠤ ᠪᠠᠷ ᠳᠡᠮᠵᠢᠨ᠂ ᠣᠳᠣᠷᠢᠳᠬᠤ ᠪᠠᠭ ᠪᠠ  ᠣᠳᠣᠷᠢᠳᠬᠤ ᠺᠠᠳ᠋ᠷᠴᠤᠳ ᠤᠨ ᠦᠵᠡᠯ ᠰᠠᠨᠠᠭ᠎ᠠ᠂ ᠵᠣᠬᠢᠶᠠᠨ ᠪᠠᠶᠢᠭᠤᠯᠣᠯᠲᠠ᠂ ᠰᠣᠷᠳᠠᠯ᠂ ᠲᠦᠷᠢᠮ ᠳᠣᠭᠳᠠᠭᠠᠯ ᠪᠠ ᠢᠯᠵᠢᠷᠡᠯ ᠢ  ᠡᠰᠡᠷᠭᠦᠴᠡᠵᠦ ᠠᠷᠢᠭᠤᠨ ᠴᠢᠭᠡᠴᠢ ᠶᠢ ᠡᠷᠬᠢᠮᠯᠡᠬᠦ ᠪᠠᠶᠢᠭᠤᠯᠤᠯᠳᠠ ᠵᠢᠨ‌ᠠᠵᠢᠯ ᠢ ᠣᠯᠠᠮ ᠰᠠᠶᠢᠨ ᠠᠬᠢᠭᠤᠯᠵᠦ᠂ ᠦᠵᠡᠯ ᠰᠠᠨᠠᠭ᠎ᠠ ᠪᠠᠨ ᠬᠤᠰᠢᠭᠤᠨ ᠤ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠳᠣ ᠪᠣᠳᠣᠯᠭ᠎ᠠ ᠪᠠᠶᠢᠷᠢᠭᠤᠯᠤᠯᠳᠠ ᠳᠡᠭᠡᠷ᠎ᠡ ᠨᠢᠭᠡᠳᠭᠡᠵᠦ᠂ ᠣᠶᠣᠨ ᠴᠢᠳᠠᠪᠦᠷᠢ ᠪᠠᠨ ᠬᠦᠭᠵᠢᠯᠳᠡ ᠶᠢᠨ ᠬᠤᠷᠳᠣᠴᠠ ᠳᠡᠭᠡᠷ᠎ᠡ ᠲᠦᠪᠯᠡᠷᠡᠭᠦᠯᠦᠨ᠂ ᠲᠣᠭᠤᠷᠢᠨ ᠪᠠᠶᠢᠴᠠᠭᠠᠬᠤ ᠠᠵᠢᠯ ᠤᠨ ᠵᠢᠱᠢᠭᠰᠡᠨ ᠦᠷ᠎ᠡ ᠪᠦᠲᠦᠮᠵᠢ ᠶᠢ ᠪᠠᠳᠣᠯᠠᠬᠤ ᠬᠡᠷᠡᠭᠲᠡᠢ ᠭᠡᠵᠦ ᠬᠤᠷᠠᠯ ᠠᠴᠠ ᠴᠢᠬᠤᠯᠠᠴᠢᠯᠠᠭᠰᠠᠨ ᠪᠠᠶᠢᠨ᠎ᠠ᠃                     ᠵᠣᠬᠢᠶᠠᠭᠴᠢ᠄   ᠳ᠋ᠠ ᠲᠠᠨ ᠰᠢᠶᠠᠩ                     ᠣᠷᠴᠢᠭᠤᠯᠣᠭᠴᠢ᠄ ᠣᠳᠣᠩᠭᠤᠸ᠎ᠠ
 
ᠢᠷᠡᠯᠲᠡ᠄ ᠳ᠋ᠠ ᠲᠠᠨ ᠰᠢᠶᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号