ᠳᠣᠮᠳᠠᠳᠣ ᠣᠯᠣᠰ ᠤᠨ ᠡᠪ ᠬᠠᠮᠳᠣ ᠨᠠᠮ ᠤᠨ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ‌‍ᠤ ᠬᠣᠷᠢᠶᠠᠨ ᠤ ᠠᠯᠪᠠᠨ ᠭᠡᠷ᠂ ᠵᠠᠰᠠᠭ ᠤᠨ ᠣᠷᠳᠤᠨ ᠤ ᠠᠯᠪᠠᠨ ᠭᠡᠷ ᠠᠴᠠ ᠨᠠᠷᠢᠨ ᠪᠢᠴᠢᠭᠡᠴᠢ ᠢᠯᠡ ᠪᠠᠷ ᠰᠤᠩᠭᠤᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2018-04-03
         ᠡᠯ᠎ᠡ ᠰᠤᠮᠤ ᠰᠢᠶᠠᠩ ᠪᠠᠯᠭᠠᠰᠤ  ︵ᠠᠵᠦ ᠦᠢᠯᠡᠳᠪᠦᠷᠢ ᠶᠢᠨ ᠲᠣᠭᠤᠷᠢᠭ︶ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠤᠨ ︵ᠬᠠᠮᠢᠶᠠᠷᠤᠯᠳᠠ ᠶᠢᠨ ᠵᠦᠪᠯᠡᠯ︶᠂ ᠬᠤᠰᠢᠭᠤᠨ ᠬᠤᠷᠢᠶᠠᠨ ᠤ ᠡᠯ᠎ᠡ ᠬᠡᠯᠲᠡᠰ᠂ ᠵᠦᠪᠯᠡᠯ᠂ ᠠᠯᠪᠠᠨ ᠭᠡᠷ᠂ ᠲᠣᠪᠴᠢᠶ᠎ᠠ᠂ ᠬᠤᠰᠢᠭᠤᠨ ᠤ ᠰᠢᠭᠤᠳ ᠬᠠᠷᠢᠶ᠎ᠠ ᠪᠦᠬᠦᠢ ᠵᠦᠪᠯᠡᠯ᠂ ᠠᠯᠪᠠᠨ ᠭᠡᠷ᠂ ᠲᠣᠪᠴᠢᠶ᠎ᠠ ᠪᠠ ᠠᠷᠠᠳ ᠤᠨ ᠪᠦᠯᠬᠦᠮ ᠳᠤ᠄ ᠳᠣᠮᠳᠠᠳᠣ ᠤᠯᠤᠰ ᠤᠨ ᠡᠪ ᠬᠠᠮᠳᠣ ᠨᠠᠮ ᠤᠨ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠬᠤᠷᠢᠶᠠᠨ ᠤ ᠠᠯᠪᠠᠨ ᠭᠡᠷ ᠪᠠ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠺᠳ᠋ᠷ ᠤᠨ ᠡᠩᠨᠡᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠯᠠᠳᠠ᠂ ᠺᠳ᠋ᠷ ᠤᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ ᠪᠣᠢ᠃ ᠰᠤᠳᠤᠯᠤᠨ ᠶᠠᠷᠢᠯᠴᠠᠵᠤ ᠲᠤᠭᠲᠠᠭᠰᠠᠨ ᠢᠶᠠᠷ᠂ ᠪᠦᠬᠦ ᠬᠤᠰᠢᠭᠤᠨ ᠤ ᠬᠡᠪᠴᠢᠶᠠᠨ ᠳᠤᠳᠤᠷ᠎ᠠ ᠬᠤᠰᠢᠭᠤᠨ ᠤ ᠬᠤᠷᠢᠶᠠᠨ ᠤ ᠠᠯᠪᠠᠨ ᠭᠡᠷ ᠪᠠ ᠵᠠᠰᠠᠭ ᠤᠨ ᠣᠷᠳᠤᠨ ᠤ ᠠᠯᠪᠠᠨ ᠭᠡᠷ ᠲᠤ ᠨᠠᠷᠢᠨ ᠪᠢᠴᠢᠭᠡᠴᠢ ᠰᠢᠯᠢᠨ ᠰᠤᠩᠭᠤᠬᠤ ᠪᠠᠷ ᠪᠠᠶᠢᠨ᠎ᠠ᠃ ᠡᠳᠤᠭᠡ ᠬᠤᠯᠪᠤᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ᠨᠢᠭᠡ᠂ ᠵᠢᠯᠣᠭᠤᠳᠬᠤ ᠵᠠᠷᠴᠢᠮᠨᠠᠮ ᠠᠴᠠ ᠺᠠᠳ᠋ᠷ ᠢ ᠬᠠᠮᠢᠶᠠᠷᠬᠤ ᠶᠣᠰᠤᠭᠠᠷ᠂ ᠮᠦᠷᠠᠯ ᠡᠷᠳᠡᠮ ᠬᠤᠣᠰᠯᠠᠭᠰᠠᠨ᠂ ᠬᠦᠮᠦᠨ ᠪᠤᠯᠤᠨ ᠠᠵᠢᠯ ᠤᠨ ᠪᠠᠶᠢᠷᠢ ᠶᠢᠨ ᠬᠠᠷᠢᠯᠴᠠᠨ ᠵᠣᠬᠢᠴᠠᠯᠳᠣᠬᠤ ᠵᠠᠷᠴᠢᠮ ᠪᠠ ᠢᠯᠡ ᠪᠠᠷ ᠰᠢᠯᠭᠠᠨ ᠰᠤᠩᠭᠤᠬᠤ ᠬᠡᠯᠪᠡᠷᠢ ᠶᠢ ᠦᠨᠳᠦᠰᠦᠯᠡᠨ ᠵᠠᠯᠠᠭᠤ ᠰᠢᠯᠢᠳᠡᠭ ᠺᠠᠳ᠋ᠷ ᠢ ᠴᠢᠬᠤᠯᠠᠲᠠᠢ ᠠᠵᠢᠯ ᠤᠨ ᠪᠠᠶᠢᠷᠢᠨ ᠳᠤ ᠰᠢᠯᠢᠨ ᠳᠡᠪᠰᠢᠭᠦᠯᠦᠨ᠎ᠡ᠃ᠬᠤᠶᠠᠷ᠂ ᠰᠢᠯᠢᠨ ᠰᠤᠩᠭᠤᠬᠤ ᠬᠦᠷᠢᠶ᠎ᠡ ᠬᠡᠪᠴᠢᠶ᠎ᠡ ᠪᠠ ᠨᠦᠬᠦᠴᠡᠯ ︵ᠨᠢᠭᠡ︶ ᠰᠢᠯᠢᠨ ᠰᠤᠩᠭᠤᠬᠤ ᠬᠦᠷᠢᠶ᠎ᠡ ᠬᠡᠪᠴᠢᠶ᠎ᠡᠰᠤᠩᠭᠤᠯᠳᠠ ᠳᠤ ᠣᠷᠤᠭᠰᠠᠨ ᠬᠦᠮᠦᠰ ᠡᠷᠭᠡᠪᠰᠢ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠣᠷᠤᠨ ᠲᠤᠭ᠎ᠠ ᠳᠤ ᠪᠠᠶᠢᠭ᠎ᠠ ᠬᠦᠮᠦᠨ᠂ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ ᠶᠢᠨ ᠪᠠᠶᠢᠷᠢᠨ ᠳᠤ ᠪᠠᠶᠢᠭ᠎ᠠ ᠮᠦᠷᠳᠡᠭᠡᠨ ᠡᠳ᠋ ᠤᠨ ᠵᠠᠰᠠᠭ ᠠᠴᠠ ᠪᠦᠬᠦ ᠲᠣᠭᠠᠨ ᠤ ᠴᠠᠯᠢᠩ ᠣᠯᠵᠦ ᠪᠠᠶᠢᠭ᠎ᠠ ᠬᠦᠮᠦᠰ᠃ ︵ᠬᠤᠶᠠᠷ︶ ᠰᠢᠯᠢᠨ ᠰᠤᠩᠭᠤᠬᠤ ᠨᠦᠬᠦᠴᠡᠯ1.ᠤᠯᠤᠰ ᠲᠦᠷᠥ ᠶᠢᠨ ᠬᠡᠪ ᠴᠢᠨᠠᠷ ᠰᠠᠶᠢᠲᠠᠢ᠂ ᠶᠣᠰᠣ ᠰᠤᠷᠲᠠᠬᠤᠨ ᠵᠠᠩ ᠰᠤᠷᠳᠠᠯ ᠲᠥᠪ ᠭᠤᠣᠯᠴᠢ᠂ ᠳᠡᠰᠪᠦᠷᠢ ᠬᠠᠳᠠᠭᠤᠵᠢᠯᠳᠠᠢ᠂ ᠠᠵᠢᠯ ᠦᠢᠯᠡᠰ ᠢᠶᠠᠨ ᠡᠷᠬᠢᠮᠯᠡᠨ  ᠬᠠᠶᠢᠷᠠᠯᠠᠳᠠᠭ᠃2.ᠰᠢᠯᠢᠳᠡᠭ ᠰᠠᠶᠢᠨ ᠲᠣᠬᠠᠶᠢᠯᠠᠭᠰᠠᠨ ᠠᠵᠢᠯ ᠤᠨ ᠬᠡᠪ ᠴᠢᠨᠠᠷ ᠲᠠᠢ᠂ ᠪᠣᠳᠠᠳᠣ ᠪᠦᠳᠦᠮᠵᠢ ᠨᠢ ᠳᠣᠪᠤᠶᠢᠮ᠎ᠠ᠂ ᠨᠡᠷᠢᠨ ᠪᠢᠴᠢᠭᠡᠴᠢ ᠶᠢᠨ ᠠᠵᠢᠯ ᠳᠤ ᠪᠠᠭ᠋ᠠᠲᠠᠢ᠂ ᠨᠡᠯᠢᠶᠡᠳ ᠰᠠᠶᠢᠨ ᠵᠣᠬᠢᠶᠠᠨ ᠪᠢᠴᠢᠬᠦ ᠴᠢᠳᠠᠪᠦᠷᠢᠳᠡᠢ ᠪᠠᠶᠢᠬᠤ᠃3.ᠵᠢᠯ ᠤᠨ ᠡᠴᠦᠰ ᠤᠨ ᠬᠢᠨᠡᠨ ᠰᠢᠯᠭᠠᠯᠳᠠ ᠳᠤ ᠴᠦᠮ ᠲᠣᠰᠢᠶᠠᠯ ᠳᠠᠭᠠᠨ ᠲᠡᠩᠴᠡᠭᠰᠡᠨ ᠳᠡᠰ ᠠᠴᠠ ᠳᠡᠭᠡᠭᠰᠢ ᠪᠠᠶᠢᠬᠤ᠃4.ᠪᠦᠬᠦᠯᠢ ᠡᠳᠦᠷ ᠤᠨ ᠬᠢᠴᠢᠶᠡᠯᠯᠡᠬᠦ ᠰᠤᠷᠤᠯᠭ᠎ᠠ ᠶᠢᠨ ᠨᠠᠮᠳᠠᠷ ᠨᠢ ᠲᠣᠰᠬᠠᠢ ᠮᠠᠷᠭᠡᠵᠢᠯ ᠵᠢᠴᠢ ᠲᠡᠭᠦᠨ ᠠᠴᠠ ᠳᠡᠭᠡᠭᠰᠢᠬᠢ ᠪᠠᠶᠢᠵᠦ᠂ ᠬᠢᠲᠠᠳ ᠬᠡᠯᠡ ᠤᠳᠬ᠎ᠠ ᠵᠣᠬᠢᠶᠠᠯ᠂ ᠲᠦᠷᠥ ᠲᠡᠤᠭᠡ᠂ ᠺᠣᠮᠫᠢᠦ᠋ᠲ᠋ᠧᠷ᠂ ᠬᠠᠣᠯᠢ ᠴᠠᠭᠠᠵᠠ ᠶᠢᠨ ᠲᠣᠰᠬᠠᠢ ᠮᠡᠷᠭᠡᠵᠢᠯ ᠵᠡᠷᠭᠡ ᠲᠣᠰᠬᠠᠢ ᠮᠡᠷᠭᠡᠵᠢᠯ ᠢ ᠡᠩ ᠲᠡᠷᠢᠭᠦᠨ ᠳᠤ ᠪᠣᠳᠤᠯᠬᠢᠯᠡᠨ᠎ᠡ᠃5.ᠨᠠᠰᠤᠨ ᠤ ᠬᠢᠵᠠᠭᠠᠷ ᠨᠢ 30 ᠨᠠᠰᠤ ᠠᠴᠠ ᠳᠣᠷᠤᠭᠰᠢ᠂ ︵1988 ᠣᠨ ᠤ1 ᠰᠠᠷ᠎ᠠ ᠶᠢᠨ1 ᠠᠴᠠ ᠰᠡᠭᠦᠯ ᠳᠤ ᠲᠦᠷᠦᠭᠰᠡᠨ︶6.ᠲᠣᠰᠢᠶᠠᠯ ᠤᠨ ᠲᠠᠯ᠎ᠠ ᠳᠤ᠂ ᠳᠡᠳ᠋ ᠡᠷᠬᠢᠯᠡᠭᠴᠢ ᠭᠡᠰᠢᠭᠦᠴᠢ ᠵᠢᠴᠢ ᠲᠡᠭᠦᠨ ᠠᠴᠠ ᠳᠣᠣᠷᠠᠬᠢ ᠳᠡᠰ ᠤᠨ ᠠᠵᠢᠯᠳᠠᠨ᠃ ︵ᠭᠤᠷᠪᠠ︶ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠢᠯᠡ ᠰᠤᠩᠭᠤᠯᠳᠠ ᠳᠤ ᠣᠷᠤᠯᠴᠠᠵᠦ ᠪᠣᠯᠬᠤ ᠦᠭᠡᠢ᠃1.ᠰᠠᠬᠢᠯᠭ᠎ᠠ ᠪᠠᠲᠤ ᠶᠢ ᠵᠦᠷᠢᠴᠠᠵᠦ ᠬᠠᠣᠯᠢ ᠶᠢ ᠵᠦᠷᠢᠴᠡᠭᠰᠡᠨ ᠰᠡᠵᠢᠭᠯᠡᠯᠲᠡᠢ᠂ ᠶᠠᠭ ᠰᠠᠶᠢᠬᠠᠨ ᠬᠤᠯᠪᠣᠭᠳᠠᠯ ᠪᠦᠬᠦᠢ ᠪᠠᠶᠢᠭᠤᠯᠭ᠎ᠠ ᠬᠢᠨᠠᠨ ᠪᠠᠶᠢᠴᠠᠭᠠᠵᠦ ᠪᠠᠶᠢᠭ᠎ᠠ  ᠬᠠᠷᠠᠬᠠᠨ ᠳ᠋ᠦᠩᠨᠡᠯᠲᠡ ᠭᠠᠷᠭᠠᠭ᠎ᠠ ᠦᠭᠡᠢ᠃2.ᠰᠢᠢᠳᠭᠡᠯ ᠣᠯᠤᠭᠰᠠᠨ ᠬᠤᠭᠤᠴᠠᠭᠠᠨ ᠳᠤ ᠪᠣᠶᠣ ᠮᠦᠨ ᠬᠦ ᠨᠦᠯᠦᠭᠡᠨ ᠤ ᠬᠤᠭᠤᠴᠠᠭᠠᠨ ᠳᠤ ᠪᠠᠶᠢᠭ᠎ᠠ᠃3.ᠬᠠᠤᠯᠢ ᠴᠠᠭᠠᠵᠠ᠂ ᠬᠠᠤᠯᠢ ᠳᠤᠭᠳᠠᠭᠠᠯ ᠳᠤ ᠲᠣᠭᠳᠠᠭᠠᠭᠰᠠᠨ ᠪᠣᠰᠣᠳ ᠪᠠᠶᠢᠳᠠᠯ ᠤᠳ᠃ᠭᠤᠷᠪᠠ᠂ ᠰᠢᠯᠢᠨ ᠰᠤᠩᠭᠤᠬᠤ ᠶᠠᠪᠤᠴᠠ ︵ ᠨᠢᠭᠡ︶ ᠨᠡᠷ᠎ᠡ ᠮᠡᠳᠡᠭᠦᠯᠬᠦᠨᠡᠷ᠎ᠡ ᠮᠡᠳᠡᠭᠦᠯᠬᠦ ᠴᠠᠭ᠂ 2010 ᠣᠨ ᠤ 3 ᠰᠠᠷ᠎ᠠ ᠶᠢᠨ 20 ᠠᠴᠠ ᠡᠬᠢᠯᠡᠨ2010 ᠣᠨ ᠤ 4 ᠰᠠᠷ᠎ᠠ ᠶᠢᠨ10 ᠤ ᠡᠳᠦᠷ ᠳᠠᠭᠤᠰᠤᠨ᠎ᠠ᠃ ᠨᠦᠬᠦᠴᠡᠯ ᠳᠤ ᠨᠡᠶᠢᠴᠡᠭᠰᠡᠨ ᠬᠦᠮᠦᠰ ᠨᠡᠷ᠎ᠡ ᠮᠡᠳᠡᠭᠦᠯᠬᠦ ᠬᠦᠰᠦᠨᠦᠭᠲᠦ ᠲᠠᠭᠯᠠᠬᠤ ᠴᠢᠬᠤᠯᠠ ᠲᠠᠢ ︵ᠨᠢᠭᠡ ᠬᠡᠯᠪᠡᠷᠢ ᠶᠢᠨ ᠬᠤᠶᠠᠷ ᠬᠤᠪᠢ︶᠂ ᠣᠳᠤ ᠪᠠᠶᠢᠭ᠎ᠠ ᠪᠠᠶᠢᠭᠤᠯᠤᠯᠭ᠎ᠠ ᠶᠢᠨ ᠭᠤᠣᠯ ᠤᠳᠤᠷᠢᠳᠣᠯᠭ᠎ᠠ ᠠᠴᠠ ᠭᠠᠷ ᠤᠨ ᠦᠰᠦᠭ ᠵᠢᠷᠣᠵᠦ ᠲᠠᠮᠠᠭ᠎ᠠ ᠳᠠᠷᠤᠭᠰᠠᠨ ᠬᠤᠶᠢᠨ᠎ᠠ᠂ ᠬᠤᠪᠢ ᠬᠦᠮᠦᠨ ᠤ ᠪᠡᠶ᠎ᠡ ᠶᠢᠨ ᠦᠨᠠᠮᠯᠡᠯ᠂ ᠳᠡᠭᠦᠰᠦᠭᠰᠡᠨ ᠦᠨᠠᠮᠯᠡᠯ ᠪᠠ ᠤᠭ ᠮᠠᠲ᠋ᠧᠷᠢᠶᠠᠯ ᠪᠣᠯᠤᠨ ᠪᠠᠭᠤᠯᠭᠠᠪᠤᠷᠢ2 ᠬᠤᠪᠢ᠂ ᠣᠶᠢᠷ᠎ᠠ ᠶᠢᠨ ᠬᠤᠭᠤᠴᠠᠭᠠᠨ ᠳᠠᠬᠢ ᠮᠠᠯᠠᠭᠠᠢ ᠦᠭᠡᠢ 2 ᠢᠮᠠᠬᠤ ᠶᠢᠨ ᠬᠥᠬᠡ ᠦᠩᠭᠡ ᠶᠢᠨ ᠪᠣᠳᠤᠭᠳᠤ  ᠰᠡᠭᠦᠳᠡᠷ 2 ᠬᠤᠪᠢ  ᠠᠪᠴᠤ ᠬᠤᠰᠢᠭᠤᠨ ᠤ ᠬᠤᠷᠢᠶᠠᠨ ᠤ ᠠᠯᠪᠠᠨ ᠭᠡᠷ ᠤᠨ308 ᠳᠤ ᠭᠦᠷᠴᠦ ᠨᠡᠷ᠎ᠡ ᠮᠡᠳᠡᠭᠦᠯᠦᠨ᠎ᠡ᠃ ᠬᠠᠷᠢᠯᠴᠠᠬᠤ ᠬᠦᠮᠦᠨ᠄ ᠯᠢ ᡁᠢ ᠬᠦᠢ᠂ ᠬᠠᠷᠢᠯᠴᠠᠬᠤ ᠤᠳᠠᠰᠤ 13614747775  ᠂ ᠵᠠᠩ ᠶᠥᠩ15947771793 ︵ᠬᠤᠶᠠᠷ︶ ᠬᠢᠷᠢ ᠬᠡᠮ ᠤᠨ ᠬᠢᠨᠡᠨ ᠪᠠᠶᠢᠴᠠᠭᠠᠯᠲᠠᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ  ᠬᠤᠰᠢᠭᠤᠨ ᠨᠠᠮ ᠤᠨ ᠬᠤᠷᠢᠶᠠᠨ ᠤ ᠠᠯᠪᠠᠨ ᠭᠡᠷ ᠪᠠ ᠵᠠᠰᠠᠭ ᠤᠨ ᠣᠷᠳᠤᠨ ᠤ ᠠᠯᠪᠠᠨ ᠭᠡᠷ ᠤᠨ ᠵᠣᠬᠢᠶᠠᠨ ᠪᠠᠶᠢᠭᠤᠯᠤᠯᠳᠠ ᠶᠢᠨ ᠠᠵᠢᠯᠳᠠᠨ ᠬᠢᠷᠢ ᠬᠡᠮ ᠢ ᠬᠢᠨᠡᠨ ᠪᠠᠶᠢᠴᠠᠭᠠᠵᠤ᠂ ︿︿ ᠰᠢᠯᠢᠨ ᠰᠤᠩᠭᠤᠬᠤ ᠠᠵᠢᠯ ᠤᠨ ᠤᠳᠤᠷᠢᠳᠬᠤ ᠳᠤᠭᠤᠶᠢᠯᠠᠩ﹀﹀ ᠳᠤ ᠰᠢᠯᠭᠠᠨ ᠬᠢᠨᠡᠭᠤᠯᠤᠨ᠎ᠠ᠃ ᠬᠤᠳᠠᠯ ᠬᠡᠯᠡᠵᠦ ᠬᠠᠭᠤᠷᠮᠠᠭ ᠢᠶᠠᠷ ᠵᠤᠬᠢᠶᠠᠬᠤ ᠶᠢ ᠪᠠᠶᠢᠴᠠᠭᠠᠨ ᠲᠤᠳᠤᠯᠠᠮᠠᠭᠴᠠ ᠴᠢᠩᠭ᠎ᠠ ᠰᠢᠢᠳᠭᠡᠨ᠎ᠡ᠃ ︵ᠭᠤᠷᠪᠠ︶ ᠡᠯᠰᠡᠨ ᠠᠪᠬᠤᠨᠡᠷ᠎ᠡ ᠮᠡᠳᠡᠭᠦᠯᠦᠭᠰᠡᠨ ᠬᠦᠮᠦᠨ ᠤ ᠲᠤᠭ᠎ᠠ᠂ ᠲᠤᠰᠬᠠᠢ ᠮᠡᠷᠭᠡᠵᠢᠯ᠂ ᠠᠵᠢᠯ ᠤᠨ ᠪᠠᠶᠢᠷᠢ ᠶᠢᠨ ᠭᠡᠷᠡᠭᠴᠡᠭᠡ ᠶᠢᠨ ᠶᠣᠰᠤᠭᠠᠷ ᠰᠢᠯᠢᠨ ᠰᠤᠩᠭᠤᠵᠦ᠂ ᠵᠤᠬᠢᠬᠤ ᠰᠢᠯᠭᠠᠯᠳᠠ᠂ ᠬᠢᠨᠡᠨ ᠪᠠᠶᠢᠴᠠᠭᠠᠯᠳᠠ ᠰᠢᠯᠭᠠᠨ ᠪᠠᠶᠢᠴᠠᠭᠠᠯᠳᠠ ᠪᠠᠷ ᠳᠡᠮᠵᠢᠨ ᠬᠢᠷᠢ ᠲᠡᠩᠴᠡᠭᠰᠡᠨ ᠬᠦᠮᠦᠨ ᠢ ᠡᠯᠰᠡᠨ ᠭᠡᠷᠡᠭᠯᠡᠨ᠎ᠡ᠃ ︵ᠲᠥᠷᠪᠡ︶ ᠲᠣᠷᠰᠢᠨ ᠭᠡᠷᠡᠭᠯᠡᠬᠦᠡᠯᠰᠡᠨ ᠭᠡᠷᠡᠭᠯᠡᠬᠦ ᠬᠦᠮᠦᠰ ᠢ ᠬᠤᠰᠢᠭᠤᠨ ᠤ ᠬᠤᠷᠢᠶᠠᠨ ᠤ ᠠᠯᠪᠠᠨ ᠭᠡᠷ ᠪᠠ ᠵᠠᠰᠠᠭ ᠤᠨ ᠣᠷᠳᠤᠨ ᠤ ᠠᠯᠪᠠᠨ ᠭᠡᠷ ᠲᠤ ᠲᠣᠬᠢᠷᠠᠭᠤᠯᠵᠤ᠂  ᠨᠢᠭᠡ ᠵᠢᠯ ᠤᠨ ᠲᠤᠷᠰᠢᠨ ᠭᠡᠷᠡᠭᠯᠡᠬᠦ ᠬᠤᠭᠤᠴᠠᠭ᠎ᠠ᠂ ᠲᠤᠷᠰᠢᠨ ᠬᠡᠷᠡᠭᠯᠡᠬᠦ ᠬᠢᠷᠢ ᠲᠡᠩᠴᠡᠭᠰᠡᠨ ᠤ ᠳᠠᠷᠠᠭ᠎ᠠ ᠬᠤᠯᠪᠤᠭᠳᠠᠯ ᠪᠦᠬᠦᠢ ᠲᠣᠭᠳᠠᠭᠠᠯ ᠶᠣᠰᠤᠭᠠᠷ ᠰᠢᠯᠵᠢᠭᠦᠯᠦᠯᠲᠡ ᠶᠢᠨ ᠭᠠᠷ ᠭᠦᠢᠴᠡᠳᠭᠡᠯ ᠢᠶᠠᠨ ᠬᠦᠢᠴᠡᠳᠭᠡᠨ᠎ᠡ᠃ ᠳᠠᠭᠠᠯᠳᠣᠭᠤᠯᠣᠯ᠄ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠤᠨ ᠤ ᠠᠯᠪᠠᠨ ᠭᠡᠷ ᠠᠴᠠ ᠨᠡᠷᠢᠨ ᠪᠢᠴᠢᠭᠡᠴᠢ ᠢᠯᠡ ᠪᠠᠷ ᠰᠤᠩᠭᠤᠬᠤ ᠨᠡᠷ᠎ᠡ ᠮᠡᠳᠡᠭᠦᠯᠬᠦ ᠬᠦᠰᠦᠨᠦᠭᠲᠦ ︵ᠨᠡᠷ᠎ᠡ ᠮᠡᠳᠡᠭᠦᠯᠬᠦ ᠬᠦᠰᠦᠨᠦᠭᠲᠦ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠣᠷᠳᠤᠨ ᠤ ᠰᠦᠯᠵᠢᠶᠡᠨ ᠳᠤ ᠪᠣᠢ︶          ᠳᠣᠮᠳᠠᠳᠣ ᠣᠯᠣᠰ ᠤᠨ ᠡᠪ ᠬᠠᠮᠳᠣ ᠨᠠᠮ ᠤᠨ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠬᠤᠷᠢᠶ᠎ᠠ ᠶᠢᠨ ᠠᠯᠪᠠᠨ ᠭᠡᠷ          ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ                                       2018ᠣᠨ ᠤ3 ᠰᠠᠷ᠎ᠠ ᠶᠢᠨ20 ᠤ ᠡᠳᠦᠷ                                               ᠣᠷᠴᠢᠭᠤᠯᠣᠭᠴᠢ᠄ ᠣᠳᠣᠩᠭᠤᠸ᠎ᠠ  
 
ᠢᠷᠡᠯᠲᠡ᠄ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠠᠷᠠᠳ ᠤᠨ ᠵᠠᠰᠠᠭ ᠤᠨ ᠣᠷᠳᠤᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号