︿︿ᠠᠷᠪᠠᠨ ᠭᠤᠷᠪᠠᠳᠣᠭᠠᠷ ᠲᠠᠪᠤᠨ ᠵᠢᠯ ᠤᠨ ᠲᠦᠯᠦᠪᠵᠢᠭᠦᠯᠭᠡ﹀﹀ ᠶᠢᠨ ᠬᠤᠭᠤᠴᠠᠭᠠᠨ ᠳᠠᠬᠢ ᠣᠰᠣᠨ  ᠤ ᠡᠬᠢ ᠪᠠᠶᠠᠯᠢᠭ ᠤᠨ ᠬᠤᠷᠣᠭᠳᠠᠯ ᠤᠨ ᠶᠠᠷᠤᠩᠭᠡᠢ ᠬᠡᠮᠵᠢᠶ᠎ᠡ ᠪᠡ ᠬᠦᠴᠦᠯᠡᠴᠡ ᠶᠢᠨ ᠬᠤᠣᠰ ᠡᠵᠡᠮᠳᠠᠯ ᠤᠨ ᠠᠵᠢᠯᠯᠠᠭᠠᠨ ᠢ ᠭᠡᠷᠡᠭᠵᠢᠭᠦᠯᠬᠦ ᠲᠦᠰᠦᠯ  ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2018-06-12
ᠬᠤᠰᠢᠭᠤᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠄             ᠣᠰᠣᠨ ᠠᠰᠢᠭᠯᠠᠯᠲᠠ ᠶᠢᠨ ᠶᠠᠮᠤᠨ᠂ ᠣᠯᠣᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ  ᠵᠦᠪᠯᠡᠯ ᠤᠨ ᠳᠠᠷᠤᠮᠯᠠᠨ ᠲᠠᠷᠬᠠᠭᠠᠭᠰᠠᠨ ︽︿︿ᠠᠷᠪᠠᠨ ᠭᠤᠷᠪᠠᠳᠣᠭᠠᠷ ᠲᠠᠪᠤᠨ ᠵᠢᠯ ᠤᠨ ᠲᠦᠯᠦᠪᠵᠢᠭᠦᠯᠭᠡ  ︾ ᠶᠢᠨ ᠬᠤᠭᠤᠴᠠᠭᠠᠨ ᠳᠠᠬᠢ ᠣᠰᠣᠨ ᠤ ᠡᠬᠢ ᠪᠠᠶᠠᠯᠢᠭ ᠤᠨ ᠬᠤᠷᠣᠭᠳᠠᠯ ᠤᠨ ᠶᠠᠷᠤᠩᠭᠡᠢ ᠬᠡᠮᠵᠢᠶ᠎ᠡ ᠪᠡ ᠬᠦᠴᠦᠯᠡᠴᠡ ᠶᠢᠨ ᠬᠤᠣᠰ ᠡᠵᠡᠮᠳᠠᠯ ᠤᠨ ᠠᠵᠢᠯᠯᠠᠭᠠᠨ ᠢ ᠭᠡᠷᠡᠭᠵᠢᠭᠦᠯᠬᠦ ᠲᠦᠰᠦᠯ  ︾ ︵ᠣᠰᠣᠨ ᠤ  ᠡᠬᠢ ᠪᠠᠶᠠᠯᠢᠭ   ﹇2016﹈ 379 ᠳ᠋ᠤᠭᠠᠷ ᠲᠣᠭᠠᠲᠣ ᠪᠢᠴᠢᠭ︶ ᠪᠤᠯᠤᠨ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠭᠯᠠᠯᠲᠠ ᠶᠢᠨ ᠲᠢᠩᠭᠢᠮ ᠪᠠ  ᠦᠪᠤᠷ ᠮᠣᠩᠭᠤᠯ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠳᠠᠷᠤᠮᠯᠠᠨ ᠲᠠᠷᠬᠠᠭᠠᠭᠰᠠᠨ ︿︿ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ︿︿ᠠᠷᠪᠠᠨ ᠭᠤᠷᠪᠠᠳᠣᠭᠠᠷ ᠲᠠᠪᠤᠨ ᠵᠢᠯ ᠤᠨ ᠲᠦᠯᠦᠪᠵᠢᠭᠦᠯᠭᠡ  ︾ ᠶᠢᠨ ᠬᠤᠭᠤᠴᠠᠭᠠᠨ ᠳᠠᠬᠢ ᠣᠰᠣᠨ ᠤ ᠡᠬᠢ ᠪᠠᠶᠠᠯᠢᠭ ᠤᠨ ᠬᠤᠷᠣᠭᠳᠠᠯ ᠤᠨ ᠶᠠᠷᠤᠩᠭᠡᠢ ᠬᠡᠮᠵᠢᠶ᠎ᠡ ᠪᠡ ᠬᠦᠴᠦᠯᠡᠴᠡ ᠶᠢᠨ  ᠬᠤᠣᠰ ᠡᠵᠡᠮᠳᠠᠯ ᠤᠨ ᠠᠵᠢᠯᠯᠠᠭᠠᠨ ᠢ ᠭᠡᠷᠡᠭᠵᠢᠭᠦᠯᠬᠦ ᠲᠦᠰᠦᠯ︾  ︵ ᠦᠪᠤᠷ ᠣᠰᠣᠨ ᠤ ᠡᠬᠢ ᠪᠠᠶᠠᠯᠢᠭ ﹇2016﹈ 166 ᠳ᠋ᠤᠭᠠᠷ ᠲᠣᠭᠠᠲᠤ ᠪᠢᠴᠢᠭ︶ ᠵᠢᠴᠢ ︽ᠣᠯᠠᠭᠠᠨᠴᠠᠪ ᠬᠤᠲᠠ  ᠶᠢᠨ  ︿︿ᠠᠷᠪᠠᠨ ᠭᠤᠷᠪᠠᠳᠣᠭᠠᠷ ᠲᠠᠪᠤᠨ ᠵᠢᠯ ᠤᠨ ᠲᠦᠯᠦᠪᠵᠢᠭᠦᠯᠭᠡ  ︾ ᠶᠢᠨ ᠬᠤᠭᠤᠴᠠᠭᠠᠨ ᠳᠠᠬᠢ ᠣᠰᠣᠨ ᠤ ᠡᠬᠢ ᠪᠠᠶᠠᠯᠢᠭ ᠤᠨ ᠬᠤᠷᠣᠭᠳᠠᠯ ᠤᠨ ᠶᠠᠷᠤᠩᠭᠡᠢ ᠬᠡᠮᠵᠢᠶ᠎ᠡ ᠪᠡ  ᠬᠦᠴᠦᠯᠡᠴᠡ ᠶᠢᠨ  ᠬᠤᠣᠰ ᠡᠵᠡᠮᠳᠠᠯ ᠤᠨ ᠠᠵᠢᠯᠯᠠᠭᠠᠨ ᠢ ᠭᠡᠷᠡᠭᠵᠢᠭᠦᠯᠬᠦ ᠲᠦᠰᠦᠯ︾ ᠢ ᠲᠤᠤᠱᠯᠠᠭᠤᠯᠣᠨ ᠨᠠᠶᠢᠳᠠᠪᠤᠷᠢᠵᠢᠭᠤᠯᠬᠤ ᠶᠢᠨ ᠲᠣᠯᠠᠳᠠ᠂  ᠮᠠᠨ ᠤ ᠬᠤᠰᠢᠭᠤᠨ ᠤ ᠠᠮᠢ ᠠᠬᠤᠢ ᠶᠢᠨ ᠪᠤᠯᠪᠠᠰᠣᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠦ  ᠂ ᠪᠣᠬᠢᠷᠳᠣᠯ ᠦᠭᠡᠢ ᠬᠦᠭᠵᠢᠯᠲᠡ ᠶᠢᠨ ᠬᠡᠯᠪᠡᠷᠢ ᠪᠠ ᠠᠮᠢᠳᠣᠷᠠᠯ ᠤᠨ ᠠᠷᠭ᠎ᠠ ᠮᠠᠶ᠋ᠢᠭ ᠢ ᠪᠤᠢ ᠪᠣᠯᠭᠠᠨ᠂ ᠣᠰᠣᠨ ᠤ ᠡᠬᠢ ᠪᠠᠶᠠᠯᠢᠭ ᠤᠨ ᠬᠤᠷᠤᠭᠳᠠᠯ ᠢ ᠣᠯᠠᠮ ᠨᠢᠭᠡ ᠠᠯᠬᠤᠮ ᠡᠵᠡᠮᠳᠡᠵᠤ᠂  ᠣᠰᠣᠨ ᠤ ᠡᠬᠢ ᠪᠠᠶᠠᠯᠢᠭ ᠤᠨ ᠬᠤᠷᠣᠭᠳᠠᠯ ᠤᠨ ᠶᠠᠷᠤᠩᠭᠡᠢ ᠬᠡᠮᠵᠢᠶ᠎ᠡ ᠪᠡ ᠬᠦᠴᠦᠯᠡᠴᠡ ᠶᠢᠨ ᠬᠤᠣᠰ ᠡᠵᠡᠮᠳᠠᠯ ᠤᠨ ᠠᠵᠢᠯᠯᠠᠭᠠᠨ ᠢ ᠬᠡᠷᠡᠭᠵᠢᠭᠦᠯᠦᠨ᠎ᠡ᠂  ᠳᠣᠣᠷ᠎ᠠ ᠬᠠᠮᠢᠶ᠎ᠠ ᠪᠤᠬᠦᠢ ᠵᠦᠢᠯᠡᠰ ᠢ ᠮᠡᠳᠡᠭᠳᠡᠶ᠎ᠡ᠄ᠨᠢᠭᠡ᠂ ᠶᠡᠷᠤᠩᠭᠡᠢ ᠱᠠᠭᠠᠷᠳᠠᠯᠭ᠎ᠠ         ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ᠶᠡᠷᠣᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠦᠵᠡᠯ ᠰᠠᠨᠠᠭ᠎ᠠ ᠶᠢ ᠬᠦᠨᠵᠡᠭᠡᠢ ᠰᠣᠷᠣᠯᠴᠠᠨ ᠡᠵᠡᠮᠰᠢᠵᠦ᠂ ︿︿ᠲᠠᠪᠤ ᠶᠢ ᠨᠢᠭᠡ ᠴᠤᠭᠴᠠᠵᠢᠭᠤᠯᠬᠤ︾ ᠶᠡᠷᠤᠩᠭᠡᠢ  ᠪᠠᠶᠢᠷᠢᠯᠠᠭᠤᠯᠤᠯᠳᠠ ᠶᠢ ᠨᠢᠭᠡᠳᠣᠯᠲᠠᠢ ᠲᠦᠯᠦᠪᠯᠡᠨ ᠠᠬᠢᠭᠤᠯᠬᠤ ᠪᠠ ︽ᠲᠦᠷᠪᠡᠨ ᠪᠦᠬᠦ ᠲᠡᠯ᠎ᠠ︾ ᠶᠢᠨ ᠪᠠᠶᠢᠯᠳᠣᠬᠤ ᠪᠣᠳᠣᠯᠭ᠎ᠠ ᠶᠢᠨ  ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠬᠤ ᠲᠠᠢ ᠨᠢᠭᠲᠠ ᠣᠶᠠᠯᠳᠣᠭᠤᠯᠵᠦ᠂ ᠰᠢᠨ᠎ᠡ ᠶᠢ ᠡᠭᠦᠳᠬᠦ᠂ ᠵᠣᠬᠢᠴᠠᠯᠳᠣᠯ᠂ ᠪᠤᠬᠢᠷᠳᠣᠯ ᠦᠭᠡᠢ᠂ ᠴᠢᠯᠤᠭᠡᠲᠣ᠂ ᠬᠠᠮᠳᠣ ᠪᠠᠷ ᠡᠳ᠋ᠯᠡᠬᠦ ᠬᠦᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠯᠭᠠᠵᠦ᠂ ᠨᠠᠮ ᠤᠨ ᠲᠥᠪ ᠬᠤᠷᠢᠶ᠎ᠠ᠂ ᠲᠦᠷᠥ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠤᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠨᠠᠮᠠᠭᠠᠢ ᠨᠠᠶᠢᠳᠠᠪᠤᠷᠢᠵᠢᠭᠤᠯᠵᠦ᠂ ︽ᠣᠰᠤ ᠠᠷᠪᠢᠯᠠᠬᠤ ᠶᠢ ᠣᠷᠢᠳᠠᠪᠠᠷ ᠪᠣᠳᠣᠯᠬᠢᠯᠠᠬᠤ᠂ ᠣᠷᠣᠨ ᠵᠠᠢ ᠲᠡᠩᠴᠡᠭᠦᠷᠢᠲᠠᠢ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠶᠢ ᠪᠠᠷᠢᠮᠳᠠᠯᠠᠨ᠂ ︽ᠬᠦᠭᠵᠢᠯᠲᠡ᠂ ᠠᠮᠢ ᠠᠬᠤᠢ᠂ ᠠᠷᠠᠳ ᠤᠨ ᠠᠮᠢᠳᠣᠷᠠᠯ︾ ᠭᠡᠬᠦ ᠭᠤᠷᠪᠠᠨ ᠵᠣᠷᠪᠤᠰ ᠨᠠᠭᠠᠲᠤ ᠵᠠᠬ᠎ᠠ ᠶᠢᠨ ᠬᠤᠷᠢᠭ᠎ᠠ ᠱᠣᠭᠤᠮ ᠢ ᠰᠠᠬᠢᠵᠤ᠂ ᠣᠰᠣᠨ ᠤ ᠡᠬᠢ ᠪᠠᠶᠠᠯᠢᠭ ᠤᠨ ᠬᠠᠮᠢᠶᠠᠷᠣᠯᠳᠠ ᠶᠢᠨ ᠬᠠᠮᠤᠭ ᠴᠢᠩᠭ᠎ᠠ ᠲᠦᠷᠢᠮ ᠢ ᠦᠨᠡᠨᠬᠦ ᠨᠠᠶᠢᠳᠠᠪᠤᠷᠢᠵᠢᠭᠤᠯᠵᠤ᠂ ᠣᠰᠣᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠤᠩᠭᠡᠢ ᠬᠡᠮᠵᠢᠶ᠎ᠡ ᠶᠢ ᠡᠵᠡᠮᠳᠡᠵᠦ᠂ ᠣᠰᠣᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠮᠵᠢ ᠶᠢᠨ ᠬᠠᠳᠠᠭᠤ ᠴᠢᠩᠭ᠎ᠠ ᠬᠢᠵᠠᠭᠠᠷᠯᠠᠯ ᠢ ᠴᠢᠩᠭᠠᠳᠬᠠᠨ᠂ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠬᠡᠯᠪᠡᠷᠢ ᠪᠠ ᠣᠰᠤ ᠬᠡᠷᠡᠭᠯᠡᠬᠦ ᠠᠷᠭ᠎ᠠ  ᠬᠡᠯᠪᠡᠷᠢ ᠶᠢᠨ ᠬᠤᠪᠢᠷᠠᠭᠤᠯᠤᠯᠲᠠ ᠢ ᠠᠬᠢᠭᠤᠯᠤᠨ᠎ᠠ᠃ ᠣᠰᠣᠨ ᠤ ᠡᠬᠢ ᠪᠠᠶᠠᠯᠢᠭ ᠤᠨ ᠬᠤᠷᠣᠭᠳᠠᠯ ᠤᠨ ᠬᠦᠴᠦᠯᠡᠴᠡ ᠶᠢ ᠬᠢᠵᠠᠭᠠᠷᠯᠠᠵᠤ᠂ ᠣᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠣᠯᠳᠠ ᠶᠢ ᠪᠦᠬᠦ ᠲᠠᠯ᠎ᠠ ᠪᠠᠷ ᠠᠬᠢᠭᠤᠯᠵᠦ᠂ ᠣᠰᠤ ᠠᠷᠪᠢᠯᠠᠨ ᠭᠠᠮᠨᠠᠬᠤ ᠳᠡᠳᠬᠠᠯ ᠢ ᠠᠵᠤ ᠠᠬᠤᠢ ᠨᠡᠶᠢᠭᠡᠮ ᠤᠨ ᠬᠦᠭᠵᠢᠯᠲᠡ ᠪᠤᠯᠤᠨ ᠠᠮᠢ ᠠᠬᠤᠢ ᠶᠢᠨ ᠪᠤᠯᠪᠠᠰᠣᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠣᠣᠱᠯᠠᠭᠤᠯᠵᠣ᠂ ᠬᠤᠤᠰ ᠡᠵᠡᠮᠳᠡᠯ ᠪᠠ ᠠᠵᠤ ᠠᠬᠤᠢ ᠬᠦᠭᠵᠢᠯᠲᠡ ᠶᠢᠨ ᠠᠷᠭ᠎ᠠ ᠬᠡᠯᠪᠡᠷᠢ ᠶᠢᠨ ᠬᠤᠪᠢᠷᠠᠭᠤᠯᠤᠯᠲᠠ  ᠲᠠᠢ ᠣᠶᠠᠯᠳᠣᠭᠤᠯᠬᠤ ᠶᠢ ᠪᠠᠷᠢᠮᠳᠠᠯᠠᠨ᠎ᠠ᠃ ᠣᠰᠣᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠮᠵᠢ ᠶᠢᠨ ᠬᠠᠳᠠᠭᠤ ᠴᠢᠩᠭ᠎ᠠ ᠬᠢᠵᠠᠭᠠᠷᠯᠠᠯ ᠪᠠᠷ ᠣᠰᠣᠨ ᠤ ᠬᠡᠷᠡᠭᠴᠡᠭᠡ ᠪᠠᠨ  ᠵᠤᠬᠢᠮᠵᠢᠲᠠᠢ ᠲᠣᠬᠢᠷᠠᠭᠤᠯᠤᠨ᠂ ᠠᠵᠦ ᠠᠬᠤᠢ ᠬᠦᠭᠵᠢᠯᠲᠡ  ᠶᠢᠨ ᠬᠡᠯᠪᠡᠷᠢ ᠶᠢᠨ ᠬᠤᠪᠢᠰᠣᠯ ᠢ ᠠᠬᠢᠭᠤᠯᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠢ ᠳᠠᠭᠠᠭᠤᠯᠤᠨ  ᠂ ᠠᠵᠤ ᠠᠬᠤᠢ ᠶᠢᠨ ᠬᠡᠯᠪᠡᠷᠢ ᠶᠢᠨ ᠰᠢᠯᠵᠢᠯᠲᠡ  ᠪᠡ ᠰᠢᠯᠢᠳᠡᠭᠵᠢᠯᠲᠡ ᠲᠠᠰ ᠳᠡᠪᠰᠢᠬᠦ ᠶᠢᠨ ᠳᠣᠮᠳᠠ ᠣᠰᠣᠨ ᠤ ᠡᠬᠢ ᠪᠠᠶᠠᠯᠢᠭ ᠤᠨ ᠠᠰᠢᠭᠯᠠᠯᠳᠠ ᠶᠢᠨ ᠨᠣᠷᠮ᠎ᠠ ᠪᠠ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃        ᠵᠠᠰᠠᠭ ᠤᠨ ᠣᠷᠳᠣᠨ ᠠᠴᠠ ᠭᠤᠣᠯᠯᠠᠨ ᠣᠳᠣᠷᠢᠳᠬᠤ ᠪᠠ ᠵᠠᠬ᠎ᠠ ᠳᠡᠯᠭᠡᠭᠦᠷ ᠤᠨ ᠲᠣᠬᠢᠷᠠᠭᠤᠯᠤᠯᠳᠠ ᠶᠢ ᠣᠶᠠᠯᠳᠣᠭᠤᠯᠬᠤ ᠶᠢ ᠪᠠᠷᠢᠮᠳᠠᠯᠠᠬᠤ ᠭᠡᠷᠡᠭᠲᠡᠢ᠃ ᠵᠠᠰᠠᠭ ᠤᠨ ᠣᠷᠳᠣᠨ ᠠᠴᠠ ᠣᠰᠣᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠤᠩᠭᠡᠢ ᠬᠡᠮᠵᠢᠶ᠎ᠡ ᠪᠠ ᠬᠦᠴᠦᠯᠡᠴᠡ ᠶᠢᠨ ᠡᠵᠡᠮᠳᠠᠯ ᠤᠨ ᠲᠦᠷᠢᠮ ᠪᠠ ᠬᠦᠲᠦᠯᠦᠨ ᠵᠢᠯᠤᠭᠤᠳᠬᠤ ᠦᠢᠯᠡᠳᠦᠯ ᠢ ᠴᠢᠩᠭᠠᠳᠬᠠᠨ᠂ ᠬᠠᠷᠠᠯᠲᠤ ᠬᠠᠷᠢᠭᠤᠴᠠᠯᠭ᠎ᠠ ᠶᠢᠨ ᠬᠢᠨᠡᠨ ᠰᠢᠯᠭᠠᠯᠲᠠ ᠶᠢ  ᠴᠢᠩᠭᠠᠳᠬᠠᠨ᠎ᠠ᠃ ᠵᠠᠬ᠎ᠠ ᠳᠡᠯᠭᠡᠭᠦᠷ ᠤᠨ ᠳᠣᠭᠳᠠᠴᠠ ᠶᠢ ᠳᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠦᠬᠦᠴᠡᠯ ᠢ ᠪᠤᠢ ᠪᠤᠯᠠᠭᠠᠨ᠂ ᠵᠠᠬ᠎ᠠ ᠳᠡᠯᠭᠡᠭᠦᠷ ᠤᠨ ᠲᠣᠭᠳᠠᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠦ᠂ ᠣᠰᠣᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃        ᠲᠦᠷᠢᠮ ᠤᠨ ᠡᠭᠦᠳᠦᠯᠲᠡ ᠪᠠ ᠤᠯᠠᠨ ᠨᠡᠶᠢᠲᠡ ᠶᠢᠨ ᠣᠷᠣᠯᠴᠠᠯᠭ᠎ᠠ ᠶᠢ ᠣᠶᠠᠯᠳᠣᠭᠤᠯᠬᠤ ᠶᠢ ᠪᠠᠷᠢᠮᠳᠠᠯᠠᠨ᠎ᠠ᠃ ︽ᠬᠤᠣᠰ ᠡᠵᠡᠮᠳᠡᠯ ᠤᠨ ᠠᠵᠢᠯᠯᠠᠭᠠᠨ︾ ᠤ ᠪᠦᠷᠢᠨ ᠳᠦᠬᠦᠷ ᠲᠦᠷᠥ ᠶᠢᠨ ᠪᠤᠳᠣᠯᠭ᠎ᠠ ᠶᠢ ᠳᠣᠭᠳᠠᠭᠠᠵᠤ᠂  ᠣᠷᠠᠮᠰᠢᠭᠤᠯᠣᠨ ᠵᠣᠷᠢᠭᠵᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠡᠭᠦᠳᠴᠦ᠂ ᠦᠨᠳᠦᠷ ᠦᠷ᠎ᠡ ᠪᠦᠲᠦᠮᠵᠢᠲᠠᠢ ᠣᠰᠤ ᠭᠡᠷᠡᠭᠯᠡᠬᠦ ᠰᠢᠰᠲ᠋ᠧᠮ ᠢ ᠪᠤᠢ ᠪᠤᠯᠭᠠᠨ᠎ᠠ᠃ ᠣᠯᠠᠨ ᠨᠡᠶᠢᠲᠡ ᠶᠢᠨ ᠣᠷᠣᠯᠴᠠᠬᠤ ᠲᠣᠭᠳᠠᠴᠠ ᠶᠢ ᠳᠡᠭᠦᠯᠳᠡᠷᠵᠢᠭᠦᠯᠵᠦ᠂ ᠣᠰᠣᠨ ᠤ ᠪᠠᠶᠢᠳᠠᠯ ᠤᠨ ᠲᠣᠬᠠᠢ ᠤᠬᠠᠭᠤᠯᠭ᠎ᠠ ᠬᠦᠮᠦᠵᠢᠯ ᠬᠢᠵᠦ᠂ ᠪᠦᠬᠦ ᠨᠡᠶᠢᠭᠡᠮ ᠤᠨ ᠣᠰᠤ ᠬᠠᠶᠢᠷᠠᠯᠠᠬᠤ᠂ ᠣᠰᠤ ᠶᠢ ᠬᠠᠮᠠᠭᠠᠯᠠᠬᠤ᠂ ᠣᠰᠤ ᠠᠷᠪᠢᠯᠠᠬᠤ ᠰᠠᠶᠢᠨ ᠰᠠᠶᠢᠬᠠᠨ ᠬᠡᠪ ᠰᠣᠷᠳᠠᠯ ᠢ ᠪᠤᠢ ᠪᠤᠯᠭᠠᠬᠤ ᠶᠢ ᠠᠬᠢᠭᠤᠯᠤᠨ᠎ᠠ᠃         ᠨᠢᠭᠡᠳᠣᠯᠲᠠᠢ ᠲᠦᠯᠦᠪᠯᠡᠨ ᠨᠡᠶᠢᠲᠡ ᠳᠤᠨᠢ ᠬᠠᠷᠠᠭᠠᠯᠵᠠᠬᠤ ᠪᠠ ᠲᠦᠷᠦᠯ ᠬᠤᠪᠢᠶᠠᠨ ᠲᠦᠯᠬᠢᠨ ᠠᠬᠢᠭᠤᠯᠬᠤ ᠶᠢ ᠣᠶᠠᠯᠳᠣᠭᠤᠯᠬᠤ ᠶᠢ ᠪᠠᠷᠢᠮᠳᠠᠯᠠᠨ᠎ᠠ᠃ ᠣᠷᠤᠨ ᠪᠦᠰᠡ ᠶᠢᠨ ᠣᠰᠣᠨ ᠤ ᠡᠬᠢ ᠪᠠᠶᠠᠯᠢᠭ ᠤᠨ ᠨᠦᠬᠦᠴᠡᠯ᠂ ᠠᠵᠤ ᠦᠢᠯᠡᠰ ᠤᠨ ᠪᠠᠶᠢᠷᠢᠰᠢᠯ᠂ ᠣᠰᠣᠨ ᠤ ᠭᠡᠷᠡᠭᠯᠡᠭᠡ ᠶᠢᠨ ᠪᠦᠲᠦᠴᠡ ᠪᠠ ᠬᠢᠷᠢ ᠲᠦᠪᠰᠢᠨ ᠢ ᠨᠢᠭᠡᠳᠣᠯᠲᠠᠢ ᠲᠦᠯᠦᠪᠯᠡᠨ ᠪᠤᠳᠣᠯᠬᠢᠯᠠᠵᠤ᠂ ︽ᠬᠤᠣᠰ ᠡᠵᠡᠮᠳᠡᠯ ᠤᠨ ᠠᠵᠢᠯᠯᠠᠭᠠᠨ︾ ᠤ ᠬᠠᠷᠠᠯᠲᠠ ᠶᠢ ᠰᠢᠨᠵᠢᠯᠡᠬᠦ ᠤᠬᠠᠭᠠᠨᠴᠢ ᠪᠦᠭᠡᠳ ᠵᠦᠢ ᠵᠣᠬᠢᠰᠲᠠᠢ ᠵᠠᠳᠠᠯᠣᠯᠲᠠ ᠬᠢᠵᠦ᠂ ᠬᠢᠵᠠᠭᠠᠷᠯᠠᠬᠤ ᠴᠢᠨᠠᠷᠲᠠᠢ ᠬᠦᠢᠴᠡᠳᠭᠡᠬᠦ ᠲᠤᠭ᠎ᠠ ᠶᠢᠨ ᠬᠠᠮᠢᠶᠠᠷᠣᠯᠳᠠ ᠶᠢ ᠴᠢᠩᠭᠠᠳᠬᠠᠨ᠎ᠠ᠃ ᠡᠯ᠎ᠡ  ᠠᠵᠢᠯ ᠲᠦᠷᠦᠯ᠂ ᠡᠯ᠎ᠡ ᠬᠦᠷᠢᠶ᠎ᠡ ᠬᠡᠪᠴᠢᠶᠡᠨ ᠳᠠᠬᠢ ᠭᠤᠣᠯᠳᠠᠯᠭ᠎ᠠ ᠲᠠᠢ ᠡᠭᠦᠷᠭᠡ ᠶᠢ ᠲᠦᠷᠦᠯ ᠬᠤᠪᠢᠶᠠᠨ ᠠᠬᠢᠭᠤᠯᠵᠤ᠂ ︽ᠬᠤᠣᠰ ᠡᠵᠡᠮᠳᠡᠯ ᠤᠨ ᠠᠵᠢᠯᠯᠠᠭᠠᠨ︾ ᠤ ᠬᠠᠷᠠᠯᠲᠠ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ᠬᠤᠶᠠᠷ᠄ ᠭᠤᠣᠯ ᠬᠠᠷᠠᠯᠲᠠ        2020ᠣᠨ ᠪᠤᠯᠬᠤ ᠳᠤ᠂ ᠪᠦᠬᠦ ᠬᠤᠰᠢᠭᠤᠨ ᠤ ᠣᠰᠣᠨ ᠤ ᠡᠬᠢ ᠪᠠᠶᠠᠯᠢᠭ ᠤᠨ ᠬᠤᠷᠣᠭᠳᠠᠯ ᠤᠨ ᠶᠠᠷᠤᠩᠭᠡᠢ ᠬᠡᠮᠵᠢᠶ᠎ᠡ ᠪᠡ  ᠬᠦᠴᠦᠯᠡᠴᠡ ᠶᠢᠨ ᠬᠤᠣᠰ ᠡᠵᠡᠮᠳᠠᠯ ᠤᠨ ᠬᠠᠮᠢᠶᠠᠷᠣᠯᠳᠠ ᠶᠢᠨ ᠲᠦᠷᠢᠮ ᠢ ᠦᠨᠳᠦᠰᠣᠨ ᠳᠡᠭᠡᠨ ᠲᠡᠭᠦᠯᠳᠡᠷᠵᠢᠭᠦᠯᠵᠦ᠂ ᠬᠤᠣᠰ ᠡᠵᠡᠮᠳᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠣᠰ ᠡᠵᠡᠮᠳᠡᠯ ᠤᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠲᠠ ᠪᠠᠯᠭᠠᠰᠤ ᠶᠢᠨ ᠬᠦᠭᠵᠢᠯᠲᠡ ᠶᠢᠨ ᠬᠡᠪᠴᠢᠶᠠᠵᠢᠯ᠂ ᠬᠦᠮᠦᠨ ᠠᠮᠠ ᠶᠢᠨ ᠬᠡᠪᠴᠢᠶᠠᠵᠢᠯ᠂ ᠠᠵᠤ ᠦᠢᠯᠡᠳᠪᠦᠷᠢ ᠬᠦᠳᠡᠭᠡ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠪᠤᠯᠤᠨ ᠪᠠᠶᠢᠷᠢᠯᠠᠭᠤᠯᠤᠯᠳᠠ ᠵᠡᠷᠭᠡ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ  ᠡᠯᠧᠮᠧᠨ᠋ᠲ ᠬᠢᠭᠡᠳ ᠣᠰᠣᠨ ᠤ ᠡᠬᠢ ᠪᠠᠶᠠᠯᠢᠭ ᠤᠨ ᠵᠣᠬᠢᠴᠠᠩᠭᠤᠢ ᠬᠦᠭᠵᠢᠬᠦ ᠶᠢ ᠠᠩᠬ᠎ᠠ ᠠᠯᠬᠤᠮ ᠪᠡᠶᠡᠯᠡᠭᠦᠯᠦᠨ᠎ᠡ᠃ ᠪᠦᠬᠦ ᠬᠤᠰᠢᠭᠤᠨ ᠤ ᠣᠰᠣᠨ ᠤ ᠭᠡᠷᠡᠭᠯᠡᠭᠡ  ᠶᠢᠨ ᠶᠡᠷᠤᠩᠭᠡᠢ ᠬᠡᠮᠵᠢᠶ᠎ᠡ ᠶᠢ ᠬᠢᠵᠡᠭᠠᠷᠯᠠᠵᠦ᠂ ᠦᠨᠳᠣᠰᠦᠨ ᠳᠡᠭᠡᠨ0.6435 ᠺᠦᠪ ᠮᠧᠲᠷ ᠳᠣᠲᠤᠷ᠎ᠠ ᠬᠢᠵᠠᠭᠠᠷᠯᠠᠨ᠎ᠠ᠃ ᠲᠦᠮᠡᠨ ᠲᠦᠭᠦᠷᠢᠭ ᠤᠨ ᠣᠯᠣᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠡᠳᠡᠭ ᠤᠨ ᠣᠰᠤ ᠭᠡᠷᠡᠭᠯᠡᠬᠦ ᠬᠡᠮᠵᠢᠶ᠎ᠡ ᠪᠠ ᠠᠵᠤ ᠦᠢᠯᠡᠳᠪᠦᠷᠢ ᠶᠢᠨ ᠨᠡᠮᠡᠭᠳᠡᠯ ᠦᠷᠡᠳᠡᠭ ᠤᠨ ᠣᠰᠤ ᠬᠡᠷᠡᠭᠯᠡᠬᠦ ᠬᠡᠮᠵᠢᠶ᠎ᠡ ᠲᠣᠰ ᠲᠣᠰ2015 ᠣᠨ ᠤ ᠠᠴᠠ20% ᠪᠠ7% ᠪᠠᠷ ᠪᠠᠭᠤᠷᠠᠨ᠎ᠠ᠃ ᠲᠠᠷᠢᠶᠠᠯᠠᠩ ᠠᠵᠤ ᠠᠬᠤᠢ ᠶᠢᠨ ᠮᠦ ᠪᠦᠷᠢ ᠶᠢᠨ ᠣᠰᠣᠯᠠᠯᠲᠠ ᠶᠢᠨ ᠣᠰᠤ ᠬᠡᠷᠡᠭᠯᠡᠬᠦ ᠬᠡᠮᠵᠢᠶ᠎ᠡ ᠶᠢ ᠮᠡᠳᠡᠭᠳᠡᠮ᠎ᠡ ᠳᠣᠷᠣᠭᠰᠢᠯᠠᠭᠤᠯᠵᠣ᠂ ᠲᠠᠷᠢᠶᠠᠨ ᠭᠠᠵᠠᠷ ᠤᠨ ᠣᠰᠣᠯᠠᠯᠲᠠ ᠶᠢᠨ ᠣᠰᠣᠨ ᠤ ᠠᠰᠢᠭᠯᠠᠯᠲᠠ ᠶᠢᠨ ᠢᠯᠡᠳᠭᠡᠮᠵᠢ ᠶᠢ0.7 ᠳᠤ ᠭᠦᠷᠭᠡᠨ᠎ᠡ᠃ᠭᠤᠷᠪᠠ᠄ ᠭᠤᠣᠯ ᠡᠭᠦᠷᠭᠡ ᠪᠤᠯᠤᠨ ᠬᠠᠷᠢᠭᠤᠴᠠᠯᠭ᠎ᠠ  ᠶᠢᠨ ᠬᠤᠪᠢᠶᠠᠷᠢᠯᠠᠯ       ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠢ ᠭᠤᠣᠯ ᠡᠬᠦᠷᠭᠡ ᠪᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠡᠰ ᠬᠤᠪᠢᠶᠠᠨ ᠬᠠᠮᠢᠶᠠᠷᠬᠤ ᠡᠭᠦᠷᠭᠡ ᠳᠤ  ᠬᠤᠰᠢᠭᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠢᠨᠠᠯᠲᠠ ᠲᠠᠯᠪᠢᠨ ᠵᠢᠭᠠᠨ ᠵᠢᠯᠤᠭᠤᠳᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠣᠰᠣᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠮᠵᠢ ᠶᠢᠨ ᠬᠠᠲᠠᠭᠤ ᠴᠢᠩᠭ᠎ᠠ ᠬᠢᠵᠠᠭᠠᠷᠯᠠᠯ ᠢ ᠴᠢᠩᠭᠠᠷᠠᠭᠤᠯᠵᠦ᠂ ᠬᠤᠰᠢᠭᠤᠨ ᠤ ᠣᠰᠣᠨ ᠠᠰᠢᠭᠯᠠᠯᠲᠠ ᠶᠢᠨ ᠲᠣᠪᠴᠢᠶ᠎ᠠ ᠠᠴᠠ  ᠲᠡᠷᠢᠭᠦᠯᠦᠨ ᠳᠡᠭᠠᠭᠤᠯᠵᠤ᠂ ᠣᠰᠣᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠮᠵᠢ ᠳᠤ ᠦᠨᠡᠯᠡᠬᠦ᠂ ᠣᠰᠣᠨ ᠤ ᠡᠬᠢ ᠪᠠᠶᠠᠯᠢᠭ ᠤᠨ ᠨᠣᠳᠠᠯᠠᠬᠤ ᠲᠦᠷᠢᠮ ᠪᠠ ᠣᠰᠤ ᠬᠡᠷᠡᠭᠯᠡᠬᠦ ᠵᠦᠪᠰᠢᠶᠠᠷᠡᠯ ᠶᠢᠨ ᠲᠦᠷᠢᠮ ᠢ ᠴᠢᠩᠭ᠎ᠠ  ᠬᠡᠷᠡᠭᠵᠢᠭᠦᠯᠦᠨ᠎ᠡ᠃ ᠡᠯ᠎ᠡ ᠠᠵᠢᠯ ᠲᠦᠷᠦᠯ ᠤᠨ ᠣᠰᠤ ᠠᠷᠪᠢᠯᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠣᠰᠤ ᠭᠠᠮᠨᠠᠬᠤ ᠬᠡᠯᠪᠡᠷᠢ ᠶᠢᠨ ᠲᠠᠷᠢᠶᠠᠯᠠᠩ ᠠᠵᠤ ᠠᠬᠤᠢ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠢ ᠬᠦᠭᠵᠢᠭᠦᠯᠵᠦ᠂ ᠣᠰᠤ ᠠᠷᠪᠢᠯᠠᠨ ᠭᠠᠮᠨᠠᠬᠤ ᠶᠢ ᠠᠵᠤ ᠠᠬᠤᠢ ᠨᠡᠶᠢᠭᠡᠮ ᠤᠨ ᠬᠦᠭᠵᠢᠯᠲᠡ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠤᠨ ᠪᠦᠬᠦ ᠶᠠᠪᠤᠴᠠ ᠳᠤ ᠲᠣᠣᠱᠯᠠᠭᠤᠯᠵᠣ᠂ ᠣᠰᠣᠨ ᠤ ᠡᠬᠢ ᠪᠠᠶᠠᠯᠢᠭ ᠢ ᠨᠢᠭᠡᠳᠣᠯᠲᠠᠢ ᠲᠦᠯᠦᠪᠯᠡᠨ ᠠᠰᠢᠭᠯᠠᠵᠤ᠂  ᠣᠰᠣᠨ ᠤ ᠡᠷᠬᠡ ᠶᠢᠨ ᠲᠦᠷᠢᠮ ᠤᠨ  ᠪᠠᠶᠢᠭᠤᠯᠤᠯᠲᠠ ᠶᠢ ᠡᠮᠬᠢ ᠵᠢᠷᠣᠮ ᠲᠠᠢ ᠯᠠᠪᠳᠠᠭᠤᠨ ᠠᠬᠢᠭᠤᠯᠵᠤ᠂ ᠦᠨ᠎ᠡ ᠬᠠᠩᠰᠢ ᠭᠠᠶᠢᠯᠢ ᠰᠦᠢᠳᠭᠡᠯ ᠤᠨ ᠲᠣᠬᠢᠷᠠᠯᠴᠠᠭ᠎ᠠ ᠶᠢ ᠲᠦᠷᠭᠡᠳᠭᠡᠵᠦ᠂ ᠣᠰᠣᠨ ᠤ ᠡᠬᠢ ᠪᠠᠶᠠᠯᠢᠭ ᠤᠨ ᠬᠠᠮᠢᠶᠠᠷᠣᠯᠳᠠ ᠶᠢᠨ ᠮᠡᠳᠡᠭᠡ ᠵᠠᠩᠬᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠰᠤ ᠬᠡᠷᠡᠭᠯᠡᠬᠦ ᠭᠤᠣᠯᠳᠠᠯᠭᠠᠲᠤ ᠪᠠᠶᠢᠭᠤᠯᠣᠯᠭ᠎ᠠ ᠨᠢᠭᠡᠴᠢ ᠶᠢᠨ  ᠬᠢᠨᠡᠯᠲᠡ ᠬᠠᠮᠢᠶᠠᠷᠤᠯᠲᠠ ᠶᠢ ᠴᠢᠩᠭᠠᠳᠬᠠᠵᠦ᠂ ᠤᠰᠤ ᠠᠷᠪᠢᠯᠠᠬᠤ ᠮᠡᠷᠭᠡᠵᠢᠯ ᠤᠨ ᠰᠣᠳᠣᠯᠣᠯᠳᠠ ᠪᠠ ᠲᠣᠭᠳᠠᠴᠠ ᠶᠢᠨ ᠰᠢᠨ᠎ᠡ ᠶᠢ ᠡᠭᠦᠳᠬᠦ ᠶᠢ  ᠲᠦᠷᠭᠡᠳᠬᠡᠨ ᠠᠬᠢᠭᠤᠯᠤᠨ᠎ᠠ᠃       ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠮᠠᠨ ᠤ ᠬᠤᠰᠢᠭᠤᠨ ᠤ ᠣᠰᠣᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠣᠩᠬᠡᠢ ᠬᠡᠮᠵᠢᠶ᠎ᠡ ᠪᠠ ᠬᠦᠴᠦᠯᠡᠴᠡ ᠶᠢᠨ ᠬᠤᠣᠰ ᠡᠵᠡᠮᠳᠡᠯ ᠤᠨ ᠠᠵᠢᠯ ᠳᠤ ᠶᠡᠷᠤᠩᠭᠡᠢ ᠬᠠᠷᠢᠭᠤᠴᠠᠯᠭ᠎ᠠ ᠶᠢ ᠬᠠᠷᠢᠭᠤᠴᠠᠵᠤ᠂ ᠠᠵᠢᠯ ᠤᠨ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠭᠦᠷᠭᠡ ᠶᠢᠨ ᠬᠤᠪᠢᠶᠠᠷᠢᠯᠠᠯ ᠢ ᠨᠠᠷᠢᠯᠢᠭᠵᠢᠭᠤᠯᠵᠤ᠂ ᠠᠵᠢᠯ ᠤᠨ ᠲᠣᠭᠳᠠᠴᠠ ᠶᠢ ᠰᠢᠨᠡᠳᠭᠡᠨ᠂ ᠬᠤᠣᠰ ᠡᠵᠡᠮᠳᠡᠯ ᠤᠨ ᠬᠠᠷᠠᠯᠲᠠ ᠪᠠᠨ ᠪᠡᠶᠡᠯᠡᠭᠦᠯᠬᠦ ᠶᠢ ᠪᠠᠲᠣᠯᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠡᠬᠦᠷᠭᠡ ᠲᠣᠰᠢᠶᠠᠯ ᠤᠨ ᠬᠤᠪᠢᠶᠠᠷᠢᠯᠠᠯ ᠶᠤᠰᠣᠭᠠᠷ᠂ ᠵᠢᠭᠤᠯᠣᠳᠣᠯᠭ᠎ᠠ᠂ ᠳᠡᠮᠵᠢᠯᠭᠡ ᠪᠠ ᠬᠢᠨᠡᠯᠳᠠ ᠬᠠᠮᠢᠶᠠᠷᠣᠯᠳᠠ ᠪᠠᠨ ᠴᠢᠩᠭᠠᠳᠬᠠᠨ᠎ᠠ᠃᠂ ᠬᠤᠰᠢᠭᠤᠨ ᠤ ᠣᠰᠣᠨ ᠠᠰᠢᠭᠯᠠᠯᠲᠠ ᠶᠢᠨ ᠲᠣᠪᠴᠢᠶ᠎ᠠ᠂ ᠬᠦᠭᠵᠢᠭᠦᠯᠦᠯᠲᠡ ᠦᠭᠡᠷᠡᠴᠢᠯᠡᠯᠳᠡ ᠶᠢᠨ ᠲᠣᠪᠴᠢᠶ᠎ᠠ ᠠᠵᠢᠯ ᠢᠶᠠᠨ ᠦᠨᠡᠨᠬᠦ ᠴᠢᠭᠡᠭᠠᠳᠬᠠᠵᠤ ᠨᠢᠭᠡᠳᠣᠯᠲᠠᠢ ᠲᠦᠯᠦᠪᠯᠡᠨ  ᠵᠣᠬᠢᠴᠠᠯᠳᠣᠭᠤᠯᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤ ᠪᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠱᠠᠭᠠᠷᠳᠠᠯᠭ᠎ᠠ ᠶᠣᠰᠣᠭᠠᠷ ᠠᠵᠢᠯ ᠤ ᠡᠭᠦᠷᠭᠡ ᠪᠠᠨ ᠪᠡᠶᠡᠯᠡᠭᠦᠯᠬᠦ ᠶᠢ ᠪᠠᠲᠣᠯᠠᠨ᠎ᠠ᠃                    ᠴᠠᠬᠠᠷ ᠪᠠᠷᠠᠭᠤᠨ ᠭᠠᠷᠣᠨ ᠳᠣᠮᠳᠠᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ                        2018ᠣᠨ ᠤ1 ᠰᠠᠷ᠎ᠠ ᠶᠢᠨ22 ᠤ ᠡᠳᠦᠷ                                              ᠤᠷᠴᠢᠭᠤᠯᠤᠭᠴᠢ᠄ ᠣᠳᠤᠩᠭᠤᠸ᠎ᠠ                      
 
ᠢᠷᠡᠯᠲᠡ᠄ ᠴᠠᠬᠠᠷ ᠪᠠᠷᠠᠭᠤᠨ ᠭᠠᠷᠤᠨ ᠳᠣᠮᠳᠠᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号