ᠬᠢᠯᠢ ᠶᠢᠨ ᠭᠠᠳᠠᠨ᠎ᠠ ᠵᠢᠭᠤᠯᠴᠢᠯᠠᠬᠤ ᠳᠤ ᠬᠡᠷᠬᠢᠨ ᠳᠠᠭᠠᠳᠬᠠᠯ ᠰᠣᠩᠭᠤᠬᠤ ᠪᠣᠢ︖
ᠨᠡᠶᠢᠲᠡᠯᠡᠭᠰᠡᠨ ᠴᠠᠭ᠄
2018-07-10
      ᠬᠢᠯᠢ ᠠᠴᠠ ᠭᠠᠷᠴᠤ ᠵᠢᠭᠤᠯᠴᠢᠯᠠᠬᠤ ᠳᠤ ᠪᠠᠩᠭᠢ ᠶᠢᠨ ᠺᠡᠷᠲ ᠬᠤᠯᠠᠭᠤᠨ ᠵᠣᠷᠠᠬᠤ᠂  ᠨᠢᠰᠭᠡᠯ ᠤᠨ ᠡᠭᠡᠯᠵᠢ ᠰᠠᠭᠠᠭᠳᠠᠬᠤ᠂ ᠰᠠᠨᠠᠭᠠᠨ ᠳᠤ ᠦᠭᠡᠢ ᠬᠡᠮᠳᠣᠯ ᠳᠤ ᠣᠴᠠᠷᠠᠬᠤ ᠵᠡᠷᠭᠡ ᠶᠠᠪᠤᠳᠠᠯ ᠭᠠᠷᠴᠦ ᠮᠡᠳᠡᠨ᠎ᠡ᠃ ᠬᠡᠷᠬᠢᠨ ᠲᠣᠬᠢᠷᠠᠮᠵᠢᠲᠠᠢ ᠳᠠᠭᠠᠳᠬᠠᠯ ᠰᠣᠩᠭᠤᠵᠤ ᠵᠢᠭᠤᠯᠴᠢᠯᠠᠯ ᠳᠠᠭᠠᠨ ᠠᠮᠤᠷ ᠲᠦᠪᠰᠢᠨ ᠤ ᠪᠠᠳᠣᠯᠠᠭ᠎ᠠ ᠬᠠᠩᠭᠠᠬᠤ ᠪᠣᠢ ᠭᠡᠳᠡᠭ ᠨᠢ ᠴᠦᠬᠡᠨ ᠪᠣᠰᠤ ᠬᠦᠮᠦᠰ ᠤᠨ ᠵᠢᠭᠤᠯᠴᠢᠯᠠᠯ ᠳᠠᠭᠠᠨ ᠵᠠᠪᠠᠯ ᠠᠪᠬᠤ ᠪᠡᠯᠡᠳᠭᠡᠬᠦ ᠶᠣᠰᠣᠲᠠᠢ ᠵᠦᠢᠯ ᠪᠤᠯᠤᠭᠰᠠᠨ ᠪᠠᠶᠢᠨ᠎ᠠ᠃ ᠶᠠᠭᠤᠨ ᠤ ᠡᠮᠦᠨ᠎ᠡ ᠵᠢᠭᠤᠯᠴᠢᠯᠠᠯ ᠤᠨ ᠠᠮᠤᠷ ᠲᠦᠪᠰᠢᠨ ᠢ ᠪᠠᠳᠣᠯᠠᠬᠤ ᠳᠤ ᠬᠢᠯᠢ ᠶᠢᠨ ᠭᠠᠳᠠᠨᠠᠬᠢ ᠵᠢᠭᠤᠯᠴᠢᠯᠠᠯ ᠤᠨ ᠰᠠᠨᠠᠭᠠᠨ ᠳᠤ ᠦᠭᠡᠢ ᠭᠡᠮᠳᠦᠯ ᠤᠨ ᠳᠠᠭᠠᠳᠬᠠᠯ ᠢ ᠰᠣᠩᠭᠤᠬᠤ ᠴᠢᠬᠤᠯᠠᠲᠠᠢ᠃ ᠡᠨᠡ ᠬᠦ ᠳᠠᠭᠠᠳᠬᠠᠯ ᠤᠨ ᠲᠦᠷᠦᠯ ᠪᠣᠯ ᠣᠬᠤᠷ ᠬᠤᠭᠤᠴᠠᠭᠠᠨ ᠤ ᠭᠠᠭᠴᠠ ᠣᠳᠠᠭ᠎ᠠ ᠶᠢᠨ ᠵᠢᠭᠤᠯᠴᠢᠯᠡᠯ ᠤᠨ ᠳᠠᠭᠠᠳᠬᠠᠯ ᠮᠦᠨ᠂ ᠠᠳᠠᠯᠢ ᠪᠤᠰᠣ ᠳᠠᠭᠠᠳᠬᠠᠯ ᠤᠨ ᠬᠤᠭᠤᠴᠠᠭ᠎ᠠ ᠰᠣᠩᠭᠤᠵᠣ ᠪᠣᠯᠣᠨ᠎ᠠ᠂ ᠵᠢᠭᠤᠯᠴᠢᠯᠠᠭᠴᠢ ᠣᠳᠠᠭ᠎ᠠ ᠪᠦᠷᠢ ᠬᠢᠯᠢ ᠶᠢᠨ ᠭᠠᠳᠠᠨ᠎ᠠ ᠵᠢᠭᠤᠯᠴᠢᠯᠠᠬᠤ ᠠᠴᠠ ᠪᠠᠨ ᠡᠮᠦᠨ᠎ᠡ ᠳᠠᠭᠠᠳᠬᠠᠭᠤᠯᠬᠤ ᠬᠡᠷᠡᠭᠲᠡᠢ᠃ ᠡᠯ᠎ᠡ ᠺᠣᠮᠫᠠᠨᠢ ᠶᠢᠨ ᠬᠡᠷᠡᠭᠵᠢᠭᠦᠯᠵᠦ ᠪᠠᠶᠢᠭ᠎ᠠ ᠳᠠᠭᠠᠳᠬᠠᠯ ᠤᠨ ᠲᠦᠷᠢᠮ ᠲᠣᠭᠳᠠᠭᠠᠯ ᠨᠢ ᠴᠦᠮ ᠠᠳᠠᠯᠢ ᠪᠣᠰᠤ ᠪᠠᠶᠢᠳᠠᠯ ᠪᠤᠯᠬᠤᠷ ᠰᠣᠩᠭᠤᠬᠤ ᠳᠠᠭᠠᠨ ᠠᠳᠠᠯᠢ ᠪᠣᠰᠤ ᠣᠯᠣᠰ ᠪᠣᠯᠣᠨ ᠭᠠᠵᠠᠷ ᠣᠷᠣᠨ ᠤ ᠡᠮᠴᠢᠯᠡᠭᠡᠨ ᠤ ᠳᠠᠭᠠᠳᠬᠠᠯ ᠤᠨ ᠳᠠᠭᠠᠳᠬᠠᠬᠤ ᠵᠣᠭᠤᠰᠣᠨ ᠲᠤᠭ᠎ᠠ ᠶᠢ ᠠᠩᠬᠠᠷᠬᠤ ᠬᠡᠷᠡᠭᠲᠡᠢ᠂ ᠣᠴᠢᠷ ᠨᠢ ᠵᠠᠷᠢᠮ ᠣᠯᠣᠰ ᠤᠨ ᠬᠢᠨ ᠭᠤᠶᠣᠴᠢᠯᠠᠭᠴᠢ ᠶᠢ ᠸᠢᠰᠠ ᠬᠢᠯᠭᠡᠬᠦ ᠳᠡᠭᠡᠨ ᠳᠠᠭᠠᠳᠬᠠᠭᠤᠯᠤᠭᠰᠠᠨ ᠡᠮᠴᠢᠯᠡᠭᠡᠨ ᠤ ᠳᠠᠭᠠᠳᠬᠠᠯ ᠵᠡᠷᠭᠡ ᠮᠡᠲ᠋ᠧᠷᠢᠶᠠᠯ ᠢᠶᠠᠨ ᠲᠣᠰᠢᠶᠠᠬᠤ ᠬᠡᠷᠡᠭᠲᠡᠢ ᠭᠡᠵᠤ ᠱᠠᠭᠠᠷᠳᠠᠳᠠᠭ᠂ ᠲᠡᠷᠡ ᠮᠦᠷᠳᠡᠭᠡᠨ ᠳᠠᠭᠠᠳᠬᠠᠭᠤᠯᠬᠤ ᠲᠤᠭ᠎ᠠ ᠨᠢ ᠡᠭᠦᠰᠴᠦ ᠮᠡᠳᠡᠬᠦ ᠡᠮᠴᠢᠯᠡᠭᠡᠨ ᠤ ᠵᠠᠷᠣᠳᠠᠯ ᠢ ᠡᠭᠦᠷᠭᠡᠯᠡᠵᠦ ᠳᠡᠶᠢᠯᠬᠦ ᠶᠢ ᠦᠨᠡᠨ ᠬᠦ ᠪᠠᠲᠣᠯᠠᠭᠰᠠᠨ ᠪᠠᠶᠢᠬᠤ ᠬᠡᠷᠡᠭᠲᠡᠢ᠂ ᠡᠩ ᠤᠨ ᠪᠠᠶᠢᠳᠠᠯ ᠳᠤ᠂ ᠳᠠᠭᠠᠳᠬᠠᠬᠤ ᠵᠣᠭᠤᠰᠣᠨ ᠲᠤᠭ᠎ᠠ ᠨᠢ ᠠᠷᠠᠳ ᠤᠨ ᠵᠣᠭᠤᠰ ᠢᠶᠠᠷ30 ᠰᠢᠬᠠᠮ ᠲᠦᠮᠡᠨ ᠲᠦᠭᠦᠷᠢᠭ ᠠᠴᠠ ᠲᠣᠣᠷ᠎ᠠ ᠪᠠᠶᠢᠵᠤ ᠪᠣᠯᠬᠤ ᠦᠭᠡᠢ᠃ ᠬᠡᠷᠪᠡ ᠳᠠᠭᠠᠳᠬᠠᠯ ᠠᠪᠬᠤ ᠶᠢ ᠠᠯᠪᠠᠳᠠᠳᠠᠭ ᠦᠬᠡᠢ ᠣᠯᠣᠰ ᠲᠤ ᠣᠴᠢᠬᠤ ᠳᠤ ᠬᠦᠷᠪᠡᠯ᠂ ᠵᠢᠭᠤᠯᠴᠢᠯᠠᠭᠴᠢ ᠰᠣᠩᠭᠤᠬᠤ ᠳᠠᠭᠠᠨ ᠵᠢᠭᠤᠯᠴᠢᠯᠠᠬᠤ ᠡᠳᠣᠷ ᠤᠨ ᠲᠤᠭ᠎ᠠ ᠪᠠ ᠵᠢᠭᠤᠯᠴᠢᠯᠠᠬᠤ ᠭᠠᠵᠠᠷ ᠤᠨ ᠢᠶᠠᠨ ᠬᠡᠷᠡᠭᠯᠡᠭᠡᠨ ᠤ ᠬᠢᠷᠢ ᠲᠦᠪᠰᠢᠨ ᠵᠡᠷᠭᠡ ᠬᠦᠴᠦᠨ ᠵᠦᠢᠯ ᠢ ᠪᠣᠳᠣᠯᠬᠢᠯᠡᠵᠣ ᠪᠣᠯᠣᠨ᠎ᠠ᠂ ᠬᠡᠷᠡᠭᠯᠡᠭᠡᠨ ᠤ ᠬᠢᠷᠢ ᠲᠦᠪᠰᠢᠨ  ᠨᠢ ᠬᠡᠳᠦᠢ ᠦᠨᠳᠦᠷ ᠪᠣᠯ ᠳᠠᠭᠠᠳᠬᠠᠭᠤᠯᠬᠤ ᠵᠣᠭᠤᠰᠤᠨ ᠲᠤᠭ᠎ᠠ ᠪᠠᠨ ᠪᠠᠰᠠ ᠦᠨᠳᠣᠷ ᠰᠢᠭ ᠰᠣᠩᠭᠤᠬᠤ ᠬᠡᠷᠡᠭᠲᠡᠢ᠃ ᠵᠢᠭᠤᠯᠴᠢᠯᠠᠭᠴᠢ ᠳᠠᠭᠠᠳᠬᠠᠯ ᠤᠨ ᠺᠣᠮᠫᠠᠨᠢ ᠶᠢᠨ ᠰᠦᠯᠵᠢᠶ᠎ᠡ ᠪᠠ ᠵᠢᠭᠤᠯᠴᠢᠯᠠᠯ ᠤᠨ ᠰᠦᠯᠵᠢᠶ᠎ᠡ ᠠᠴᠠ ᠬᠤᠳᠠᠯᠳᠣᠨ ᠠᠪᠴᠦ ᠪᠣᠯᠣᠨ᠎ᠠ᠃       ᠡᠩ ᠤᠨ ᠪᠠᠶᠢᠳᠠᠯ ᠳᠤ᠂ ᠬᠢᠯᠢ ᠶᠢᠨ ᠭᠠᠳᠠᠨᠠᠬᠢ ᠵᠢᠭᠤᠯᠴᠢᠯᠠᠯ ᠤᠨ ᠰᠠᠨᠠᠭᠠᠨ ᠳᠤ ᠦᠭᠡᠢ ᠭᠡᠮᠳᠣᠯ ᠤᠨ ᠳᠠᠭᠠᠳᠬᠠᠯ ᠬᠡᠷᠡᠭᠵᠢᠭᠦᠯᠵᠦ ᠪᠠᠶᠢᠭ᠎ᠠ ᠺᠣᠮᠫᠠᠨᠢ ᠨᠢ ᠴᠦᠮ ᠣᠯᠠᠨ ᠣᠯᠣᠰ ᠤᠨ ᠪᠠᠴᠢᠮ ᠠᠪᠤᠷᠠᠨ ᠲᠣᠰᠠᠯᠠᠯᠲᠠ ᠶᠢᠨ ᠪᠠᠶᠢᠭᠤᠯᠣᠮᠵᠢ ᠲᠠᠢ ᠬᠠᠮᠲᠣᠷᠠᠨ ᠠᠵᠢᠯᠯᠠᠳᠠᠭ ᠪᠣᠯᠬᠤᠷ ᠵᠢᠭᠤᠯᠴᠢᠯᠠᠭᠴᠢ ᠳᠤ ᠰᠠᠨᠠᠭᠤᠯᠬᠤ ᠨᠢ᠂ ᠰᠠᠨᠠᠭᠠᠨ ᠳᠤ ᠦᠭᠡᠢ ᠭᠡᠮᠳᠣᠯ ᠤᠨ ᠳᠠᠭᠠᠳᠬᠠᠯ ᠬᠤᠳᠠᠯᠳᠣᠨ ᠠᠪᠬᠤ ᠳᠠᠭᠠᠨ ᠬᠠᠮᠲᠤ ᠳᠤᠨᠢ ᠬᠢᠯᠢ ᠶᠢᠨ ᠭᠠᠳᠠᠨᠠᠬᠢ ᠪᠠᠴᠢᠮ ᠠᠪᠤᠷᠠᠨ ᠲᠣᠰᠠᠯᠠᠯᠲᠠ ᠶᠢᠨ ᠳᠠᠭᠠᠳᠬᠠᠯ ᠬᠤᠳᠠᠯᠳᠣᠨ ᠠᠪᠴᠦ ᠪᠣᠯᠣᠨ᠎ᠠ᠂ ᠬᠤᠳᠠᠯᠳᠣᠨ ᠠᠪᠬᠤ ᠠᠴᠠ ᠪᠠᠨ ᠡᠮᠦᠨ᠎ᠡ ᠣᠷᠢᠳᠠᠪᠠᠷ ᠬᠠᠮᠳᠣᠷᠠᠨ ᠠᠵᠢᠯᠯᠠᠵᠣ ᠪᠠᠶᠢᠭ᠎ᠠ ᠣᠯᠠᠨ ᠣᠯᠣᠰ ᠤᠨ ᠠᠪᠤᠷᠠᠨ ᠲᠣᠰᠠᠯᠠᠯᠲᠠ ᠶᠢᠨ ᠪᠠᠶᠢᠭᠤᠯᠣᠮᠵᠢ ᠶᠢᠨ ᠦᠢᠯᠡᠴᠢᠯᠡᠭᠡᠨ ᠤ ᠬᠢᠷᠢ ᠲᠦᠪᠰᠢᠨ᠂ ᠪᠠᠶᠢᠭᠤᠯᠣᠮᠵᠢ ᠶᠢᠨ ᠰᠦᠯᠵᠢᠶᠠᠨ ᠴᠡᠭ ᠵᠡᠷᠭᠡ ᠶᠢ ᠣᠶᠢᠯᠠᠭᠠᠵᠤ᠂ ᠳᠠᠭᠠᠳᠬᠠᠯ ᠤᠨ ᠲᠦᠷᠦᠯ ᠳᠤᠨᠢ ᠪᠠᠴᠢᠮ ᠠᠪᠤᠷᠠᠨ ᠲᠣᠰᠠᠯᠠᠯᠲᠠ ᠪᠠ ᠡᠮᠴᠢᠯᠡᠭᠡᠨ ᠤ ᠵᠠᠷᠣᠳᠠᠯ ᠢ ᠣᠷᠢᠳᠴᠢᠯᠠᠨ ᠲᠦᠯᠦᠬᠦ ᠬᠤᠶᠠᠷ ᠵᠦᠢᠯ ᠤᠨ ᠴᠢᠳᠠᠮᠵᠢ ᠲᠠᠢ ᠪᠠᠶᠢᠪᠠᠯ ᠬᠠᠮᠤᠭ ᠤᠨ ᠰᠠᠶᠢᠨ᠃ ᠰᠠᠨᠠᠭᠠᠨ ᠳᠤ ᠦᠭᠡᠢ ᠪᠠᠶᠢᠳᠠᠯ ᠭᠠᠷᠪᠠ ᠭᠡᠭᠰᠡᠭᠡᠷ ᠠᠪᠤᠷᠠᠨ ᠲᠣᠰᠠᠯᠠᠯᠲᠠ ᠶᠢᠨ ᠦᠢᠯᠡᠴᠢᠯᠡᠭᠡᠨ ᠤ ᠣᠳᠠᠰᠣ ᠪᠠᠷ ᠬᠤᠯᠪᠣᠭ᠎ᠠ ᠠᠪᠴᠦ ᠪᠠᠴᠢᠮ ᠳᠡᠮᠵᠢᠯᠭᠡ ᠬᠦᠰᠡᠵᠣ ᠪᠣᠯᠣᠨ᠎ᠠ᠃        ᠳᠠᠷᠠᠭᠠᠯᠠᠪᠠᠯ ᠨᠢᠰᠭᠡᠯ ᠤᠨ ᠡᠭᠡᠯᠵᠢ ᠶᠢᠨ ᠰᠠᠭᠠᠳᠠᠯ ᠤᠨ ᠳᠠᠭᠠᠳᠬᠠᠯ ᠠᠪᠴᠦ ᠪᠣᠯᠣᠨ᠎ᠠ᠃ ᠠᠵᠢᠯ ᠲᠦᠷᠦᠯ ᠤᠨ ᠲᠣᠳᠣᠭᠠᠳᠣ ᠶᠢᠨ ᠬᠦᠮᠦᠨ ᠤ ᠰᠠᠨᠠᠭᠤᠯᠤᠭᠰᠠᠨ ᠢᠶᠠᠷ᠂ ᠳᠠᠭᠠᠳᠬᠠᠯ ᠰᠣᠩᠭᠤᠬᠤ ᠳᠠᠭᠠᠨ ᠲᠦᠯᠦᠪᠦᠷᠢ ᠥᠭᠬᠦ ᠪᠠᠷᠢᠮᠵᠢᠶ᠎ᠠ ᠪᠠ ᠲᠦᠯᠦᠪᠦᠷᠢ ᠥᠭᠬᠦ ᠲᠦᠭᠦᠮ ᠴᠢᠨᠡᠷ ᠢ ᠭᠤᠣᠯᠳᠠᠯᠭ᠎ᠠ ᠲᠠᠢ ᠠᠩᠬᠠᠷᠴᠤ᠂ ᠡᠬᠢᠯᠡᠵᠤ ᠲᠦᠯᠦᠬᠦ ᠴᠠᠭ ᠨᠢ ᠣᠬᠤᠷ ᠳᠠᠭᠠᠳᠬᠠᠯ ᠢ ᠣᠷᠢᠳᠠᠪᠠᠷ ᠰᠣᠩᠭᠤᠬᠤ ᠬᠡᠷᠡᠭᠲᠡᠢ᠂ ᠨᠢᠰᠭᠡᠯ ᠤᠨ ᠡᠭᠡᠯᠵᠢ ᠶᠢᠨ ᠰᠠᠭᠠᠲᠠᠯ ᠤᠨ ᠳᠠᠭᠠᠳᠬᠠᠯ ᠳᠤ ᠬᠠᠮᠤᠭ ᠤᠨ ᠰᠠᠶᠢᠨ ᠨᠢ 2 ᠴᠠᠭ ᠰᠠᠭᠠᠲᠠᠪᠠᠯ ᠲᠠᠷᠣᠢ ᠡᠬᠢᠯᠡᠨ ᠲᠦᠯᠦᠪᠦᠷᠢ ᠥᠭᠬᠦ ᠮᠦᠷᠳᠡᠭᠡᠨ ᠨᠢᠰᠭᠡᠯ ᠤᠨ ᠪᠠᠭᠤᠳᠠᠯ᠂ ᠠᠭᠠᠷ ᠤᠨ ᠠᠶᠠᠯᠠᠯ ᠤᠨ ᠺᠣᠮᠫᠠᠨᠢ ᠠᠴᠠ ᠰᠠᠭᠠᠲᠠᠯ ᠤᠨ ᠭᠡᠷᠡᠴᠢ ᠭᠠᠷᠭᠠᠬᠤ ᠴᠢᠬᠤᠯᠠ ᠦᠭᠡᠢ ᠂ ᠲᠦᠯᠦᠪᠦᠷᠢ ᠥᠭᠬᠦ ᠨᠦᠬᠦᠴᠡᠯ ᠢ ᠪᠦᠷᠢᠳᠦᠭᠦᠯᠦᠭᠰᠡᠭᠡᠷ ᠳᠠᠷᠣᠢ ᠲᠦᠷᠭᠡᠨ ᠭᠦᠷᠭᠡᠯᠲᠡ ᠪᠠᠷ ᠠᠶᠠᠨᠳᠠᠭᠠᠨ ᠲᠦᠯᠦᠵᠣ ᠪᠤᠯᠬᠤ ᠳᠠᠭᠠᠳᠬᠠᠯ ᠢ ᠰᠣᠩᠭᠤᠬᠤ ᠬᠡᠷᠡᠭᠲᠡᠢ᠃       ᠪᠠᠩᠭᠢ ᠶᠢᠨ ᠺᠠᠷᠲ ᠬᠤᠯᠠᠭᠤᠨ ᠵᠣᠷᠠᠬᠤ ᠳᠠᠭᠠᠳᠬᠠᠯ ᠤᠨ ᠪᠠᠲᠣᠯᠠᠭ᠎ᠠ ᠶᠢᠨ ᠬᠡᠪᠴᠢᠶ᠎ᠡ ᠨᠢ ᠨᠡᠯᠢᠶᠡᠳ ᠪᠦᠬᠦ ᠲᠠᠯ᠎ᠠ ᠶᠢᠨ ᠪᠠᠶᠢᠳᠠᠭ᠃ ᠺᠡᠷᠲ ᠡᠵᠡᠮᠰᠢᠭᠴᠢ ᠨᠢ ᠺᠡᠷᠲ ᠵᠣᠷᠠᠬᠤ ᠨᠢᠭᠤᠴᠠ ᠨᠤᠮᠧᠷ ᠲᠠᠭᠠᠷᠠᠭᠤᠯᠤᠭᠰᠠᠨ ᠴᠤ ᠲᠡᠷᠡ ᠲᠠᠭᠠᠷᠠᠭᠤᠯᠤᠭᠰᠠᠨ ᠦᠭᠡᠢ ᠴᠤ ᠲᠡᠷᠡ᠂ pos ᠮᠠᠰᠢᠨ ᠢᠶᠠᠷ ᠬᠤᠯᠠᠭᠤᠨ ᠬᠡᠷᠡᠭᠯᠡᠭᠰᠡᠨ ᠴᠤ ᠲᠡᠷᠡ ᠡᠰᠡᠭᠦᠯ᠎ᠡ ᠰᠦᠯᠵᠢᠶᠠᠨ ᠤ ᠠᠷᠠᠯᠵᠢᠶ᠎ᠡ ᠬᠢᠭᠰᠡᠨ ᠴᠤ ᠲᠡᠷᠡ ᠴᠦᠮ ᠬᠤᠯᠠᠭᠤᠨ ᠵᠣᠷᠠᠬᠤ ᠳᠠᠭᠠᠳᠬᠠᠯ ᠢᠶᠠᠷ ᠲᠦᠯᠦᠪᠦᠷᠢ ᠣᠯᠵᠣ ᠪᠣᠯᠣᠨ᠎ᠠ  ᠃ ᠠᠩᠬᠠᠷᠬᠤ ᠴᠢᠬᠤᠯᠠᠲᠠᠢ ᠵᠦᠢᠯ ᠭᠡᠪᠡᠯ᠂ ᠪᠠᠩᠭᠢ ᠶᠢᠨ ᠺᠠᠷᠲ ᠴᠢᠨᠢ ᠬᠤᠯᠠᠭᠤᠭᠳᠠᠨ ᠵᠣᠷᠠᠭᠳᠠᠪᠠᠯ ᠶᠠᠭᠠᠬᠢᠭᠰᠠᠨ ᠴᠤ ᠴᠠᠭ ᠲᠣᠬᠠᠢ ᠳᠤᠨᠢ ᠪᠠᠩᠭᠢ ᠳᠤ ᠠᠯᠳᠠᠭᠰᠠᠨ ᠢᠶᠠᠷ ᠮᠡᠳᠡᠭᠦᠯᠬᠦ ᠬᠡᠷᠡᠭᠲᠡᠢ᠂ ᠬᠤᠯᠠᠭᠤᠨ ᠵᠣᠷᠠᠭᠰᠠᠨ ᠤ7 ᠡᠳᠦᠷ ᠤᠨ ᠲᠣᠳᠣᠷ᠎ᠠ ᠠᠯᠳᠠᠭᠰᠠᠨ ᠢᠶᠠᠨ ᠮᠡᠳᠡᠭᠦᠯᠦᠭᠰᠡᠨ ᠪᠠᠶᠢᠳᠠᠭ ᠯᠡ ᠶᠤᠮ ᠪᠣᠯ ᠪᠠᠩᠭᠢ ᠶᠢᠨ ᠺᠠᠷᠲ ᠬᠤᠯᠠᠭᠤᠨ ᠵᠣᠷᠠᠬᠤ ᠳᠠᠭᠠᠳᠬᠠᠯ ᠢᠶᠠᠷ ᠴᠦᠮ ᠲᠦᠯᠦᠪᠦᠷᠢ ᠣᠯᠵᠣ ᠪᠣᠯᠣᠨ᠎ᠠ᠃      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号