| ᠨᠠ᠊ · ᠰᠠᠶᠢᠨᠴᠤᠭᠲᠣ ᠵᠤᠬᠢᠶᠠᠪᠠ᠃1999 ᠣᠨ ᠳᠤ ᠦᠪᠦᠷ ᠮᠤᠩᠭᠤᠯ ᠤᠨ ᠠᠷᠠᠳ ᠤᠨ ᠬᠡᠪᠯᠡᠯ ᠤᠨ | ᠬᠤᠷᠢᠶ᠎ᠠ ᠬᠡᠪᠯᠡᠭᠦᠯᠵᠠᠢ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠠᠴᠠ ᠳᠣᠮᠳᠠᠳᠣ ᠣᠯᠣᠰ | ᠪᠠᠶᠢᠭᠤᠯᠤᠭᠳᠠᠭᠰᠠᠨ50 ᠵᠢᠯ ᠤᠨ ᠣᠢ ᠳᠤ ᠪᠡᠯᠡᠭ ᠪᠤᠯᠭᠠᠭᠰᠠᠨ ᠭᠤᠣᠯᠳᠠᠯᠭ᠎ᠠ ᠲᠠᠢ ᠬᠡᠪᠯᠡᠯ ᠤᠨ ᠵᠦᠢᠯ ᠤᠨ ᠨᠢᠭᠡ᠃ | ᠮᠣᠩᠭᠤᠯ ᠦᠨᠳᠣᠰᠣᠳᠡᠨ ᠤ ᠣᠳᠬ᠎ᠠ ᠵᠤᠬᠢᠶᠠᠯ ᠤᠨ ᠲᠡᠤᠭᠡᠨ ᠳᠡᠭᠡᠷᠡᠬᠢ ᠠᠩᠬᠠᠨ ᠤ ᠬᠤᠪᠢ ᠬᠦᠮᠦᠨ ᠤ ᠪᠦᠷᠢᠨ | ᠵᠣᠬᠢᠶᠠᠯ᠃ ᠲᠣᠰ ᠨᠣᠮ ᠨᠠᠶᠢᠲᠡ8 ᠬᠡᠰᠡᠭ ᠢᠶᠠᠷ ᠪᠦᠷᠢᠯᠳᠣᠵᠠᠢ᠃ ᠰᠢᠯᠦᠭ᠂ ᠨᠠᠶᠢᠷᠠᠭᠤᠯᠤᠯ᠂ ᠰᠤᠯᠠ ᠳᠡᠮᠳᠡᠭᠯᠡᠯ᠂ | ᠰᠢᠬᠦᠮᠵᠢ ᠦᠬᠦᠯᠡᠯ᠂ ᠤᠷᠴᠢᠭᠤᠯᠭ᠎ᠠ ᠶᠢᠨ ᠪᠦᠲᠦᠭᠡᠯ᠂ ᠵᠠᠬᠢᠳᠠᠯ᠂ ᠡᠳᠦᠷ ᠤᠨ ᠳᠡᠮᠳᠡᠭᠯᠡᠯ ᠵᠢᠴᠢ ᠰᠢᠨ᠎ᠡ ᠪᠠᠷ | ᠤᠯᠳᠠᠭᠰᠠᠨ ᠠᠷᠠᠳ ᠤᠨ ᠳᠣᠮᠳᠠ ᠲᠠᠷᠠᠬᠠᠢ ᠪᠤᠳᠠᠷᠬᠠᠢ ᠲᠠᠷᠬᠠᠵᠤ ᠪᠠᠶᠢᠭᠰᠠᠨ ᠪᠠ ᠣᠯᠣᠰ ᠤᠨ ᠭᠠᠳᠠᠭᠠᠳᠣ ᠳᠤ | ᠲᠠᠷᠬᠠᠵᠤ ᠪᠠᠶᠢᠭᠰᠠᠨ ᠪᠦᠲᠦᠭᠡᠯ ᠤᠳ ᠪᠤᠢ᠃ ᠡᠳᠡᠭᠡᠷ ᠪᠦᠲᠦᠭᠡᠯ ᠤᠳ ᠡᠩᠭᠡ ᠲᠠᠶᠢᠪᠤᠩ᠂ ᠡᠬᠡ ᠣᠯᠣᠰ᠂ ᠠᠷᠠᠳ | ᠲᠦᠮᠡᠨ ᠢ ᠮᠠᠭᠲᠠᠨ ᠳᠠᠭᠤᠯᠠᠵᠠᠢ᠃ ᠰᠡᠳᠣᠪ ᠨᠢ ᠪᠠᠶᠠᠯᠢᠭ᠂ ᠪᠢᠴᠢᠯᠭᠡ ᠶᠢᠨ ᠠᠷᠭ᠎ᠠ ᠨᠢ ᠰᠢᠨ᠎ᠡ ᠰᠡᠪᠡᠭᠦᠨ ᠬᠡᠳᠤᠨ | ᠦᠶ᠎ᠡ ᠶᠢᠨ ᠮᠤᠩᠭᠤᠯ ᠵᠣᠬᠢᠶᠠᠯᠴᠢ ᠪᠠ ᠤᠩᠰᠢᠭᠴᠢ ᠶᠢ ᠨᠦᠯᠦᠭᠡᠯᠡᠵᠦ ᠢᠷᠡᠪᠡ᠃ ᠲᠣᠰ ᠲᠡᠭᠦᠪᠦᠷᠢ2000 | ᠣᠨ ᠳᠤ12 ᠳ᠋ᠤᠭᠠᠷ ᠬᠤᠭᠤᠴᠠᠭᠠᠨ ᠤ ᠳᠣᠮᠳᠠᠳᠣ ᠣᠯᠣᠰ ᠤᠨ ᠨᠣᠮ ᠪᠢᠴᠢᠭ ᠤᠨ ᠱᠠᠩᠨᠠᠯ ᠢ ᠭᠦᠷᠳᠡᠪᠡ᠃ | | | | | |