ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤ ᠨᠡᠶᠢᠭᠡᠮ ᠤᠨ ᠠᠪᠤᠷᠠᠨ ᠲᠤᠰᠠᠯᠠᠯᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠲᠤᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-10-11
         ᠣᠶᠢᠷ᠎ᠡ ᠳᠤ᠂ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠪᠥᠬᠦ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢ ᠨᠠᠷᠢᠯᠢᠭᠵᠢᠭᠤᠯᠤᠨ ᠬᠠᠮᠢᠶᠠᠷᠬᠤ ᠵᠢᠴᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢ ᠠᠬᠢᠭᠤᠯᠬᠤ ᠬᠤᠷᠠᠯ ᠬᠢᠪᠡ᠃ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠪ ᠤᠨ ᠪᠦᠬᠦ ᠠᠵᠢᠯᠲᠠᠨ ᠵᠢᠴᠢ ᠰᠤᠮᠤ ᠰᠢᠶᠠᠩ ᠪᠠᠯᠭᠠᠰᠤ ᠶᠢᠨ ᠠᠷᠠᠳ ᠤᠨ ᠶᠠᠪᠤᠳᠠᠯ ᠤᠨ ᠭᠠᠵᠠᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃       ᠬᠤᠷᠠᠯ ᠠᠴᠠ ᠨᠡᠢᠭᠡᠮ ᠤᠨ ᠠᠪᠤᠷᠠᠨ ᠲᠤᠰᠠᠯᠠᠬᠤ ᠶᠢ ᠵᠢᠷᠤᠮᠵᠢᠭᠤᠯᠬᠤ᠂ ᠰᠢᠨᠵᠢᠯᠡᠬᠦ ᠤᠬᠠᠭᠠᠨᠴᠢᠯᠠᠬᠤ᠂ ᠨᠠᠷᠢᠯᠢᠬᠵᠢᠭᠤᠯᠬᠤ ᠬᠠᠮᠢᠶᠠᠷᠤᠯᠲᠠ ᠶᠢ ᠰᠠᠶᠢᠲᠤᠷ ᠬᠢᠬᠦ ᠲᠣᠭᠤᠷᠢᠨ ᠳᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠪᠣᠯᠤᠨ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ ᠶᠢ ᠬᠤᠤᠰ ᠴᠢᠭᠯᠡᠯ ᠢᠶᠠᠷ ᠵᠣᠯᠭᠠᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠲᠤᠯᠠᠬᠤ ᠡᠨᠡᠬᠦ ᠭᠤᠤᠯ ᠰᠡᠳᠦᠪ ᠢ ᠠᠬᠢᠭᠤᠯᠪᠠ᠃ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠱᠢ ᠭᠤᠸᠠᠩ ᠪᠡᠶ᠎ᠡ ᠪᠠᠷ ᠢᠶᠠᠨ ᠠᠩᠭᠢ ᠳᠠᠭᠠᠭᠤᠯᠵᠤ᠂ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠴᠠᠬᠠᠷ ᠪᠠᠷᠠᠭᠤᠨ ᠭᠠᠷᠤᠨ ᠡᠮᠦᠨᠡᠳᠣ ᠬᠤᠰᠢᠭᠤ ᠪᠣᠯᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠲᠣᠭᠤᠷᠢᠨ ᠦᠵᠡᠵᠦ ᠰᠤᠷᠤᠯᠴᠠᠪᠠ᠃ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢᠳᠠᠭᠰᠠᠨ ᠰᠠᠭᠤᠷᠢᠨ ᠳᠡᠭᠡᠷ᠎ᠡ ᠭᠦᠨᠵᠡᠭᠡᠶ ᠶᠠᠷᠢᠯᠴᠠᠨ ᠰᠣᠯᠢᠯᠴᠠᠵᠤ᠂ ᠡᠭᠦᠨ ᠤ ᠤᠯᠠᠮ ᠢᠶᠠᠷ ᠣᠯᠵᠤ ᠠᠯᠳᠠᠬᠤ ᠪᠠᠨ ᠲᠣᠳᠣᠷᠬᠠᠶᠢᠯᠠᠵᠤ᠂ ᠠᠯᠳᠠᠭ᠎ᠠ ᠳᠤᠲᠠᠭᠳᠠᠯ ᠢᠶᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠥᠬᠦ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠠᠬᠢᠨ ᠰᠢᠨ᠎ᠡ ᠠᠮᠵᠢᠯᠲᠠ ᠣᠯᠵᠤ᠂ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃       ᠬᠤᠷᠠᠯ ᠠᠴᠠ 2019 ᠣᠨ ᠠᠴᠠ ᠨᠠᠰᠢᠬᠢ ᠨᠡᠢᠭᠡᠮ ᠤᠨ ᠠᠪᠤᠷᠠᠨ ᠲᠤᠰᠠᠯᠠᠬᠤ᠂ ᠬᠤᠤᠰ ᠴᠢᠭᠯᠡᠯ ᠢᠶᠠᠷ ᠵᠣᠯᠭᠠᠭᠤᠯᠬᠤ ᠠᠵᠢᠯ ᠢ ᠨᠠᠷᠢᠨ ᠬᠢᠨᠠᠮᠠᠭᠠᠶ ᠳ᠋ᠦᠩᠨᠡᠵᠦ᠂ ᠬᠤᠶᠢᠰᠢᠳᠠ ᠶᠢᠨ ᠬᠤᠯᠪᠣᠭᠳᠠᠯ ᠪᠦᠬᠦᠢ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠴᠢᠨᠠᠭᠰᠢᠳᠠ ᠲᠣᠳᠣᠷᠬᠠᠶᠢᠯᠠᠪᠠ᠄ ᠨᠢᠭᠡ ᠳᠤ ᠠᠷᠠᠳ ᠤᠨ ᠶᠠᠪᠤᠳᠠᠯ ᠤᠨ ᠰᠢᠰᠲ᠋ᠧᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠰᠠᠶᠢᠲᠤᠷ ᠠᠳᠬᠤᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠵᠠᠳᠠᠯᠤᠭᠰᠠᠨ ᠨᠠᠷᠢᠨ ᠳᠠᠩᠰᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠥᠪᠡᠷ ᠢᠶᠠᠨ ᠪᠠᠶᠢᠴᠠᠭᠠᠨ ᠡᠮᠬᠢᠯᠡᠵᠦ᠂ ᠬᠠᠷᠢᠭᠤᠴᠠᠯᠭ᠎ᠠ ᠶᠢ ᠡᠭᠦᠷᠭᠡᠯᠡᠵᠦ᠂ ᠳᠠᠷᠤᠯᠲᠠ ᠶᠢ ᠳᠠᠮᠵᠢᠭᠤᠯᠵᠤ᠂ ᠵᠣᠬᠢᠴᠠᠭᠤᠯᠤᠨ ᠠᠵᠢᠯᠯᠠᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠷᠠᠳ ᠤᠨ ᠶᠠᠪᠤᠳᠠᠯ ᠤᠨ ᠰᠢᠰᠲ᠋ᠧᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠨ᠎ᠠ᠃ ᠬᠤᠶᠠᠷ ᠲᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠶᠡᠬᠡᠪᠡᠷ ᠲᠦᠯᠬᠢᠨ ᠠᠬᠢᠭᠤᠯᠤᠨ᠎ᠠ᠃ ᠶᠡᠷᠦᠩᠬᠡᠶᠢᠯᠡᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠬᠤᠰᠢᠭᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠶᠠᠳᠠᠭᠤ ᠶᠢ ᠲᠡᠳᠬᠦᠬᠦ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭ᠎ᠠ᠂ ᠡᠮ ᠡᠮᠨᠡᠯᠭᠡ ᠶᠢᠨ ᠳᠠᠭᠠᠳᠬᠠᠯ ᠵᠡᠷᠭᠡ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢᠨ ᠬᠠᠷᠢᠴᠠᠯ ᠪᠠ ᠲᠤᠭ᠎ᠠ ᠪᠠᠷᠢᠮᠲᠠ ᠶᠢ ᠳᠠᠬᠢᠨ ᠬᠢᠨᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ ᠬᠠᠮᠢᠶ᠎ᠠ ᠪᠦᠬᠦᠢ ᠠᠪᠤᠷᠠᠨ ᠲᠤᠰᠠᠯᠠᠬᠤ ᠡᠲᠡᠭᠡᠳ ᠤᠨ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠲᠤᠭ᠎ᠠ ᠪᠠᠷᠢᠮᠲᠠ ᠶᠢ ᠦᠨᠡᠨ ᠪᠣᠳᠠᠲᠠᠶ ᠪᠣᠯᠭᠠᠬᠤ᠂ ᠮᠡᠳᠡᠭᠡ ᠵᠠᠩᠭᠢ ᠶᠢ ᠣᠨᠣᠪᠴᠢᠲᠠᠶ ᠪᠣᠯᠭᠠᠬᠤ᠂ ᠳᠦᠷᠢᠮ ᠢ ᠵᠢᠷᠤᠮᠵᠢᠭᠤᠯᠬᠤ᠂ ᠬᠠᠮᠢᠶᠠᠷᠤᠯᠲᠠ ᠶᠢ ᠬᠥᠳᠡᠯᠦᠩᠭᠦᠶ ᠪᠣᠯᠭᠠᠬᠤ᠂ ᠶᠠᠪᠤᠴᠠ ᠶᠢ ᠢᠯᠠ ᠲᠣᠳᠣ ᠪᠣᠯᠭᠠᠬᠤ ᠶᠢ ᠦᠨᠡᠨᠬᠦ ᠪᠡᠶᠡᠯᠡᠭᠦᠯᠵᠦ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ᠂ ᠪᠤᠴᠠᠭᠠᠪᠠᠰᠤ ᠵᠣᠬᠢᠬᠤ ᠶᠢ ᠨᠢ ᠪᠦᠬᠦᠨ ᠢ ᠪᠤᠴᠠᠭᠠᠬᠤ ᠶᠢ ᠪᠡᠶᠡᠯᠡᠭᠦᠯᠬᠦ ᠬᠡᠷᠡᠭᠲᠡᠶ᠃ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ︽ᠠᠷᠠᠳ ᠤᠨ ᠠᠮᠢᠳᠤᠷᠠᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ᠂ ᠪᠠᠴᠢᠮ ᠬᠦᠴᠢᠷᠳᠡᠯ ᠢ ᠠᠪᠤᠷᠠᠬᠤ︾ ᠳᠤᠮᠳᠠᠬᠢ ᠪᠠᠶᠢᠪᠠᠰᠤ ᠵᠣᠬᠢᠬᠤ ᠦᠢᠯᠡᠳᠣᠯ ᠢ ᠦᠨᠡᠨᠬᠦ ᠪᠠᠳᠠᠷᠠᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠲᠥᠪ ᠭᠤᠤᠯᠴᠢ᠂ ᠡᠷᠬᠡ ᠲᠡᠭᠰᠢ᠂ ᠢᠯᠠ ᠲᠣᠳᠣ ᠪᠠᠶᠢᠬᠤ ᠵᠠᠷᠴᠢᠮ ᠢ ᠢᠯᠡᠷᠡᠭᠦᠯᠦᠨ᠎ᠡ᠃ ᠭᠤᠷᠪᠡ ᠳᠤ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠬᠢᠭᠡᠳ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠭᠦᠨᠵᠡᠭᠡᠶ ᠠᠭᠤᠰᠤᠯᠴᠠᠯ ᠢ ᠭᠦᠨᠵᠡᠭᠡᠶ ᠥᠷᠨᠢᠭᠦᠯᠦᠨ᠎ᠡ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠵᠢᠷᠤᠮᠵᠢᠭᠤᠯᠤᠯᠲᠠ ᠪᠠ ᠬᠥᠳᠡᠯᠦᠩᠭᠦᠶ ᠬᠠᠮᠢᠶᠠᠷᠤᠯᠲᠠ ᠲᠠᠢ ᠤᠶᠠᠯᠳᠤᠭᠤᠯᠤᠨ ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠪᠤᠷᠠᠨ ᠲᠤᠰᠠᠯᠠᠵᠤ ᠦᠨᠳᠦᠰᠦᠨ ᠵᠦᠢᠯ ᠢ ᠪᠠᠲᠤᠯᠠᠬᠤ ᠲᠠᠯ᠎ᠠ ᠪᠠᠷ ︽ᠪᠦᠬᠦᠨ ᠢ ᠢᠯᠭᠠᠷᠠᠭᠤᠯᠤᠨ ᠪᠠᠷᠢᠮᠵᠢᠶ᠎ᠠ ᠳᠤ ᠬᠦᠷᠦᠭᠦᠯᠬᠦ︾ ᠲᠤᠰᠬᠠᠶ ᠠᠵᠢᠯᠯᠠᠭ᠎ᠠ ᠶᠢ ᠶᠡᠬᠡᠪᠡᠷ ᠲᠦᠯᠬᠢᠨ ᠠᠬᠢᠭᠤᠯᠤᠨ᠎ᠠ᠃ ᠲᠣᠰᠬᠤᠨ ᠳᠤ ᠡᠷᠦᠬᠡ ᠶᠢ ᠣᠷᠬᠢᠭᠳᠠᠭᠤᠯᠬᠤ ᠦᠭᠡᠢ᠂ ᠡᠷᠦᠬᠡ ᠳᠤ ᠬᠦᠮᠦᠨ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠣᠳᠣ ᠶᠢᠨ ᠪᠠᠶᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠣᠲᠣᠷᠠᠬᠢ ᠨᠥᠬᠦᠴᠡᠯ ᠳᠤ ᠨᠡᠶᠢᠴᠡᠬᠦ ᠨᠠᠰᠤᠲᠠᠶᠢᠴᠤᠳ᠂ ᠵᠡᠮᠳᠡᠭᠴᠦᠳ᠂ ᠡᠪᠡᠳᠴᠢᠨ ᠠᠴᠠ ᠪᠣᠯᠵᠤ ᠶᠠᠳᠠᠭᠤᠷᠠᠬᠤ ᠵᠢᠴᠢ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠤᠶᠤ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠦᠨᠡᠨᠬᠦ ᠦᠨᠳᠦᠰᠦᠨ  ᠵᠦᠢᠯ ᠢ ᠪᠠᠲᠤᠯᠠᠨ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠨ᠎ᠡ᠃                            ᠵᠣᠬᠢᠶ᠋ᠬᠠᠴᠢ᠄  ᠵᠠᠩ ᡁᠢ ᠮᠢᠩ    ᠸᠠᠩ ᠴᠧᠨ ᠶᠧ                       ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ                       ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号