ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠥᠯᠥᠰᠥᠨ ᠠᠵᠢᠯᠴᠢᠨ ᠤ ᠪᠠᠴᠢᠮ ᠪᠠᠶᠢᠳᠠᠯ ᠢ ᠠᠷᠭᠠᠴᠠᠬᠤ ᠮᠥᠩᠭᠦ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠳᠡᠢ
ᠨᠡᠶᠢᠲᠡᠯᠡᠭᠰᠡᠨ ᠴᠠᠭ᠄
2019-10-19
           ︽︿ᠤᠯᠠᠭᠠᠨᠴᠠᠪ ᠬᠤᠲᠠ ᠶᠢᠨ 2019 ᠣᠨ ᠤ ᠴᠠᠯᠢᠩ ᠬᠥᠯᠥᠰᠥ ᠶᠢ ᠵᠠᠰᠠᠵᠤ ᠵᠠᠷᠤᠯᠭ᠎ᠠ ᠶᠢ ᠪᠠᠲᠤᠯᠠᠬᠤ ᠠᠵᠢᠯ ᠶᠢᠨ ᠲᠥᠯᠥᠪᠯᠡᠭᠡ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠤᠯᠠᠭᠠᠨᠴᠠᠪ ᠤᠨ ᠲᠠᠷᠢᠶᠠᠴᠢᠨ ᠠᠵᠢᠯᠴᠢᠨ ᠤ ᠬᠠᠮᠲᠤᠷᠠᠭᠰᠠᠨ ᠠᠯᠪᠠᠨ ᠭᠡᠷ ᠲᠠᠷᠬᠠᠭᠠᠭᠰᠠᠨ ︹ 2019 ︺ 3 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠪᠠᠰᠠ ︽ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠴᠠᠯᠢᠩ ᠬᠥᠯᠥᠰᠥ ᠶᠢ ᠪᠠᠲᠤᠯᠠᠬᠤ ᠠᠵᠢᠯ ᠤᠨ ᠲᠥᠯᠥᠪᠯᠡᠭᠡ︾ ᠶᠢᠨ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠥᠯᠥᠰᠥᠨ ᠠᠵᠢᠯᠴᠢᠨ ᠤ ᠬᠥᠳᠡᠯᠮᠦᠷᠢ ᠶᠢᠨ ᠣᠷᠣᠯᠭ᠎ᠠ ᠶᠢ ᠪᠠᠲᠤᠯᠠᠬᠤ ᠲᠣᠭᠤᠷᠢᠨ ᠳᠤ᠂ ᠲᠠᠷᠢᠶᠠᠴᠢᠨ ᠤ ᠴᠠᠯᠢᠩ ᠬᠥᠯᠥᠰᠥ ᠶᠢ ᠥᠷᠢᠲᠦᠬᠦ ᠠᠰᠠᠭᠤᠳᠠᠯ ᠢ ᠪᠦᠷᠢᠨ ᠪᠣᠯᠭᠠᠨ ᠰᠢᠢᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠲᠣᠪᠴᠢᠶ᠎ᠠ ᠠᠴᠠ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠥᠬᠦ ᠶᠠᠪᠤᠴᠠ ᠳᠠᠬᠢ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠭᠠᠯ ᠶᠣᠰᠣᠭᠠᠷ ᠴᠠᠭ ᠲᠤᠬᠠᠶ ᠳᠤᠨᠢ ᠲᠤᠭ᠎ᠠ ᠶᠣᠰᠣᠭᠠᠷ ᠪᠠᠯᠠ ᠮᠥᠩᠭᠦ ᠰᠠᠯᠭᠠᠨ ᠥᠭᠴᠦ᠂ ᠲᠥᠰᠦᠪ ᠢ ᠲᠤᠭ᠎ᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠮᠥᠩᠭᠦ ᠶᠢ ᠲᠤᠭ᠎ᠠ ᠶᠣᠰᠣᠭᠠᠷ ᠲᠣᠬᠢᠷᠠᠭᠤᠯᠬᠤ ᠬᠡᠷᠡᠭᠲᠡᠶ᠃ ᠣᠶᠢᠷ᠎ᠡ ᠳᠤ᠂ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠥᠰᠦᠪ ᠤᠨ ᠶᠣᠰᠣᠭᠠᠷ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠯᠥᠰᠥᠨ ᠠᠵᠢᠯᠴᠢᠨ ᠤ ᠪᠠᠴᠢᠮ ᠪᠠᠶᠢᠳᠠᠯ ᠢ ᠠᠷᠭᠠᠴᠠᠬᠤ 150 ᠲᠦᠮᠡᠨ ᠲᠥᠭᠦᠷᠢᠭ ᠤᠨ ᠪᠠᠯᠠ ᠮᠥᠩᠭᠦ ᠶᠢ ᠰᠢᠯᠵᠢᠭᠦᠯᠦᠨ ᠥᠭᠴᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠪᠠ᠃                                 ᠵᠣᠬᠢᠶ᠋ᠬᠠᠴᠢ  ᠄ ᠳ᠋ᠢᠩ ᠶᠠᠨ                         ᠢᠷᠡᠯᠲᠡ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ                                      ᠬᠠᠮ ᠵᠠᠭᠤᠴᠢᠯᠠᠭᠤᠷ ᠶᠢᠨ ᠲᠥᠪ                         ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号