ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2019-10-23
     ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠳᠤᠮᠳᠠ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠵᠢᠯ ᠢ ᠴᠢᠩᠭᠠᠳᠬᠠᠵᠤ᠂ ᠭᠠᠵᠠᠷ ᠣᠷᠣᠨ ᠤ ᠪᠣᠳᠠᠲᠤ ᠪᠠᠢᠳᠠᠯ ᠳᠤ ᠰᠠᠭᠤᠷᠢᠯᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠰᠠᠶᠢᠲᠤᠷ ᠬᠢᠬᠦ ᠵᠠᠷᠴᠢᠮ ᠢ ᠪᠠᠷᠢᠮᠲᠠᠯᠠᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 2018 ᠣᠨ ᠳᠤ ᠬᠥᠮᠦᠨ ᠪᠦᠷᠢ ᠶᠢᠨ 4161 ᠲᠥᠭᠦᠷᠢᠭ ᠪᠠᠶᠢᠭᠰᠠᠨ ᠠᠴᠠ 2019 ᠣᠨ ᠳᠤ 4411 ᠲᠥᠭᠦᠷᠢᠭ ᠪᠣᠯᠭᠠᠨ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠨᠢ 6 % ᠪᠠᠶᠢᠵᠤ᠂ ᠬᠥᠮᠦᠨ ᠪᠦᠷᠢ ᠶᠢᠨ ᠰᠠᠷ᠎ᠠ ᠪᠦᠷᠢ ᠶᠢᠨ ᠨᠥᠬᠦᠪᠥᠷᠢ ᠮᠥᠩᠭᠦ ᠶᠢ 20 ᠲᠥᠭᠦᠷᠢᠭ ᠳᠡᠭᠡᠭᠰᠢᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠤᠨ ᠪᠠᠲᠤᠯᠠᠭ᠎ᠠ ᠶᠢᠨ ᠪᠠᠷᠢᠮᠵᠢᠶ᠎ᠠ ᠶᠢ 2018 ᠣᠨ ᠳᠤ 5820 ᠲᠥᠭᠦᠷᠢᠭ ᠪᠠᠶᠢᠭᠰᠠᠨ ᠠᠴᠠ 6169 ᠲᠥᠭᠦᠷᠢᠭ ᠪᠣᠯᠭᠠᠨ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠨᠢ 6 % ᠪᠣᠯᠪᠠ᠃ ᠬᠥᠮᠦᠨ ᠪᠦᠷᠢ ᠶᠢᠨ ᠰᠠᠷ᠎ᠠ ᠪᠦᠷᠢ ᠶᠢᠨ ᠨᠥᠬᠦᠪᠥᠷᠢ ᠮᠥᠩᠭᠦ ᠶᠢ 29 ᠲᠥᠭᠦᠷᠢᠭ ᠨᠡᠮᠡᠭᠳᠡᠭᠦᠯᠵᠡᠶ᠃ ᠬᠤᠲᠠ ᠪᠠᠯᠭᠠᠰᠤᠨ ᠤ ᠣᠨᠴᠠ ᠬᠦᠴᠢᠷᠳᠡᠯᠲᠡᠶ ᠬᠥᠮᠦᠰ ᠢ ᠪᠠᠲᠤᠯᠠᠬᠤ ᠪᠠᠷᠢᠮᠵᠢᠶ᠎ᠠ ᠶᠢ 2018 ᠣᠨ ᠳᠤ ᠬᠥᠮᠦᠨ ᠪᠦᠷᠢ ᠰᠠᠷ᠎ᠠ ᠳᠤ 800 ᠲᠥᠭᠦᠷᠢᠭ ᠪᠠᠶᠢᠭᠰᠠᠨ ᠠᠴᠠ 827 ᠲᠥᠭᠦᠷᠢᠭ ᠪᠣᠯᠭᠠᠨ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠨᠢ 3.38 % ᠪᠣᠯᠪᠠ᠃                                      ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ                         ᠵᠣᠬᠢᠶ᠋ᠬᠠᠴᠢ᠄  ᠰᠦᠩ ᠹᠸᠢ                         ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号