ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤ ᠪᠣᠶᠡᠨ ᠤ ᠦᠢᠯᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ  ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2019-10-25
          ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤ ︽ᠠᠷᠠᠳ ᠲᠦᠮᠡᠨ ᠢᠶᠠᠷ ᠭᠤᠤᠯ ᠪᠣᠯᠭᠠᠬᠤ︾ ᠦᠵᠡᠯ ᠰᠠᠨᠠᠭ᠎ᠠ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠭᠠᠵᠠᠷ ᠣᠷᠣᠨ ᠤ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠨᠠᠰᠤᠲᠠᠶᠢᠴᠤᠳ ᠢ ᠲᠡᠳᠬᠦᠬᠦ᠂ ᠵᠡᠮᠳᠡᠭᠴᠦᠳ ᠢ ᠲᠤᠰᠠᠯᠠᠬᠤ᠂ ᠥᠨᠥᠴᠢᠨ ᠬᠡᠤᠬᠡᠳ ᠢ ᠠᠪᠤᠷᠠᠬᠤ ᠪᠠᠲᠤᠯᠠᠭ᠎ᠠ ᠶᠢᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠨᠥᠬᠦᠪᠥᠷᠢᠯᠡᠬᠦ ᠥᠬᠡᠶ ᠬᠡᠯᠪᠡᠷᠢ ᠠᠴᠠ ᠵᠣᠬᠢᠰᠲᠠᠶ ᠲᠦᠭᠡᠮᠡᠯ ᠬᠠᠷᠠᠭᠠᠯᠵᠠᠯ ᠤᠨ ᠬᠡᠯᠪᠡᠷᠢ ᠲᠡᠰᠢ ᠬᠤᠪᠢᠷᠠᠬᠤ ᠶᠢ ᠠᠬᠢᠭᠤᠯᠵᠤ᠂  ᠪᠣᠶᠠᠨ ᠤ ᠦᠢᠯᠡᠰ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠲᠤᠯᠭᠠᠭᠤᠷᠢ ᠪᠣᠯᠭᠠᠬᠤ ᠬᠡᠷᠡᠭᠲᠡᠶ᠃     ᠨᠢᠭᠡ ᠳᠤ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠣᠶᠢᠷ᠎ᠡ ᠶᠢᠨ ᠵᠢᠯ ᠤᠳ ᠲᠤ ᠬᠤᠲᠠ ᠬᠥᠳᠡᠭᠡ ᠶᠢᠨ ᠨᠠᠰᠤᠲᠠᠳ ᠢ ᠠᠰᠠᠷᠠᠬᠤ ᠬᠦᠷᠢᠶᠡᠯᠡᠩ ᠪᠣᠯᠤᠨ ᠲᠠᠷᠢᠶᠠᠯᠠᠬᠤ ᠮᠠᠯᠵᠢᠬᠤ ᠣᠷᠣᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠣᠯ ᠵᠢᠷᠭᠠᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠪᠠ᠃ ᠨᠠᠰᠤᠵᠢᠯ ᠤᠨ ᠡᠬᠢ ᠪᠠᠶᠠᠯᠢᠭ ᠪᠠ ᠦᠢᠯᠡᠴᠢᠯᠡᠭᠡᠨ ᠤ ᠨᠥᠬᠦᠴᠡᠯ ᠢ ᠰᠢᠯᠢᠳᠡᠭᠵᠢᠭᠦᠯᠬᠦ ᠵᠠᠷᠴᠢᠮ ᠢ ᠪᠠᠷᠢᠮᠲᠠᠯᠠᠨ᠂ ᠤᠤᠯ ᠤᠨ ᠪᠠᠶᠢᠭᠰᠠᠨ ᠨᠠᠰᠤᠲᠠᠨ ᠠᠰᠠᠷᠠᠬᠤ ᠬᠦᠷᠢᠶᠡᠯᠡᠩ ᠢ ᠬᠠᠰᠤᠵᠤ  ᠨᠡᠶᠢᠯᠡᠭᠦᠯᠵᠦ᠂ ᠬᠠᠮᠢᠶ᠎ᠠ ᠪᠦᠬᠦᠢ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠡᠭᠦᠨ ᠤ ᠳᠤ ᠬᠠᠮᠲᠤ᠂ ᠪᠦᠬᠦ ᠬᠤᠰᠢᠭᠤᠨ ᠳᠤ ᠨᠠᠰᠤᠵᠢᠯ ᠤᠨ ᠠᠰᠠᠷᠠᠮᠵᠢ ᠶᠢᠨ ᠵᠣᠯ ᠵᠢᠷᠭᠠᠯ ᠤᠨ ᠬᠦᠷᠢᠶᠡᠯᠡᠩ ᠢ 55 ᠪᠠᠶᠢᠭᠤᠯᠵᠤ᠂ 2460 ᠨᠠᠰᠤᠲᠠᠨ ᠣᠷᠣᠵᠤ ᠰᠠᠭᠤᠪᠠ᠃ ᠬᠤᠲᠠ ᠪᠠᠯᠭᠠᠰᠤ ᠶᠢᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠥᠪ ᠤᠨ ᠦᠢᠯᠡᠴᠢᠯᠡᠭᠡᠨ ᠤ ᠲᠥᠷᠥᠯ ᠵᠦᠢᠯ ᠪᠣᠯᠤᠨ ᠴᠢᠳᠠᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠨᠠᠰᠤᠲᠠᠶᠢᠴᠤᠳ ᠲᠤ ᠡᠮᠴᠢᠯᠡᠭᠡ᠂ ᠡᠷᠡᠭᠦᠯ ᠬᠠᠮᠠᠭᠠᠯᠠᠯ᠂ ᠰᠤᠷᠤᠯᠴᠠᠯᠭ᠎ᠠ ᠬᠥᠮᠦᠵᠢᠯ᠂ ᠰᠣᠶᠣᠯ ᠪᠡᠶ᠎ᠡ ᠶᠢᠨ ᠲᠠᠮᠢᠷ᠂ ᠵᠤᠭ᠎ᠠ ᠴᠡᠩᠭᠡᠯ ᠵᠡᠷᠭᠡ ᠣᠯᠠᠨ ᠵᠦᠢᠯ ᠤᠨ ᠦᠢᠯᠡᠴᠢᠯᠡᠭᠡ ᠶᠢ ᠥᠷᠨᠢᠭᠦᠯᠦᠨ᠎ᠡ᠃ ᠪᠦᠬᠦ ᠬᠤᠰᠢᠭᠤᠨ ᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠴᠥᠮ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠬᠤᠳᠠᠯᠳᠤᠨ ᠠᠪᠴᠤ ᠥᠭᠴᠡᠶ᠃       ᠬᠤᠶᠡᠷ ᠲᠤ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠶᠡᠬᠡᠪᠡᠷ ᠥᠷᠨᠢᠭᠦᠯᠦᠨ᠎ᠡ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠵᠢᠯ ᠢ ᠠᠯᠬᠤᠮ ᠠᠯᠬᠤᠮ ᠢᠶᠠᠷ ᠵᠢᠷᠤᠮᠵᠢᠭᠤᠯᠬᠤ᠂ ᠳᠦᠷᠢᠮᠵᠢᠭᠦᠯᠬᠦ᠂ ᠰᠢᠨᠵᠢᠯᠡᠬᠦ ᠤᠬᠠᠭᠠᠨᠴᠢᠯᠠᠬᠤ ᠴᠢᠭᠯᠡᠯ ᠢᠶᠠᠷ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠨᠡᠶᠢᠭᠡᠮ ᠲᠣᠭᠤᠷᠢᠭ ᠪᠣᠯᠤᠨ ᠬᠡᠤᠬᠡᠳ ᠤᠨ ᠴᠡᠴᠡᠷᠯᠢᠭ ᠲᠤ ᠲᠦᠰᠢᠭᠯᠡᠨ ᠭᠡᠷ ᠲᠡᠭᠡᠨ ᠬᠤᠴᠣᠷᠤᠭᠰᠠᠨ ᠬᠡᠤᠬᠡᠳ ᠲᠤ ︽ᠰᠢᠨ᠎ᠡ ᠨᠠᠬᠢᠶ᠎ᠠ ᠭᠡᠷ︾ ᠢ ᠡᠭᠦᠳᠦᠨ ᠪᠠᠶᠢᠭᠤᠯᠵᠤ᠂ ᠰᠤᠷᠤᠯᠭ᠎ᠠ ᠶᠢ ᠨᠢ ᠬᠠᠪᠰᠤᠷᠤᠨ ᠵᠢᠯᠣᠭᠤᠳᠬᠤ᠂ ᠰᠣᠶᠣᠯ ᠪᠡᠶ᠎ᠡ ᠶᠢᠨ ᠲᠠᠮᠢᠷ᠂ ᠵᠤᠭ᠎ᠠ ᠴᠡᠩᠭᠡᠯ᠂ ᠣᠶᠣᠨ ᠢ ᠨᠡᠭᠡᠭᠡᠨ ᠬᠦᠭᠵᠢᠬᠦᠯᠬᠦ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ᠬᠦᠴᠢᠷᠳᠡᠯ ᠳᠤ ᠲᠤᠯᠭᠠᠷᠠᠭᠰᠠᠨ ᠬᠡᠤᠬᠡᠳ᠂ ᠥᠨᠥᠴᠢᠨ ᠬᠡᠤᠬᠡᠳ ᠤᠨ ᠠᠮᠢᠳᠤᠷᠠᠯ ᠤᠨ ᠨᠥᠬᠦᠪᠥᠷᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠡᠨᠡ ᠵᠢᠯ ᠠᠴᠠ ᠨᠠᠰᠢ᠂ ᠬᠦᠴᠢᠷᠳᠡᠯ ᠳᠤ ᠲᠤᠯᠭᠠᠷᠠᠭᠰᠠᠨ 127 ᠬᠡᠤᠬᠡᠳ ᠲᠤ ᠠᠮᠢᠳᠤᠷᠠᠯ ᠤᠨ ᠨᠥᠬᠦᠪᠥᠷᠢ ᠮᠥᠩᠭᠦ 45.7 ᠲᠦᠮᠡᠨ ᠲᠥᠭᠦᠷᠢᠭ ᠲᠠᠷᠬᠠᠭᠠᠵᠤ᠂ ᠥᠨᠥᠴᠢᠨ ᠬᠡᠤᠬᠡᠳ ᠤᠨ ᠠᠮᠢᠳᠤᠷᠠᠯ ᠤᠨ ᠨᠥᠬᠦᠪᠥᠷᠢ 27 ᠬᠥᠮᠦᠨ ᠳᠤ᠂ 18.9 ᠲᠦᠮᠡᠨ ᠲᠥᠭᠦᠷᠢᠭ ᠲᠠᠷᠬᠠᠭᠠᠪᠠ᠃      ᠭᠤᠷᠪᠡ ᠳᠤ ᠵᠡᠮᠳᠡᠭᠴᠦᠳ ᠤᠨ ᠬᠤᠶᠠᠷ ᠵᠦᠢᠯ ᠤᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠬᠤᠶᠠᠷ ᠨᠥᠬᠦᠪᠥᠷᠢ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠷᠣᠨ ᠬᠤᠲᠠ ᠬᠤᠶᠠᠷ ᠱᠠᠲᠤ ᠯᠤᠭ᠎ᠠ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠮᠡᠳᠡᠭᠡ ᠵᠠᠩᠭᠢ ᠶᠢ ᠬᠠᠷᠢᠯᠴᠠᠨ ᠬᠡᠷᠡᠭᠯᠡᠬᠦ ᠦᠨᠳᠦᠰᠦᠨ ᠲᠣᠭᠲᠠᠴᠠ ᠶᠢ ᠪᠤᠢ ᠪᠣᠯᠭᠠᠵᠤ᠂ ᠬᠤᠶᠠᠷ ᠵᠦᠢᠯ ᠤᠨ ᠨᠥᠬᠦᠪᠥᠷᠢ ᠣᠯᠭᠤᠬᠤ ᠠᠵᠢᠯ ᠢ ᠰᠠᠶᠢᠲᠤᠷ ᠨᠠᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ 2019 ᠣᠨ ᠤ ᠳᠡᠭᠡᠷ᠎ᠡ ᠬᠠᠭᠠᠰ ᠵᠢᠯ ᠳᠤ᠂ ᠵᠡᠮᠳᠡᠭᠴᠦᠳ ᠢ ᠠᠰᠠᠷᠠᠬᠤ ᠵᠠᠷᠤᠳᠠᠯ ᠪᠠ ᠠᠮᠢᠳᠤᠷᠠᠯ ᠤᠨ ᠨᠥᠬᠦᠪᠥᠷᠢ ᠵᠠᠷᠤᠳᠠᠯ 5064 ᠬᠥᠮᠦᠨ ᠳᠤ 292.9 ᠲᠦᠮᠡᠨ ᠲᠥᠭᠦᠷᠢᠭ ᠲᠠᠷᠬᠠᠭᠠᠪᠠ᠃                                      ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ                                   ᠵᠠᠰᠠᠭ ᠤᠨ ᠣᠷᠳᠣᠨ ᠤ ᠠᠯᠪᠠᠨ ᠭᠡᠷ                    ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠵᠠᠰᠠᠭ ᠤᠨ ᠣᠷᠳᠣᠨ ᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号