2019 ᠣᠨ ᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯ ᠢ ᠦᠷᠨᠢᠬᠦᠯᠬᠦ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2019-10-31
                            ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂  ᠬᠦᠢᠳᠡᠨᠰᠢᠯᠢ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠬᠠᠷᠢᠶ᠎ᠠ ᠬᠠᠮᠢᠶ᠎ᠠ ᠪᠦᠬᠦᠢ ᠨᠢᠭᠡᠴᠡ ᠳᠤ᠄       ᠮᠠᠨ ᠤ ᠬᠤᠰᠢᠭᠤᠨ ᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄       ᠨᠢᠭᠡ᠂ ᠴᠢᠰᠤ ᠬᠠᠨᠳᠢᠪᠯᠠᠬᠤ ᠴᠠᠭ       2019 ᠣᠨ ᠤ 10 ᠰᠠᠷ᠎ᠠ ᠶᠢᠨ 18 ᠤ ᠡᠳᠦᠷ᠂ ᠦᠳᠡ ᠡᠮᠦᠨᠡᠬᠢ 8᠄ 30       ᠬᠤᠶᠠᠷ᠂ ᠴᠢᠰᠤ ᠬᠠᠨᠳᠢᠪᠯᠠᠬᠤ ᠭᠠᠵᠠᠷ       ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠡᠮᠨᠡᠯᠭᠡ ᠶᠢᠨ ᠬᠤᠷᠢᠶ᠎ᠠ       ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ       1. ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠳᠤ ᠣᠷᠣᠯᠴᠠᠬᠤ ᠬᠦᠮᠦᠨ ᠪᠣᠯ 18 — 55 ᠪᠦᠬᠦᠯᠢ ᠨᠠᠰᠤ᠂ ᠪᠡᠶ᠎ᠡ ᠮᠠᠬᠠᠪᠣᠳ ᠡᠷᠡᠭᠦᠯ ᠴᠢᠭᠢᠷᠠᠭ ᠺᠠᠳ᠋ᠷ ᠠᠵᠢᠯᠲᠠᠨ ᠠᠵᠢᠯᠴᠢᠨ ᠪᠠ ᠣᠯᠠᠨ ᠲᠦᠮᠡᠨ᠂ ᠴᠢᠰᠤ ᠥᠭᠬᠦ ᠨᠢ ᠬᠤᠭᠤᠯᠠᠨ ᠤ ᠳᠠᠷᠠᠭ᠎ᠠ ᠶᠠᠪᠤᠨᠨᠳᠠᠨ᠎ᠠ᠃       2. ᠡᠯ᠎ᠡ ᠬᠠᠷᠢᠶ᠎ᠠ ᠨᠢᠭᠡᠴᠢ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠮᠡᠳᠡᠭᠳᠡᠵᠦ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠶᠢ ᠨᠢᠭᠡᠳᠦᠯᠲᠡᠶ ᠵᠣᠬᠢᠶᠠᠨ ᠪᠠᠶᠢᠭᠤᠯᠵᠤ ᠣᠷᠣᠯᠴᠠᠭᠤᠯᠤᠨ᠎ᠠ᠃       3.  ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂  ᠬᠦᠢᠳᠡᠨᠰᠢᠯᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠢᠴᠢ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ︽ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ 2019 ᠣᠨ ᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠲᠥᠯᠥᠪᠯᠡᠭᠡ ᠶᠢᠨ ᠬᠦᠰᠦᠨᠦᠭᠲᠦ︾ ︵ᠳᠠᠭᠠᠯᠳᠤᠭᠤᠯᠤᠯ ᠳᠤ ᠦᠵᠡ︶ ᠶᠣᠰᠣᠭᠠᠷ᠂ ᠺᠠᠳ᠋ᠷ ᠠᠵᠢᠯᠲᠠᠨ ᠠᠵᠢᠯᠲᠠᠨ ᠢ ᠴᠠᠭ ᠲᠤᠬᠠᠶ ᠳᠤᠨᠢ ᠵᠣᠬᠢᠶᠠᠨ ᠪᠠᠶᠢᠭᠤᠯᠣᠨ ᠲᠣᠭᠲᠠᠭᠰᠠᠨ ᠭᠠᠵᠠᠷ ᠲᠤ ᠣᠴᠢᠵᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠳᠤ ᠣᠷᠣᠯᠴᠠᠭᠤᠯᠤᠨ᠎ᠠ᠃      ᠬᠠᠷᠢᠯᠴᠠᠬᠤ ᠬᠥᠮᠦᠨ᠄     ᠸᠠᠩ ᠵᠢᠶᠠᠨ ᠮᠧᠶ     ᠬᠠᠷᠢᠯᠴᠠᠬᠤ ᠤᠲᠠᠰᠤ᠄ 13294748174                              ᠢᠯᠠᠯᠳᠡ            ᠬᠠᠷᠢᠯᠴᠠᠬᠤ ᠤᠲᠠᠰᠤ᠄ 15048429798            ᠲᠠᠭᠠᠯᠳᠠᠭᠤᠯᠣᠯ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ 2019 ᠣᠨ ᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠲᠥᠯᠥᠪᠯᠡᠭᠡ ᠶᠢᠨ ᠬᠦᠰᠦᠨᠦᠭᠲᠦ
               ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                          2019 ᠣᠨ ᠤ 10 ᠰᠠᠷ᠎ᠠ ᠶᠢᠨ 16 ᠤ ᠡᠳᠦᠷ                                           ᠢᠷᠡᠯᠲᠡ᠄   ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ                                            ᠠᠷᠠᠳ ᠤᠨ ᠵᠠᠰᠠᠭ ᠤᠨ ᠣᠷᠳᠣᠨ                                ᠣᠷᠴᠢᠭᠤᠯᠣᠨᠨᠴᠢ᠄  ᠭᠧ ᠲᠣᠸᠠᠨ ᠯᠢᠶᠡᠨ    
 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号