ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤ᠄ ᠭᠤᠤᠯ ᠰᠡᠳᠦᠪᠲᠦ ᠬᠥᠮᠦᠵᠢᠯ ᠳᠤᠮᠳᠠ ᠨᠡᠶᠢᠭᠡᠮ ᠤᠨ ᠠᠪᠤᠷᠠᠨ ᠲᠤᠰᠠᠯᠠᠬᠤ ᠲᠥᠷᠦ ᠶᠢᠨ ᠪᠣᠳᠣᠯᠭ᠎ᠠ ᠶᠢ ᠤᠬᠠᠭᠤᠯᠬᠤ ᠪᠠ ᠢᠯᠠ ᠪᠣᠯᠭᠠᠬᠤ ᠡᠷᠴᠢᠮ ᠢ ᠴᠢᠩᠭᠠᠷᠠᠭᠤᠯᠤᠨ᠎ᠠ
ᠨᠡᠶᠢᠲᠡᠯᠡᠭᠰᠡᠨ ᠴᠠᠭ᠄
2019-11-25
      ᠴᠠᠬᠠᠷ ᠪᠠᠷᠠᠭᠤᠨ ᠭᠠᠷᠤᠨ ᠲᠤᠮᠳᠡᠳᠣ ᠭᠤᠤᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠬᠦ ᠳᠤ ᠪᠠᠨ ᠠᠰᠠᠭᠤᠳᠠᠯ ᠢ ᠪᠠᠶᠢᠴᠠᠭᠠᠨ ᠦᠵᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠢᠮᠠᠭᠲᠠ ᠲᠤᠭᠤᠰᠢᠯᠠᠭᠤᠯᠬᠤ ᠭᠤᠤᠯ ᠰᠢᠵᠢᠮ ᠪᠣᠯᠭᠠᠪᠠ᠃  ᠦᠩᠭᠡᠷᠡᠭᠰᠡᠨ ᠤ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠤᠬᠠᠶ ᠤᠬᠠᠭᠤᠯᠭ᠎ᠠ ᠲᠡᠶᠢᠮᠦ ᠥᠷᠭᠡᠨ ᠳᠡᠯᠭᠡᠷ ᠭᠦᠨ ᠭᠦᠨᠵᠡᠭᠡᠶ ᠪᠢᠰᠢ᠂ ᠣᠯᠠᠨ ᠲᠦᠮᠡᠨ ᠳᠡᠮᠡᠶ ᠰᠠᠶᠢᠨ ᠮᠡᠳᠡᠬᠦ ᠦᠭᠡᠢ ᠪᠠᠶᠢᠭᠰᠠᠨ ᠪᠣᠳᠠᠲᠠᠶ ᠠᠰᠠᠭᠤᠳᠠᠯ ᠳᠤ ᠴᠢᠭᠯᠡᠭᠦᠯᠦᠨ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠢᠯᠡ ᠪᠣᠯᠭᠠᠬᠤ ᠡᠷᠴᠢᠮ ᠢ ᠥᠷᠭᠡᠨ ᠳᠡᠯᠭᠡᠷ ᠭᠦᠨ ᠭᠦᠨᠵᠡᠭᠡᠶ ᠳᠡᠭᠡᠭᠰᠢᠯᠡᠭᠦᠯᠪᠡ᠃     ᠨᠢᠭᠡ ᠳᠤ ᠤᠬᠠᠭᠤᠯᠭ᠎ᠠ ᠶᠢᠨ ᠭᠠᠷ ᠳᠡᠪᠲᠡᠷ ᠢ ᠨᠠᠶᠢᠷᠠᠭᠤᠯᠤᠨ ᠳᠠᠷᠤᠮᠠᠯᠯᠠᠵᠤ ᠲᠠᠷᠬᠠᠭᠠᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠᠷ ᠭᠤᠤᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠲᠣᠭᠤᠷᠢᠨ ᠳᠤ᠂ ᠲᠦᠮᠡ ᠭᠠᠷᠤᠶ ᠳᠡᠪᠲᠡᠷ ︽ᠨᠡᠶᠢᠭᠡᠮ ᠤᠨ ᠠᠪᠤᠷᠠᠨ ᠲᠤᠰᠠᠯᠠᠬᠤ ᠤᠬᠠᠭᠤᠯᠭ᠎ᠠ ᠶᠢᠨ ᠭᠠᠷ ᠳᠡᠪᠲᠡᠷ︾ ᠢ ᠨᠠᠶᠢᠷᠠᠭᠤᠯᠤᠨ ᠳᠠᠷᠤᠮᠠᠯᠯᠠᠵᠤ᠂ ᠬᠥᠳᠡᠭᠡ ᠲᠣᠰᠬᠤᠨ ᠨᠡᠶᠢᠭᠡᠮ ᠲᠣᠭᠤᠷᠢᠭ ᠲᠤ ᠲᠠᠷᠬᠠᠭᠠᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ᠂ ᠨᠠᠰᠤᠲᠠᠶᠢᠴᠤᠳ ᠤᠨ ᠠᠮᠢᠳᠤᠷᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠵᠡᠷᠭᠡ ᠳᠤ ᠪᠣᠳᠠᠲᠤ ᠪᠠᠶᠢᠳᠡᠯ ᠲᠠᠢ ᠪᠠᠨ ᠤᠶᠠᠯᠳᠤᠭᠤᠯᠤᠨ᠂ ᠲᠣᠳᠣᠷᠬᠠᠶᠢᠯᠠᠭᠰᠠᠨ ᠲᠠᠶᠢᠯᠪᠤᠷᠢ ᠬᠢᠵᠦ᠂ ᠦᠨᠳᠦᠰᠦᠨ ᠱᠠᠲᠤᠨ ᠤ ᠺᠠᠳ᠋ᠷ ᠢ ᠲᠥᠷᠥ ᠶᠢᠨ ᠪᠣᠳᠣᠯᠭ᠎ᠠ ᠳᠤ ᠨᠡᠪᠲᠡᠷᠡᠭᠰᠡᠨ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠲᠥᠷᠥ ᠶᠢᠨ ᠪᠣᠳᠣᠯᠭ᠎ᠠ ᠳᠤ ᠨᠡᠪᠲᠡᠷᠡᠭᠰᠡᠨ ᠮᠡᠷᠭᠡᠨ ᠬᠥᠮᠦᠨ ᠪᠣᠯᠭᠠᠵᠤ᠂ ᠥᠷᠭᠡᠨ ᠣᠯᠠᠨ ᠲᠦᠮᠡᠨ ᠢ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠣᠶᠢᠯᠠᠭᠠᠭᠴᠢ ᠪᠣᠯᠭᠠᠵᠤ᠂ ᠡᠭᠦᠨ ᠤ ᠤᠯᠠᠮ ᠢᠶᠠᠷ ︽ᠢᠯᠡ ᠪᠠᠷ ᠠᠪᠤᠷᠠᠨ ᠲᠤᠰᠠᠯᠠᠬᠤ︾ ᠠᠷᠠᠳ ᠤᠨ ᠠᠮᠢᠳᠤᠷᠠᠯ ᠤᠨ ᠢᠨᠵᠧᠨᠧᠷᠢᠩ ᠢ ᠴᠣᠭᠴᠠᠯᠠᠬᠤ ᠳᠤ ᠢᠳᠡᠪᠬᠢᠲᠡᠢ ᠦᠢᠯᠡᠳᠣᠯ ᠦᠵᠡᠭᠦᠯᠪᠡ᠃      ᠬᠤᠶᠡᠷ ᠲᠤ ᠣᠯᠠᠨ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠤᠯᠠᠮᠵᠢᠯᠠᠯᠲᠤ ᠬᠡᠯᠪᠡᠷᠢ ᠪᠠ ᠤᠳᠤ ᠦᠶ᠎ᠡ ᠶᠢᠨ ᠵᠠᠭᠤᠴᠢᠯᠠᠭᠤᠷ ᠢ ᠤᠶᠠᠯᠳᠤᠭᠤᠯᠵᠤ᠂ ᠬᠤᠲᠠ ᠬᠥᠳᠡᠭᠡ ᠶᠢᠨ ᠡᠯ᠎ᠡ ᠭᠠᠵᠠᠷ ᠲᠤ ᠰᠣᠨᠢᠨ᠂ ᠰᠠᠮᠪᠠᠷ᠎ᠠ ᠶᠢᠨ ᠰᠣᠨᠢᠨ᠂ ᠲᠤᠰᠬᠠᠶ ᠪᠤᠯᠤᠩ᠂ ᠡᠯᠧᠺᠲᠷᠣᠨ ᠳᠡᠯᠭᠡᠴᠡ ᠵᠡᠷᠭᠡ ᠬᠡᠯᠪᠡᠷᠢ ᠶᠢ ᠭᠦᠢᠴᠡᠳ ᠠᠰᠢᠨᠨᠯᠡᠨ᠂ ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠦ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠤᠨ᠎ᠠ︔ ᠡᠭᠦᠨ ᠤ ᠬᠠᠮᠲᠤ ᠰᠦᠯᠵᠢᠶᠡᠨ ᠤ ᠮᠡᠳᠡᠭᠡ ᠵᠠᠩᠭᠢ ᠶᠢᠨ ᠲᠠᠪᠴᠠᠩ᠂ ᠸᠢᠴᠠᠲ ᠤᠨ ᠴᠣᠨᠨᠯᠠᠷᠡᠯ ᠵᠡᠷᠭᠡ ᠠᠴᠢᠶᠠᠯᠠᠪᠤᠷᠢ ᠪᠠᠷ ᠳᠠᠮᠵᠢᠭᠤᠯᠤᠨ᠂ ᠪᠥᠬᠦ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠰᠢᠨ᠎ᠡ ᠪᠠᠶᠢᠳᠡᠯ᠂ ᠰᠢᠨ᠎ᠡ ᠰᠦᠪᠡᠭᠴᠢᠯᠡᠯ ᠪᠠ ᠨᠡᠶᠢᠲᠡᠯᠢᠭ ᠲᠤᠷᠰᠢᠯᠭ᠎ᠠ ᠵᠢᠴᠢ ᠠᠷᠭ᠎ᠠ ᠪᠠᠷᠢᠯ ᠢ ᠲᠤᠰᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠶᠠᠷᠢᠶ᠎ᠠ ᠬᠡᠯᠡᠯᠴᠡᠭᠡᠨ ᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃      ᠭᠤᠷᠪᠠ ᠳᠤ ᠨᠡᠶᠢᠭᠡᠮ ᠤᠨ ᠠᠪᠤᠷᠠᠨ ᠲᠤᠰᠠᠯᠠᠬᠤ ᠶᠢ ᠵᠠᠷᠯᠠᠨ ᠨᠡᠶᠢᠲᠡᠯᠡᠬᠦ ᠡᠷᠴᠢᠮ ᠢ ᠴᠢᠩᠭᠠᠷᠠᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠠᠯᠬᠤᠮ ᠠᠯᠬᠤᠮ ᠢᠶᠠᠷ ᠵᠢᠷᠤᠮᠵᠢᠭᠤᠯᠬᠤ ᠶᠢᠨ ᠬᠠᠮᠲᠤ᠂ ᠢᠯᠡ ᠪᠣᠯᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠷᠭ᠎ᠠ ᠮᠠᠶ᠋ᠢᠭ ᠢᠶᠠᠨ ᠥᠷᠭᠡᠵᠢᠭᠦᠯᠦᠨ᠂ ᠡᠷᠴᠢᠮ ᠢᠶᠠᠨ ᠴᠢᠩᠭᠠᠷᠠᠭᠤᠯᠵᠤ᠂ ᠢᠯᠡ ᠨᠡᠶᠢᠲᠡᠯᠡᠬᠦ ᠳᠦᠷᠢᠮ ᠪᠣᠯᠤᠨ ᠦᠢᠯᠡᠳᠣᠯ ᠢ ᠭᠦᠢᠴᠡᠳ ᠪᠠᠳᠠᠷᠠᠭᠤᠯᠤᠨ᠂ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠴᠠ ᠠᠪᠤᠷᠠᠨ ᠲᠤᠰᠠᠯᠠᠬᠤ ᠡᠲᠡᠭᠡᠳ ᠢ ᠨᠤᠲᠠᠯᠠᠬᠤ ᠬᠦᠷᠲᠡᠯ᠎ᠡ᠂ ᠪᠦᠬᠦ ᠶᠠᠪᠤᠴᠠ ᠳᠤ ᠢᠯᠡ ᠪᠠᠷ ᠬᠢᠨᠠᠯᠲᠠ ᠲᠠᠯᠪᠢᠬᠤ ᠶᠢ ᠪᠡᠶᠡᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠢᠯᠡ ᠲᠣᠳᠣ ᠶᠢᠨ ᠬᠡᠮᠵᠢᠶ᠎ᠡ ᠪᠣᠯᠤᠨ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ ᠨᠡᠮᠡᠭᠳᠡᠭᠦᠯᠦᠨ᠂ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠡᠶᠢᠭᠡᠮ ᠤᠨ ᠬᠢᠨᠠᠯᠲᠠ ᠲᠠᠯᠪᠢᠯᠲᠠ ᠶᠢᠨ ᠳᠤᠮᠳᠠ ᠥᠷᠨᠢᠭᠦᠯᠦᠨ᠂ ᠢᠯᠡ ᠪᠠᠷ ᠶᠠᠪᠤᠭᠳᠠᠭᠤᠯᠵᠤ᠂ ᠣᠯᠠᠨ ᠲᠦᠮᠡᠨ ᠳᠤ ᠦᠨᠡᠨᠬᠦ ᠣᠶᠢᠯᠠᠭᠠᠭᠤᠯᠵᠤ᠂ ᠺᠠᠳ᠋ᠷᠴᠤᠳ ᠲᠤ ᠠᠷᠢᠭᠤᠨ ᠴᠡᠪᠡᠷ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃                                              ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ                             ᠵᠣᠬᠢᠶ᠋ᠬᠠᠴᠢ᠄  ᠵᠠᠩ ᡁᠢ ᠮᠢᠩ᠂ ᠰᠦᠩ ᠹᠸᠢ                            ᠣᠷᠴᠢᠭᠤᠯᠣᠨᠨᠴᠢ᠄ ᠭᠧ ᠲᠣᠸᠠᠨ ᠯᠢᠶᠡᠨ      
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号