ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠄ ᠭᠤᠤᠯ ᠰᠡᠳᠦᠪᠲᠦ ᠬᠥᠮᠦᠵᠢᠯ ᠤᠨ ᠳᠤᠮᠳᠠ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2019-11-25
            ᠴᠠᠬᠠᠷ ᠪᠠᠷᠠᠭᠤᠨ ᠭᠠᠷᠤᠨ‌‍ᠲ᠋ᠣᠮᠳᠡᠳᠣ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ︽ᠬᠤᠶᠠᠷ ᠲᠠᠯ᠎ᠠ ᠪᠠᠷ ᠠᠬᠢᠭᠤᠯᠬᠤ︾ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠢ ᠰᠠᠯᠠᠭ᠎ᠠ ᠮᠥᠴᠢᠷ ᠤᠨ ᠠᠵᠢᠯ ᠲᠠᠢ ᠨᠢᠭᠲᠠ ᠤᠶᠠᠯᠳᠤᠭᠤᠯᠵᠤ᠂ ᠠᠷᠠᠳ ᠤᠨ ᠶᠠᠪᠤᠳᠠᠯ ᠤᠨ ᠠᠵᠢᠯ ᠢ ᠠᠬᠢᠭᠤᠯᠤᠨ ᠰᠢᠨ᠎ᠡ ᠦᠷ᠎ᠡ ᠪᠦᠲᠦᠮᠵᠢ ᠣᠯᠪᠠ᠃      ᠰᠣᠷᠣᠯᠴᠠᠯᠭ᠎ᠠ ᠬᠥᠮᠦᠵᠢᠯ ᠤᠨ ᠳᠤᠮᠳᠠ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠭᠤᠯᠬᠤ ᠶᠢᠨ ᠬᠠᠮᠲᠤ ᠪᠣᠳᠠᠲᠠᠶ ᠲᠠᠢ ᠤᠶᠠᠯᠳᠤᠭᠤᠯᠬᠤ ᠶᠠᠷᠢᠯᠴᠠᠭ᠎ᠠ ᠰᠣᠯᠢᠯᠴᠠᠭ᠎ᠠ ᠪᠠᠷ ᠳᠠᠮᠵᠢᠨ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠵᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠵᠦ᠂ ᠣᠯᠠᠨ ᠤ ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠠᠵᠢᠯ ᠬᠢᠵᠦ ᠦᠢᠯᠡᠰ ᠪᠣᠰᠬᠠᠬᠤ ᠵᠣᠷᠢᠭᠲᠠᠶ ᠪᠠᠷ ᠡᠭᠦᠷᠭᠡᠯᠡᠬᠦ ᠴᠤᠭ ᠰᠦᠯᠳᠡ ᠶᠢ ᠴᠢᠨᠠᠭᠰᠢᠳᠠ ᠬᠥᠭᠵᠢᠭᠡᠬᠦ ᠬᠡᠷᠡᠭᠲᠡᠶ︔ ︽ᠠᠷᠠᠳ ᠤᠨ ᠶᠠᠪᠤᠳᠠᠯ ᠠᠷᠠᠳ ᠤᠨ ᠲᠥᠯᠥᠭᠡ᠂ ᠠᠷᠠᠳ ᠤᠨ ᠶᠠᠪᠤᠳᠠᠯ ᠠᠷᠠᠳ ᠲᠦᠮᠡᠨ ᠢ ᠬᠠᠶᠢᠷᠠᠯᠠᠬᠤ︾ ᠣᠶᠢᠯᠠᠭᠠᠭᠳᠠᠬᠤᠨ ᠪᠠ ᠬᠠᠶᠢᠷ᠎ᠠ ᠰᠡᠳᠬᠢᠯᠭᠡ ᠶᠢ ᠨᠡᠮᠡᠭᠳᠡᠭᠦᠯᠦᠨ᠎ᠡ︔ ᠤᠯᠠᠨ ᠢ ᠬᠥᠳᠡᠯᠦᠨ ᠵᠢᠯᠣᠭᠤᠳᠴᠤ ᠪᠠᠶᠢᠭᠠᠳ ᠤᠭ ᠰᠠᠨᠠᠭ᠎ᠠ ᠲᠠᠢ ᠨᠢ ᠬᠠᠷᠢᠴᠠᠭᠤᠯᠵᠤ ᠪᠠᠶᠢᠭᠠᠳ ᠵᠥᠷᠢᠶ᠎ᠡ ᠪᠠᠨ ᠡᠷᠢᠵᠦ᠂ ᠰᠤᠷᠲᠠᠯ ᠢᠶᠠᠨ ᠬᠤᠪᠢᠷᠠᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠩᠭ᠎ᠠ ᠬᠦᠴᠦᠲᠡᠶ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ᠂ ᠲᠡᠤᠬᠡ ᠶᠢᠨ ᠬᠠᠷᠢᠭᠤᠴᠠᠯᠭᠠᠲᠤ ᠰᠡᠳᠬᠢᠯᠭᠡ ᠪᠠ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠷᠠᠳ ᠤᠨ ᠶᠠᠪᠤᠳᠠᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠴᠡᠶ᠃      ᠦᠨᠳᠣᠰᠣᠨ ᠵᠦᠢᠯ ᠢ ᠪᠠᠲᠤᠯᠠᠵᠤ ᠬᠤᠷᠢᠭ᠎ᠠ ᠱᠤᠭᠤᠮ ᠢ ᠰᠠᠬᠢᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠥᠩᠭᠡᠷᠡᠭᠰᠡᠨ ᠤ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠨᠢ ᠵᠢᠷᠤᠮᠵᠢᠭᠰᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠳᠤᠮᠳᠠ ᠵᠥᠷᠢᠶ᠎ᠡ ᠲᠠᠢ ᠪᠠᠶᠢᠭᠰᠠᠨ ᠪᠠᠶᠢᠳᠡᠯ ᠳᠤ ᠴᠢᠭᠯᠡᠭᠦᠯᠦᠨ᠂ ︽ᠲᠠᠪᠤ ᠶᠢ ᠠᠳᠬᠤᠵᠤ ᠲᠠᠪᠤ ᠶᠢ ᠦᠨᠡᠨ ᠬᠦ ᠪᠠᠲᠤᠯᠠᠬᠤ︾ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠶᠡᠬᠡᠪᠡᠷ ᠨᠠᠶᠢᠳᠠᠪᠤᠷᠢᠵᠢᠭᠤᠯᠤᠨ᠎ᠠ᠂ ᠲᠤᠬᠠᠶᠢᠯᠠᠪᠠᠯ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠡᠨᠡ ᠬᠦ ᠰᠠᠭᠤᠷᠢ ᠶᠢ ᠰᠠᠶᠢᠲᠤᠷ ᠠᠳᠬᠤᠵᠤ᠂ ︽ᠣᠨᠣᠪᠴᠢᠲᠠᠶ︾ ᠪᠠᠶᠢᠬᠤ ᠶᠢ ᠦᠨᠡᠨ ᠬᠦ ᠪᠠᠲᠤᠯᠠᠨ᠎ᠠ︔ ᠣᠷᠣᠯᠭ᠎ᠠ ᠶᠢᠨ ᠲᠣᠭᠠᠴᠠᠭ᠎ᠠ ᠬᠢᠬᠦ ᠡᠨᠡᠬᠦ ᠵᠠᠩᠭᠢᠯᠠᠭ᠎ᠠ ᠶᠢ ᠰᠠᠶᠢᠲᠤᠷ ᠠᠳᠬᠤᠵᠤ᠂ ︽ᠪᠣᠳᠠᠲᠠᠶ︾ ᠪᠠᠶᠢᠬᠤ ᠶᠢ ᠪᠠᠲᠤᠯᠠᠬᠤ ᠬᠡᠷᠡᠭᠲᠡᠶ︔ ᠬᠤᠲᠠ ᠬᠥᠳᠡᠭᠡ ᠶᠢ ᠵᠢᠷᠤᠮᠵᠢᠭᠤᠯᠬᠤ ᠡᠨᠡᠬᠦ ᠪᠠᠲᠤᠯᠠᠭ᠎ᠠ ᠶᠢ ᠰᠠᠶᠢᠲᠤᠷ ᠠᠳᠬᠤᠵᠤ᠂ ︽ᠴᠢᠩᠭ᠎ᠠ︾ ᠪᠠᠶᠢᠬᠤ ᠶᠢ ᠪᠠᠲᠤᠯᠠᠬᠤ ᠬᠡᠷᠡᠭᠲᠡᠶ︔ ᠬᠥᠳᠡᠯᠦᠩᠭᠦᠶ ᠬᠠᠮᠢᠶᠠᠷᠤᠯᠲᠠ ᠶᠢᠨ ᠡᠨᠡᠬᠦ ︽ᠪᠣᠭᠤᠮᠲᠠ︾ ᠶᠢ ᠰᠠᠶᠢᠲᠤᠷ ᠠᠳᠬᠤᠵᠤ᠂ ︽ᠠᠮᠢᠳᠤᠯᠢᠭ︾ ᠪᠠᠶᠢᠬᠤ ᠶᠢ ᠪᠠᠲᠤᠯᠠᠬᠤ ᠬᠡᠷᠡᠭᠲᠡᠶ︔ ᠬᠤᠤᠰ ᠴᠢᠭᠯᠡᠯ ᠢᠶᠠᠷ ᠵᠣᠯᠭᠠᠯᠳᠤᠭᠤᠯᠬᠤ ᠡᠨᠡ ᠬᠦ ︽ᠵᠠᠩᠭᠢᠯᠠᠭ᠎ᠠ ︾ ᠶᠢ ᠰᠠᠶᠢᠲᠤᠷ ᠠᠳᠬᠤᠵᠤ᠂ ︽ᠨᠠᠷᠢᠯᠢᠭ︾ ᠪᠠᠶᠢᠬᠤ ᠶᠢ ᠦᠨᠡᠨ ᠬᠦ ᠪᠠᠲᠤᠯᠠᠨ᠎ᠠ᠃ ︽ᠲᠠᠪᠤ ᠶᠢ ᠠᠳᠬᠤᠵᠤ ᠲᠠᠪᠤ ᠶᠢ ᠪᠠᠲᠤᠯᠠᠬᠤ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠵᠢᠴᠢ ᠰᠢᠶᠠᠩ ᠪᠠᠯᠭᠠᠰᠤᠨ ᠤ ᠠᠷᠠᠳ ᠤᠨ ᠬᠥᠳᠡᠯᠮᠦᠷᠢ ᠬᠦᠴᠦᠨ ᠤ ᠭᠠᠵᠠᠷ ᠤᠨ ᠠᠵᠢᠯᠲᠠᠨ ᠢ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠶ ᠪᠣᠯᠪᠠᠰᠤᠷᠠᠭᠤᠯᠤᠯ ᠥᠷᠨᠢᠭᠦᠯᠵᠦ᠂ ᠤᠳᠤᠷᠢᠳᠬᠤ ᠪᠠᠭ ᠤᠨ ᠪᠦᠷᠢᠯᠳᠦᠬᠦᠨ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠦᠨ᠂ ᠡᠭᠦᠨ ᠤ ᠳᠤ ᠤᠯᠠᠮ ᠢᠶᠠᠷ ᠪᠥᠬᠦ ᠬᠤᠰᠢᠭᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠠᠯᠬᠤᠮ ᠠᠯᠬᠤᠮ ᠢᠶᠠᠷ ᠨᠠᠷᠢᠯᠢᠭᠵᠢᠭᠤᠯᠬᠤ᠂ ᠣᠨᠣᠪᠴᠢᠲᠠᠶ ᠪᠣᠯᠭᠠᠬᠤ᠂ ᠵᠢᠷᠤᠮᠵᠢᠭᠤᠯᠬᠤ᠂ ᠲᠥᠪ ᠭᠤᠤᠯᠴᠢ ᠪᠣᠯᠭᠠᠬᠤ ᠶᠢ ᠲᠦᠯᠬᠢᠨ ᠠᠬᠢᠭᠤᠯᠬᠤ ᠶᠢᠨ ᠬᠠᠮᠲᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 2018 ᠣᠨ ᠳᠤ 4161 ᠲᠥᠭᠦᠷᠢᠭ ᠪᠠᠶᠢᠭᠰᠠᠨ ᠠᠴᠠ4411 ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 2018 ᠣᠨ ᠳᠤ 592 ᠲᠥᠭᠦᠷᠢᠭ ᠪᠠᠶᠢᠭᠰᠠᠨ ᠠᠴᠠ 628 ᠲᠥᠭᠦᠷᠢᠭ ᠪᠣᠯᠭᠠᠨ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠨᠢ 6 % ᠪᠣᠯᠪᠠ᠃      ︽ᠪᠦᠬᠦᠨ ᠢ ᠠᠷᠢᠯᠭᠠᠨ ᠪᠠᠷᠢᠮᠵᠢᠶ᠎ᠠ ᠳᠤ ᠬᠦᠷᠭᠡᠬᠦ︾ ᠠᠵᠢᠯᠯᠠᠭ᠎ᠠ ᠪᠠᠷ ᠭᠠᠷᠲᠠᠨ ᠪᠣᠯᠭᠠᠵᠤ᠂ ︽ᠬᠤᠤᠰ ᠴᠢᠭᠯᠡᠯ ᠢᠶᠠᠷ ᠵᠣᠯᠭᠠᠭᠤᠯᠬᠤ︾ ᠶᠢ ᠭᠦᠨᠵᠡᠭᠡᠶ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠤᠨ᠎ᠠ᠃ ᠭᠤᠤᠯ ᠰᠡᠳᠦᠪᠲᠦ ᠰᠤᠷᠭᠠᠨ ᠬᠥᠮᠦᠵᠢᠯ ᠤᠨ ᠠᠵᠢᠯ ᠢ ᠥᠷᠨᠢᠭᠦᠯᠦᠭᠰᠡᠨ ᠠᠴᠠ ᠨᠠᠰᠢ᠂ ᠣᠷᠣᠨ ᠬᠤᠲᠠ ᠶᠢᠨ ᠱᠠᠭᠠᠷᠳᠠᠯᠭ᠎ᠠ ᠶᠣᠰᠣᠭᠠᠷ᠂ ᠲᠥᠪ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠬᠤ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠲᠠᠢ ᠬᠠᠮᠲᠤᠷᠠᠨ᠂ ᠮᠠᠯᠵᠢᠬᠤ ᠲᠠᠷᠢᠶᠠᠯᠠᠬᠤ ᠣᠷᠣᠨ ᠤ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠮᠠᠯᠵᠢᠬᠤ ᠲᠠᠷᠢᠶᠠᠯᠠᠬᠤ ᠣᠷᠣᠨ ᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠭ᠎ᠠ ᠪᠠ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠪᠠᠶᠢᠳᠡᠯ ᠳᠤ ᠣᠷᠣᠭᠤᠯᠬᠤ ︽ᠳᠠᠬᠢᠨ ᠵᠢᠭᠰᠠᠭᠠᠨ ᠪᠠᠶᠢᠴᠠᠭᠠᠬᠤ︾ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃ ᠰᠢᠶᠠᠩ ᠳᠤ ᠭᠠᠴᠠᠭ᠎ᠠ ᠲᠣᠰᠬᠤᠨ᠂ ᠲᠣᠰᠬᠤᠨ ᠳᠤ ᠡᠷᠦᠬᠡ᠂ ᠲᠣᠰᠬᠤᠨ ᠳᠤ ᠬᠥᠮᠦᠨ ᠣᠷᠬᠢᠭᠳᠠᠭᠤᠯᠬᠤ ᠥᠬᠡᠶ ᠪᠠᠶᠢᠬᠤ ᠶᠢ ᠪᠡᠶᠡᠯᠡᠭᠦᠯᠵᠦ᠂ ᠲᠦᠢᠯ ᠤᠨ ᠣᠨᠣᠪᠴᠢᠲᠠᠶ ᠮᠡᠳᠡᠭᠡ ᠵᠠᠩᠭᠢ ᠶᠢᠨ ᠬᠠᠷᠢᠴᠠᠭᠤᠯᠤᠯ ᠪᠠ ᠲᠤᠭ᠎ᠠ ᠪᠠᠷᠢᠮᠲᠠ ᠶᠢ ᠬᠠᠷᠭᠤᠭᠤᠯᠬᠤ ᠪᠠᠷ ᠳᠠᠮᠵᠢᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠨᠥᠬᠦᠴᠡᠯ ᠳᠤ ᠨᠡᠶᠢᠴᠡᠬᠦ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠤᠶᠤ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠬᠤ ᠶᠢ ᠦᠨᠡᠨᠬᠦ ᠪᠠᠲᠤᠯᠠᠪᠠ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ 12812 ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠪᠠ︔ ᠡᠭᠦᠨ ᠳᠤ ︽ᠪᠦᠬᠦᠨ ᠢ ᠦᠭᠡᠶᠢᠰᠬᠡᠵᠦ ᠪᠠᠷᠢᠮᠵᠢᠶ᠎ᠠ ᠳᠤ ᠬᠦᠷᠦᠭᠦᠯᠬᠦ︾ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ 79 ᠬᠥᠮᠦᠨ ᠢ ᠶᠠᠳᠠᠭᠤ ᠬᠦᠴᠢᠷᠳᠡᠯᠲᠡᠢ ᠬᠥᠮᠦᠨ ᠠᠮᠠ ᠳᠤ ᠣᠷᠣᠭᠤᠯᠵᠤ᠂ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠦᠴᠦᠲᠡᠢ ᠠᠬᠢᠭᠤᠯᠪᠠ᠃                                                 ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ                         ᠵᠣᠬᠢᠶ᠋ᠬᠠᠴᠢ᠄ ᠵᠠᠩ ᡁᠢ ᠮᠢᠩ᠂ ᠸᠠᠩ ᠴᠧᠨ ᠶᠧ                         ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号