ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠲᠦᠷ ᠴᠠᠭ ᠠᠪᠤᠷᠠᠨ ᠲᠤᠰᠠᠯᠠᠬᠤ ᠠᠵᠢᠯ ᠢ ᠶᠡᠭᠡ ᠪᠠᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2019-11-27
    ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠤᠷᠢᠭ᠎ᠠ ᠱᠤᠭᠤᠮ ᠢ ᠪᠠᠲᠤᠯᠠᠬᠤ᠂ ᠪᠠᠴᠢᠮ ᠬᠦᠴᠢᠷᠳᠡᠯ ᠢ ᠠᠪᠤᠷᠠᠬᠤ ᠦᠢᠯᠡᠳᠣᠯ ᠢ ᠭᠦᠢᠴᠡᠳ ᠪᠠᠳᠠᠷᠠᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠭᠡᠨᠡᠳᠲᠡ ᠡᠭᠦᠰᠬᠦ ᠴᠢᠨᠠᠷ᠂ ᠲᠤᠯᠭᠠᠮ᠎ᠠ ᠴᠢᠨᠠᠷ᠂ ᠦᠨᠳᠦᠰᠦᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠪᠦᠲᠦᠮᠵᠢᠲᠡᠶ ᠳᠡᠮᠵᠢᠯᠭᠡ ᠦᠵᠡᠭᠦᠯᠬᠦ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠶ ᠪᠠᠶᠢᠷᠢᠯᠠᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠦᠷ ᠴᠠᠭ ᠠᠪᠤᠷᠠᠨ ᠲᠤᠰᠠᠯᠠᠬᠤ ᠠᠵᠢᠯ ᠢ ᠢᠳᠡᠪᠬᠢᠲᠡᠢ ᠠᠬᠢᠭᠤᠯᠪᠠ᠃      ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠷᠠᠳ ᠤᠨ ᠶᠠᠪᠤᠳᠠᠯ ᠢᠶᠠᠷ ᠲᠦᠷᠦᠭᠦᠯᠡᠭᠦᠯᠦᠭᠰᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠤᠨ ᠬᠦᠴᠦᠨ ᠣᠷᠣᠯᠴᠠᠭᠰᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠲᠦᠷ ᠴᠠᠭ ᠠᠪᠤᠷᠠᠨ ᠲᠤᠰᠠᠯᠠᠬᠤ ᠠᠵᠢᠯ ᠢ ᠠᠷᠠᠳ ᠤᠨ ᠶᠠᠪᠤᠳᠠᠯ ᠤᠨ ᠠᠵᠢᠯ ᠤᠨ ᠭᠤᠤᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠵᠡᠷᠭᠡ ᠪᠠᠷ ᠠᠳᠬᠤᠬᠤ᠂ ᠪᠦᠬᠦᠯᠢ ᠴᠣᠭᠴᠠ ᠪᠠᠷ ᠨᠢ ᠲᠦᠯᠬᠢᠨ ᠠᠬᠢᠭᠤᠯᠬᠤ ᠠᠵᠢᠯ ᠤᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠶ᠃ ᠡᠭᠦᠨ ᠤ ᠬᠠᠮᠲᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤᠨ ᠤ ᠲᠦᠷ ᠴᠠᠭ ᠤᠨ ᠠᠪᠤᠷᠠᠨ ᠲᠤᠰᠠᠯᠠᠬᠤ ᠠᠵᠢᠯ ᠤᠨ ᠬᠦᠴᠦᠨ ᠢ ᠲᠡᠭᠦᠯᠳᠡᠷᠵᠢᠭᠦᠯᠦᠨ ᠴᠢᠩᠭᠠᠳᠬᠠᠵᠤ᠂ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠂ ᠲᠦᠷ ᠴᠠᠭ ᠤᠨ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠬᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠷᠠᠳᠢᠣ᠋ ᠲᠧᠯᠸᠢᠰ᠂ ᠢᠨᠲ᠋ᠧᠷ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠤᠬᠠᠭᠤᠯᠭ᠎ᠠ ᠶᠢᠨ ᠳᠡᠪᠲᠡᠷ ᠪᠠ ᠬᠠᠭᠤᠳᠠᠰᠤ ᠵᠡᠷᠭᠡ ᠣᠯᠠᠨ ᠵᠦᠢᠯ ᠤᠨ ᠬᠡᠯᠪᠡᠷᠢ ᠶᠢ ᠭᠦᠢᠴᠡᠳ ᠠᠰᠢᠨᠨᠯᠠᠨ᠂ ᠲᠥᠷᠥ ᠶᠢᠨ ᠪᠣᠳᠣᠯᠭ᠎ᠠ ᠶᠢᠨ ᠤᠬᠠᠭᠤᠯᠤᠯ ᠤᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠵᠤ᠂ ᠲᠦᠷ ᠴᠠᠭ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠬᠥᠮᠦᠨ ᠪᠦᠬᠦᠨ ᠳᠤ ᠮᠡᠳᠡᠭᠦᠯᠬᠦ ᠶᠢᠨ ᠬᠠᠮᠲᠤ᠂ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠᠬᠢ ᠵᠠᠰᠠᠭ ᠤᠨ ᠣᠷᠳᠣᠨ ᠤ  ᠦᠢᠯᠡᠳᠣᠯ᠂ ᠬᠤᠪᠢ ᠬᠥᠮᠦᠨ ᠤ ᠡᠷᠬᠡ ᠠᠰᠢᠭ᠂ ᠭᠡᠷ ᠪᠦᠯᠢ ᠶᠢᠨ ᠬᠠᠷᠢᠭᠤᠴᠠᠯᠭ᠎ᠠ᠂ ᠨᠡᠶᠢᠭᠡᠮ ᠤᠨ ᠣᠷᠣᠯᠴᠠᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ᠂ ᠲᠦᠷ ᠴᠠᠭ ᠠᠪᠤᠷᠠᠨ ᠲᠤᠰᠠᠯᠠᠬᠤ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠳᠦᠷᠢᠮ ᠤᠨ ᠣᠨᠴᠠᠯᠢᠭ ᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠲᠦᠷ ᠴᠠᠭ ᠠᠪᠤᠷᠠᠨ ᠲᠤᠰᠠᠯᠠᠬᠤ ᠠᠵᠢᠯ ᠢ ᠣᠶᠢᠯᠠᠭᠠᠭᠤᠯᠤᠨ ᠳᠡᠮᠵᠢᠭᠦᠯᠬᠦ ᠬᠡᠷᠡᠭᠲᠡᠶ᠃      ᠠᠪᠣᠷᠠᠪᠠᠯ ᠵᠣᠬᠢᠬᠤ ᠶᠢ ᠨᠢ ᠪᠦᠬᠦᠨ ᠢ ᠠᠪᠤᠷᠠᠬᠤ ᠶᠢ ᠪᠠᠷᠢᠮᠲᠠᠯᠠᠨ᠎ᠠ᠃ ᠠᠵᠢᠯ ᠤᠨ ᠲᠣᠭᠲᠠᠴᠠ ᠪᠠᠨ ᠪᠦᠷᠢᠨᠰᠢᠭᠦᠯᠵᠦ᠂ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠠᠪᠤᠷᠠᠨ ᠲᠤᠰᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠮᠢᠳᠤᠷᠠᠯ ᠤᠨ ᠦᠨᠳᠦᠰᠦᠨ ᠬᠦᠴᠢᠷᠳᠡᠯ ᠢ ᠰᠢᠢᠳᠪᠦᠷᠢᠯᠡᠬᠦ ᠶᠢ ᠪᠣᠳᠣᠯᠬᠢᠯᠠᠵᠤ᠂ ᠭᠠᠮᠰᠢᠭ᠂ ᠡᠪᠡᠳᠴᠢᠨ ᠪᠤᠶᠤ ᠪᠤᠰᠤᠳ ᠣᠨᠴᠠᠭᠠᠢ ᠰᠢᠯᠲᠠᠭᠠᠨ ᠵᠡᠷᠭᠡ ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠨ᠎ᠡ᠃ ᠠᠪᠤᠷᠠᠨ ᠲᠤᠰᠠᠯᠠᠬᠤ ᠡᠭᠦᠳᠡ ᠭᠠᠷᠭᠠᠵᠤ᠂ ᠠᠪᠤᠷᠠᠬᠤ ᠶᠣᠰᠣᠲᠠᠶ ᠶᠢ ᠨᠢ ᠪᠦᠬᠦᠨ ᠢ ᠠᠪᠤᠷᠠᠵᠤ᠂ ᠴᠠᠭ ᠲᠤᠬᠠᠶ ᠳᠤᠨᠢ ᠠᠪᠤᠷᠠᠨ ᠲᠤᠰᠠᠯᠠᠬᠤ ᠬᠡᠷᠡᠭᠲᠡᠶ᠃ ᠲᠦᠷ ᠴᠠᠭ ᠠᠪᠤᠷᠠᠨ ᠲᠤᠰᠠᠯᠠᠬᠤ ᠪᠣᠯᠤᠮᠵᠢᠲᠤ ᠴᠢᠨᠠᠷ ᠪᠣᠯᠤᠨ ᠴᠠᠭ ᠮᠥᠴᠡ ᠶᠢ ᠦᠨᠡᠨᠬᠦ ᠢᠯᠡᠷᠡᠭᠦᠯᠬᠦ ᠬᠡᠷᠡᠭᠲᠡᠶ᠃ ᠡᠭᠦᠨ ᠤ ᠬᠠᠮᠲᠤ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ ᠬᠦᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠬᠡᠷᠡᠭᠵᠢᠭᠦᠯᠦᠨ᠎ᠡ᠃ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠪᠣᠯᠤᠨ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠦᠢᠯᠡᠳᠣᠯ ᠢ ᠭ᠊ ᠭᠦᠢᠴᠡᠳ ᠪᠠᠳᠠᠷᠠᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠣᠲᠣᠷᠠᠬᠢ ᠠᠪᠤᠷᠠᠨ ᠲᠤᠰᠠᠯᠠᠬᠤ ᠡᠲᠡᠭᠡᠳ ᠤᠨ ᠲᠦᠷ ᠴᠠᠭ ᠤᠨ ᠠᠪᠤᠷᠠᠨ ᠲᠤᠰᠠᠯᠠᠬᠤ ᠶᠢ ᠭᠤᠶᠤᠴᠢᠯᠠᠬᠤ ᠪᠠ ᠬᠦᠯᠢᠶᠡᠨ ᠠᠪᠴᠤ  ᠰᠢᠢᠳᠪᠦᠷᠢᠯᠡᠬᠦ ᠶᠢ ᠴᠠᠭ ᠲᠤᠬᠠᠶ ᠳᠤᠨᠢ ᠬᠠᠪᠰᠤᠷᠬᠤ ᠬᠡᠷᠡᠭᠲᠡᠶ᠃ ᠡᠭᠦᠨ ᠤ ᠬᠠᠮᠲᠤ ︽ᠢᠯᠡ ᠪᠠᠷ ᠠᠪᠤᠷᠠᠨ ᠲᠤᠰᠠᠯᠠᠬᠤ︾ ᠶᠢ ᠬᠡᠷᠡᠭᠵᠢᠭᠦᠯᠵᠦ᠂ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠠᠴᠠ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ᠂ ᠪᠡᠯᠡ ᠮᠥᠩᠭᠦ ᠲᠠᠷᠬᠠᠭᠠᠬᠤ ᠬᠦᠷᠲᠡᠯ᠎ᠡ᠂ ᠪᠦᠬᠦ ᠶᠠᠪᠤᠴᠠ ᠳᠤ ᠢᠯᠡ ᠲᠣᠳᠣ ᠪᠠᠶᠢᠬᠤ ᠶᠢ ᠪᠡᠶᠡᠯᠡᠭᠦᠯᠵᠦ᠂ ᠨᠡᠶᠢᠭᠡᠮ ᠪᠠ ᠣᠯᠠᠨ ᠲᠦᠮᠡᠨ ᠤ ᠬᠢᠨᠠᠯᠲᠠ ᠶᠢ ᠬᠦᠴᠦᠲᠡᠶ ᠴᠢᠩᠭᠠᠳᠬᠠᠵᠤ᠂ ᠠᠪᠤᠷᠠᠨ ᠲᠤᠰᠠᠯᠠᠬᠤ ᠶᠢᠨ ᠲᠥᠪ ᠭᠤᠤᠯᠴᠢ ᠪᠠ ᠲᠥᠪ ᠭᠤᠤᠯᠴᠢ ᠴᠢᠨᠠᠷ ᠢ ᠦᠨᠡᠨ ᠬᠦ ᠪᠠᠲᠤᠯᠠᠨ᠎ᠠ ᠃ ᠡᠨᠡ ᠵᠢᠯ ᠠᠴᠠ ᠨᠠᠰᠢ᠂ ᠪᠥᠬᠦ ᠬᠤᠰᠢᠭᠤᠨ ᠤ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ 200 ᠭᠠᠷᠤᠶ ᠬᠥᠮᠦᠨ ᠤᠳᠠᠭ᠎ᠠ ᠲᠦᠷ ᠴᠠᠭ ᠠᠪᠤᠷᠠᠨ ᠲᠤᠰᠠᠯᠠᠵᠤ᠂ 16 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠪᠠ᠃                                      ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ                          ᠵᠣᠬᠢᠶ᠋ᠬᠠᠴᠢ᠄ ᠵᠠᠩ ᡁᠢ ᠮᠢᠩ᠂ ᠰᠦᠩ ᠹᠸᠢ                          ᠢᠷᠡᠯᠲᠡ᠄ ᠭᠧ ᠲᠣᠸᠠᠨ ᠯᠢᠶᠡᠨ
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号