ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠬᠠᠪᠰᠤᠷᠤᠨ ᠲᠡᠳᠬᠦᠵᠦ ᠬᠠᠨᠳᠢᠪᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2019-11-28
         10 ᠰᠠᠷ᠎ᠠ ᠶᠢᠨ 17 ᠤ ᠦᠳᠡ ᠶᠢᠨ ᠡᠮᠦᠨ᠎ᠡ᠂ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠬᠥᠮᠦᠰ ᠬᠥᠷ ᠬᠥᠭᠵᠢᠶᠡᠨ ᠲᠠᠢ ᠪᠠᠶᠢᠯ᠎ᠠ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠬᠠᠪᠰᠤᠷᠤᠨ ᠲᠡᠳᠬᠦᠵᠦ ᠬᠠᠨᠳᠢᠪᠯᠠᠬᠤ ᠶᠣᠰᠣᠯᠠᠯ ᠠᠳᠡ ᠦᠪᠡᠳᠡᠭᠰᠢ ᠶᠡᠬᠡᠪᠡᠷ ᠶᠠᠪᠤᠭᠳᠠᠪᠠ᠃ ᠪᠡᠭᠡᠵᠢᠩ ᠤᠨ ᠹᠠᠩ ᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ ᠳᠤ 10 ᠲᠦᠮᠡᠨ ᠲᠥᠭᠦᠷᠢᠭ ᠤᠨ ᠪᠡᠯᠡᠨ ᠮᠥᠩᠭᠦ ᠬᠠᠨᠳᠢᠪᠯᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠲᠣᠨᠤᠭ ᠲᠥᠬᠦᠭᠡᠷᠦᠮᠵᠢ ᠶᠢ ᠥᠭᠡᠷᠡᠴᠢᠯᠡᠬᠦ ᠪᠠ ᠪᠦᠲᠦᠭᠡᠨ ᠪᠠᠶᠢᠭᠤᠯᠬᠤ ᠶᠢ ᠳᠡᠮᠵᠢᠬᠦ ᠳᠤ ᠬᠡᠷᠡᠭᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠰᠢᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠪᠡᠭᠡᠵᠢᠩ ᠤᠨ ᠹᠠᠩ ᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠨᠳᠢᠪᠯᠠᠭᠰᠠᠨ ᠶᠠᠪᠤᠳᠠᠯ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ︔ ᠡᠨᠡ ᠬᠦ ᠠᠵᠢᠯᠯᠠᠭ᠎ᠠ ᠨᠢ ᠴᠠᠬᠠᠷ ᠪᠠᠷᠠᠭᠤᠨ ᠭᠠᠷᠤᠨ  ᠲᠣᠮᠳᠡᠳᠣ ᠬᠤᠰᠢᠭᠤᠨ ᠤ ᠨᠠᠰᠤᠲᠠᠶᠢᠴᠤᠳ ᠢ ᠲᠥᠪᠯᠡᠷᠡᠭᠦᠯᠦᠨ ᠠᠰᠠᠷᠠᠨ ᠲᠡᠵᠢᠭᠡᠬᠦ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠲᠡᠶ ᠬᠠᠪᠰᠤᠷᠤᠯᠭ᠎ᠠ ᠦᠵᠡᠭᠦᠯᠦᠭᠰᠡᠨ ᠪᠥᠭᠡᠳ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠳᠤ ᠲᠦᠢᠯ ᠤᠨ ᠶᠡᠭᠡ ᠳᠡᠮᠵᠢᠯᠭᠡ ᠪᠠ ᠵᠣᠷᠢᠭᠵᠢᠭᠤᠯᠤᠯ ᠪᠣᠯᠤᠭᠰᠠᠨ ᠪᠠᠶᠢᠨ᠎ᠠ᠃ ᠡᠭᠦᠨ ᠤ ᠬᠠᠮᠲᠤ᠂ ᠪᠦᠬᠦ ᠬᠤᠰᠢᠭᠤᠨ ᠤ ᠨᠠᠰᠤᠲᠠᠶᠢᠴᠤᠳ ᠲᠤ ︽ᠥᠲᠡᠯᠪᠡᠯ ᠠᠰᠠᠷᠠᠮᠵᠢ ᠲᠠᠢ᠂ ᠥᠲᠡᠯᠪᠡᠯ ᠡᠮᠨᠡᠯᠭᠡ ᠲᠠᠢ᠂ ᠥᠲᠡᠯᠪᠡᠯ ᠠᠵᠢᠯ ᠦᠢᠯᠡᠰ ᠲᠠᠢ᠂ ᠥᠲᠡᠯᠪᠡᠯ ᠪᠠᠶᠠᠷ ᠴᠡᠩᠭᠡᠯ ᠲᠠᠢ︾ ᠪᠠᠶᠢᠬᠤ ᠶᠢ ᠪᠡᠶᠡᠯᠡᠭᠦᠯᠬᠦ ᠶᠢᠨ ᠲᠥᠯᠥᠭᠡ᠂ ᠨᠠᠩ ᠣᠯᠠᠨ ᠨᠡᠶᠢᠭᠡᠮ ᠤᠨ ᠡᠬᠢ ᠪᠠᠶᠠᠯᠢᠭ ᠢ ᠦᠷᠭᠦᠯᠵᠢᠯᠡᠨ ᠢᠳᠡᠪᠬᠢᠲᠡᠢ ᠲᠡᠮᠡᠴᠡᠨ ᠣᠯᠬᠤ ᠪᠠ ᠨᠡᠶᠢᠳᠬᠡᠵᠦ᠂ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠲᠡᠭᠡᠬᠦ ᠪᠠ ᠦᠢᠯᠡᠴᠢᠯᠡᠬᠦ ᠠᠵᠢᠯ ᠤᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠭᠦᠨᠵᠡᠭᠡᠶᠢᠷᠡᠨ ᠬᠥᠭᠵᠢᠬᠦ ᠶᠢ ᠶᠡᠬᠡᠪᠡᠷ ᠠᠬᠢᠭᠤᠯᠤᠨ᠎ᠠ ᠭᠡᠵᠦ ᠢᠯᠡᠳᠬᠡᠪᠡ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠪᠡᠭᠡᠵᠢᠩ ᠤᠨ ᠹᠠᠩ ᠱᠠᠨ ᠲᠣᠭᠤᠷᠢᠭ ᠤᠨ ᠬᠠᠪᠰᠤᠷᠤᠨ ᠲᠡᠳᠬᠦᠬᠦ ᠠᠵᠢᠯ ᠢ ᠢᠳᠡᠪᠬᠢᠲᠡᠶ ᠪᠠᠷ ᠥᠭᠡᠳᠡᠯᠡᠨ ᠳᠠᠪᠰᠢᠬᠤ ᠂ ᠠᠵᠢᠯ ᠤᠨ ᠬᠥᠳᠡᠯᠭᠡᠬᠦ ᠬᠦᠴᠦᠨ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠤᠨ ᠶᠠᠪᠤᠳᠠᠯ ᠠᠷᠠᠳ ᠤᠨ ᠲᠥᠯᠥᠭᠡ᠂ ᠠᠷᠠᠳ ᠤᠨ ᠶᠠᠪᠤᠳᠠᠯ ᠠᠷᠠᠳ ᠲᠦᠮᠡᠨ ᠢ ᠬᠠᠶᠢᠷᠠᠯᠠᠬᠤ︾ ᠣᠶᠢᠯᠠᠭᠠᠭᠳᠠᠬᠤᠨ ᠢ  ᠦᠢᠯᠡᠳᠣᠯᠭᠡᠵᠢᠬᠦᠯᠵᠦ᠂ ᠨᠠᠰᠤᠲᠠᠶᠢᠴᠤᠳ ᠲᠤ ᠰᠠᠶᠢᠨ ᠰᠠᠶᠢᠬᠠᠨ ᠵᠣᠯ ᠵᠢᠷᠭᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠰ ᠢ ᠴᠣᠭᠴᠠᠯᠠᠵᠤ ᠥᠭᠭᠦᠨ᠎ᠡ ᠭᠡᠵᠡᠶ᠃                                    ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ                          ᠵᠣᠬᠢᠶ᠋ᠬᠠᠴᠢ᠄ ᠵᠠᠩ ᡁᠢ ᠮᠢᠩ᠂ ᠰᠦᠩ ᠹᠸᠢ                          ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号