ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤ᠄ ᠲᠤᠰᠬᠠᠶ ᠠᠪᠤᠷᠠᠨ ᠲᠤᠰᠠᠯᠠᠬᠤ ᠲᠣᠤᠷ ᠰᠦᠯᠵᠢᠵᠦ᠂ ᠶᠠᠳᠠᠭᠤ ᠠᠴᠠ ᠠᠩᠭᠢᠵᠢᠷᠠᠭᠤᠯᠬᠤ ᠳᠤ ᠪᠠᠲᠤᠯᠠᠭ᠎ᠠ ᠲᠠᠢ ᠪᠣᠯᠪᠠ
ᠨᠡᠶᠢᠲᠡᠯᠡᠭᠰᠡᠨ ᠴᠠᠭ᠄
2019-11-29
            ᠭᠤᠣᠯ ᠰᠡᠳᠦᠪᠲᠦ ᠬᠥᠮᠦᠵᠢᠯ ᠤᠨ ᠠᠵᠢᠯ ᠢ ᠭᠦᠨᠵᠡᠭᠡᠶ ᠥᠷᠨᠢᠭᠦᠯᠬᠦ ᠳᠤᠮᠳᠠ᠂ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤ ︽ᠠᠷᠠᠳ ᠢᠶᠠᠷ ᠦᠨᠳᠦᠰᠦ ᠪᠣᠯᠭᠠᠬᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ᠂ ᠠᠷᠠᠳ ᠤᠨ ᠲᠥᠯᠥᠭᠡ ᠦᠢᠯᠡᠴᠢᠯᠡᠬᠦ︾ ᠣᠶᠢᠯᠠᠭᠠᠨᠨᠳᠠᠬᠤᠨ ᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠡᠨᠡ ᠬᠦ ᠭᠤᠤᠯᠳᠠᠯᠭ᠎ᠠ ᠶᠢᠨ ᠲᠣᠭᠤᠷᠢᠨ ᠳᠤ᠂ ᠣᠯᠠᠨ ᠲᠠᠯ᠎ᠠ ᠪᠠᠷ ᠬᠦᠴᠦᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠤᠷ ᠢ ᠨᠢᠭᠲᠠ ᠪᠥᠭᠡᠳ ᠪᠠᠲᠤ ᠪᠠᠬᠢ ᠪᠠᠶᠢᠭᠤᠯᠵᠦ᠂  ᠨᠡᠶᠢᠭᠡᠮ ᠤᠨ ᠲᠤᠰᠬᠠᠶ ᠠᠪᠤᠷᠠᠨ ᠲᠤᠰᠠᠯᠠᠯᠲᠠ ᠶᠢ ᠭᠦᠨᠵᠡᠭᠡᠶ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠠᠨ ᠦᠢᠯᠡᠳᠣᠯᠭᠡᠵᠢᠬᠦᠯᠵᠦ᠂ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃      ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠣᠨᠴᠠ ᠬᠦᠴᠢᠷᠳᠡᠯ ᠤᠨ ᠠᠪᠤᠷᠠᠨ ᠲᠤᠰᠠᠯᠠᠯᠲᠠ ᠶᠢ ᠳᠠᠬᠢᠨ ᠳᠡᠭᠡᠭᠰᠢᠯᠡᠭᠦᠯᠬᠦ ᠬᠡᠷᠡᠭᠲᠡᠶ᠃ ᠪᠥᠬᠦ ᠬᠤᠰᠢᠭᠤ ︽ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠪᠠ ᠳᠦᠷᠢᠮ ᠤᠨ ᠲᠠᠯ᠎ᠠ ᠠᠴᠠ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠠᠵᠢᠯ ᠢ ᠵᠢᠷᠤᠮᠵᠢᠭᠤᠯᠪᠠ᠃ ᠦᠨᠳᠦᠰᠦᠨ ᠵᠦᠢᠯ ᠢ ᠨᠢ ᠨᠠᠶᠢᠳᠠᠵᠤ ᠠᠰᠠᠷᠠᠨ ᠲᠡᠵᠢᠭᠡᠬᠦ ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ᠂ ᠵᠣᠬᠢᠬᠤ ᠬᠡᠮᠵᠢᠶ᠎ᠡ ᠪᠠᠷ ᠪᠠᠲᠤᠯᠠᠬᠤ᠂ ᠨᠡᠶᠢᠭᠡᠮ ᠤᠨ ᠣᠷᠣᠯᠴᠠᠬᠤ ᠵᠠᠷᠴᠢᠮ ᠶᠣᠰᠣᠭᠠᠷ᠂ ᠣᠨᠴᠠ ᠬᠦᠴᠢᠷᠳᠡᠯᠲᠡᠶ ᠬᠥᠮᠦᠰ ᠤᠨ ᠡᠮᠴᠢᠯᠡᠭᠡ᠂ ᠣᠷᠣᠨ ᠰᠠᠭᠤᠴᠠ ᠪᠠ ᠰᠤᠷᠭᠠᠨ ᠬᠥᠮᠦᠵᠢᠯ ᠵᠡᠷᠭᠡ ᠪᠠᠲᠤᠯᠠᠭ᠎ᠠ ᠶᠢᠨ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠣᠨᠴᠠ ᠬᠦᠴᠢᠷᠳᠡᠯᠲᠡᠶ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠦᠢᠯᠡᠴᠢᠯᠡᠭᠡᠨ ᠪᠠ ᠬᠠᠮᠢᠶᠠᠷᠤᠯᠲᠠ ᠶᠢᠨ ᠠᠵᠢᠯ ᠢ ᠴᠢᠩᠭᠠᠷᠠᠭᠤᠯᠵᠤ᠂ ᠣᠨ ᠵᠢᠯ ᠨᠢ ᠤᠷᠲᠤ᠂ ᠰᠠᠭᠤᠷᠢ ᠪᠡᠯᠡᠳᠬᠡᠮᠵᠢ ᠨᠢ ᠬᠤᠴᠣᠷᠤᠩᠭᠤᠶ ᠨᠠᠰᠤᠲᠠᠨ ᠠᠰᠠᠷᠠᠬᠤ ᠬᠦᠷᠢᠶᠡᠯᠡᠩ ᠢ ᠪᠦᠲᠦᠭᠡᠨ ᠪᠠᠶᠢᠭᠤᠯᠬᠤ ᠶᠢ ᠬᠠᠰᠤᠵᠤ ᠨᠡᠶᠢᠯᠡᠭᠦᠯᠬᠦ ᠪᠠ ᠥᠭᠡᠷᠡᠴᠢᠯᠡᠨ ᠳᠡᠰ ᠳᠡᠪᠰᠢᠭᠦᠯᠵᠦ᠂ ᠣᠨᠴᠠ ᠬᠦᠴᠢᠷᠳᠡᠯᠲᠡᠶ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠦᠢᠯᠡᠴᠢᠯᠡᠬᠡᠨ ᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠲᠠᠷᠠᠬᠠᠶ ᠪᠤᠲᠠᠷᠬᠠᠶ ᠠᠰᠠᠷᠠᠨ ᠲᠡᠵᠢᠭᠡᠬᠦ ᠠᠮᠢᠳᠤᠷᠠᠯ ᠤᠨ ᠨᠥᠬᠦᠪᠥᠷᠢ ᠶᠢ 6169 ᠲᠥᠭᠦᠷᠢᠭ ᠲᠤ ᠬᠦᠷᠦᠭᠦᠯᠦᠨ᠎ᠡ︔ ᠬᠤᠲᠠ ᠪᠠᠯᠭᠠᠰᠤᠨ ᠤ ᠣᠨᠴᠠ ᠬᠦᠴᠢᠷᠳᠡᠯᠲᠡᠶ ᠬᠥᠮᠦᠰ 827 ᠲᠥᠭᠦᠷᠢᠭ ᠲᠤ ᠬᠦᠷᠪᠡ᠃ ᠡᠨᠡ ᠵᠢᠯ ᠠᠴᠠ ᠨᠠᠰᠢ᠂ ᠪᠥᠬᠦ ᠬᠤᠰᠢᠭᠤᠨ ᠳᠤ ᠨᠢᠭᠡᠨᠲᠡ 1092 ᠲᠦᠮᠡᠨ ᠲᠥᠭᠦᠷᠢᠭ ᠤᠨ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠮᠥᠩᠭᠦ ᠥᠭᠴᠡᠶ᠃       ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠦᠨ ᠨᠠᠷᠢᠯᠢᠭᠵᠢᠭᠤᠯᠵᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠨᠢ ᠠᠷᠠᠳ ᠤᠨ ᠵᠣᠪᠠᠨᠢᠯ ᠢ ᠠᠷᠢᠯᠭᠠᠪᠠ᠃ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠱᠠᠲᠤ ᠬᠤᠪᠢᠶᠠᠨ ᠳᠡᠰ ᠬᠤᠪᠢᠶᠠᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠳᠤᠮᠳᠠ ᠡᠮᠴᠢᠯᠡᠭᠡ ᠪᠠᠷ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠤᠬᠡᠳ ᠪᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠢ ᠪᠥᠬᠦ ᠲᠤᠭ᠎ᠠ ᠪᠠᠷ ᠨᠢ ᠠᠪᠤᠷᠠᠨ ᠲᠤᠰᠠᠯᠠᠵᠤ ᠳᠠᠭᠠᠳᠬᠠᠯ ᠳᠤ ᠣᠷᠣᠯᠴᠠᠨ ᠬᠤᠷᠰᠢᠭᠰᠠᠨ ᠡᠮᠨᠡᠯᠭᠡ ᠳᠤ ᠣᠷᠣᠯᠴᠠᠭᠤᠯᠤᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ᠂ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ᠂ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠶᠢᠨ ᠬᠡᠤᠬᠡᠳ ᠲᠤ ᠬᠥᠮᠦᠨ ᠪᠦᠷᠢ 60 ᠲᠥᠭᠦᠷᠢᠭ ᠤᠨ ᠪᠠᠷᠢᠮᠵᠢᠶ᠎ᠠ ᠪᠠᠷ ᠳᠠᠭᠠᠳᠬᠠᠯ ᠳᠤ ᠣᠷᠣᠯᠴᠠᠵᠤ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠡᠳ᠋ ᠮᠥᠩᠭᠦ ᠶᠢᠨ ᠲᠤᠰᠠᠯᠠᠮᠵᠢ ᠣᠯᠭᠤᠵᠤ᠂ 3 ᠲᠦᠮᠡᠨ ᠲᠥᠭᠦᠷᠢᠭ ᠠᠴᠠ ᠳᠣᠷᠣᠭᠰᠢ ᠪᠠᠶᠢᠪᠠᠯ᠂ ᠬᠤᠲᠠ ᠶᠢᠨ ᠰᠠᠭᠤᠭᠠᠯᠢ ᠠᠷᠠᠳ ᠤᠨ ᠳᠠᠭᠠᠳᠬᠠᠯ ᠪᠤᠶᠤ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠪᠠᠷ ᠳᠠᠩᠰᠠ ᠲᠠᠶᠢᠯᠤᠭᠰᠠᠨ ᠤ ᠳᠠᠷᠠᠭ᠎ᠠ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠥᠪᠡᠰᠦᠪᠡᠨ ᠲᠤᠰᠢᠶᠠᠬᠤ ᠬᠡᠰᠡᠭ ᠲᠤ 70 % ᠠᠴᠠ ᠳᠣᠤᠷ᠎ᠠ ᠦᠭᠡᠢ ᠬᠠᠷᠢᠴᠠᠯ ᠢᠶᠠᠷ ᠠᠪᠤᠷᠠᠨ ᠲᠤᠰᠠᠯᠠᠵᠤ᠂ 3 ᠲᠦᠮᠡᠨ ᠲᠥᠭᠦᠷᠢᠭ ᠠᠴᠠ ᠳᠡᠭᠡᠭᠰᠢ ᠬᠦᠨᠳᠦ ᠶᠡᠭᠡ ᠡᠪᠡᠳᠴᠢᠨ ᠳᠤ 80 % ᠠᠴᠠ ᠳᠣᠤᠷ᠎ᠠ ᠦᠭᠡᠢ ᠬᠠᠷᠢᠴᠠᠯ ᠢᠶᠠᠷ ᠠᠪᠤᠷᠠᠨ ᠲᠤᠰᠠᠯᠠᠬᠤ ᠶᠢᠨ ᠬᠠᠮᠲᠤ᠂ 6 ᠮᠢᠩᠭᠠᠨ ᠲᠥᠭᠦᠷᠢᠭ ᠠᠴᠠ ᠳᠡᠭᠡᠭᠰᠢ ᠨᠢᠭᠦᠯᠡᠰᠦᠩᠭᠦᠶ ᠶᠢᠨ ᠠᠪᠤᠷᠠᠨ ᠲᠤᠰᠠᠯᠠᠯᠲᠠ ᠣᠯᠭᠤᠨ᠎ᠠ᠃       ᠬᠠᠯᠠᠮᠵᠢᠯᠠᠨ ᠬᠠᠶᠢᠷᠠᠯᠠᠬᠤ ᠠᠵᠢᠯ ᠳᠦᠷᠢᠮᠵᠢᠵᠦ᠂ ᠬᠦᠴᠦ ᠪᠠᠨ ᠬᠠᠮᠲᠤᠳᠬᠠᠨ ᠬᠠᠷᠠᠭᠠᠯᠵᠠᠨ ᠬᠠᠮᠠᠭᠠᠯᠠᠵᠤ ᠬᠠᠮᠲᠤᠪᠠᠷ ᠦᠰᠦᠨ ᠪᠤᠶᠢᠵᠢᠪᠠ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠵᠣᠬᠢᠴᠠᠭᠤᠯᠬᠤ ᠠᠵᠢᠯ ᠤᠨ ᠲᠣᠭᠲᠠᠴᠠ ᠶᠢ ᠶᠡᠬᠡᠪᠡᠷ ᠴᠢᠩᠭᠠᠳᠬᠠᠵᠤ᠂ ᠬᠠᠮᠲᠤᠷᠠᠭᠰᠠᠨ ᠬᠤᠷᠠᠯ ᠤᠨ ᠳᠦᠷᠢᠮ ᠤᠨ  ᠦᠢᠯᠡᠳᠣᠯ ᠢ ᠭᠦᠢᠴᠡᠳ ᠪᠠᠳᠠᠷᠠᠭᠤᠯᠤᠨ᠎ᠠ︔ ︽ᠨᠠᠮ ᠵᠠᠰᠠᠭ ᠨᠢᠭᠡᠳᠦᠯᠲᠡᠶ ᠲᠥᠯᠥᠪᠯᠡᠬᠦ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠰᠤᠮᠤ ᠰᠢᠶᠠᠩ ᠪᠠᠯᠭᠠᠰᠤ ᠬᠠᠷᠢᠭᠤᠴᠠᠬᠤ ᠂ ᠰᠤᠷᠭᠠᠭᠤᠯᠢ ᠪᠠᠷ ᠭᠤᠤᠯ ᠪᠣᠯᠭᠠᠬᠤ᠂ ᠭᠡᠷ ᠪᠦᠯᠢ ᠬᠠᠷᠢᠭᠤᠴᠠᠯᠭ᠎ᠠ ᠪᠠᠨ ᠭᠦᠢᠴᠡᠳᠭᠡᠬᠦ︾ ︽ᠳᠣᠯᠤᠭ᠎ᠠ ᠶᠢ ᠨᠢᠭᠡ ᠴᠣᠭᠴᠠᠵᠢᠭᠤᠯᠬᠤ︾ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠤᠬᠡᠳ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠤᠨ᠎ᠠ᠃ ᠡᠭᠦᠨ ᠤ ᠬᠠᠮᠲᠤ ᠠᠷᠠᠳ ᠤᠨ ᠶᠠᠪᠤᠳᠠᠯ ᠤᠨ ᠦᠨᠳᠦᠰᠦᠨ ᠵᠦᠢᠯ ᠢ ᠪᠠᠲᠤᠯᠠᠵᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠦᠷᠢᠵᠢᠭᠤᠯᠬᠤ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠲᠥᠷᠥᠯ ᠬᠤᠪᠢᠶᠠᠨ ᠪᠠᠲᠤᠯᠠᠬᠤ ᠳᠦᠷᠢᠮ ᠢ ᠪᠠᠶᠢᠭᠤᠯᠤᠨ᠂ ᠦᠨᠳᠦᠰᠦᠨ ᠠᠮᠢᠳᠤᠷᠠᠯ᠂ ᠦᠨᠳᠦᠰᠦᠨ ᠡᠮᠴᠢᠯᠡᠭᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠵᠡᠷᠭᠡ ᠲᠠᠯ᠎ᠠ ᠪᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠲᠥᠷᠥᠯ ᠬᠤᠪᠢᠶᠠᠨ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠬᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠬᠤ ᠵᠡᠷᠭᠡ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠥᠪ ᠪᠠ ᠬᠥᠳᠡᠭᠡ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠳᠤ ᠲᠦᠰᠢᠭᠯᠡᠨ᠂ ᠭᠡᠷ ᠲᠡᠭᠡᠨ ᠬᠤᠴᠣᠷᠤᠭᠰᠠᠨ ᠬᠡᠤᠬᠡᠳ ᠤᠨ ᠠᠵᠢᠯᠯᠠᠭᠠᠨ ᠤ ᠴᠢᠭ ᠢ ᠪᠠᠶᠢᠭᠤᠯᠵᠤ᠂ ᠬᠤᠲᠠ ᠪᠠᠯᠭᠠᠰᠤᠨ ᠳᠤ ᠭᠡᠷ ᠲᠡᠭᠡᠨ ᠬᠤᠴᠣᠷᠤᠭᠰᠠᠨ ᠬᠡᠤᠬᠡᠳ ᠤᠨ ᠠᠵᠢᠯᠯᠠᠭᠠᠨ ᠤ ᠥᠷᠲᠡᠭᠡ ᠪᠠᠶᠢᠭᠤᠯᠤᠨ᠂ ᠬᠠᠮᠢᠶ᠎ᠠ ᠪᠦᠬᠦᠢ ᠪᠡᠯᠡᠳᠬᠡᠮᠵᠢ ᠲᠣᠬᠢᠷᠠᠭᠤᠯᠵᠤ᠂ ᠡᠯ᠎ᠡ ᠵᠦᠢᠯ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠦᠨ᠂ ᠲᠡᠳᠡᠨ ᠤ ᠪᠡᠶ᠎ᠡ ᠰᠡᠳᠬᠢᠴᠡ ᠶᠢᠨ ᠡᠷᠡᠭᠦᠯ ᠢᠶᠠᠷ ᠦᠰᠦᠨ ᠪᠤᠶᠢᠵᠢᠬᠤ ᠳᠤ ᠬᠠᠶᠢᠷ᠎ᠠ ᠬᠠᠯᠠᠮᠵᠢ ᠪᠠ ᠬᠠᠪᠰᠤᠷᠤᠯᠭ᠎ᠠ ᠬᠠᠩᠭᠠᠨ᠎ᠠ᠃                                                           ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ                           ᠵᠣᠬᠢᠶᠠᠭᠴᠢ᠄ ᠵᠠᠩ ᡁᠢ ᠮᠢᠩ᠂ ᠰᠦᠩ ᠹᠸᠢ                           ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号