ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2019-11-29
       ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠨᠠᠩ ᠰᠠᠶᠢᠲᠤᠷ ᠤᠭᠲᠤᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠦᠷᠢᠵᠢᠭᠤᠯᠬᠤ᠂ ᠣᠯᠠᠨ ᠲᠦᠮᠡᠨ ᠤ ᠡᠬᠡ ᠣᠷᠣᠨᠴᠢ ᠬᠠᠯᠠᠭᠤᠨ ᠰᠡᠳᠬᠢᠯᠭᠡ ᠶᠢ ᠬᠥᠭᠵᠢᠭᠡᠨ᠂ ᠣᠯᠠᠨ ᠲᠦᠮᠡᠨ ᠤ ᠤᠯᠤᠰ ᠤᠨ ᠦᠵᠡᠯᠲᠡ ᠪᠠ ᠤᠯᠤᠰ ᠤᠨ ᠲᠤᠭ ᠤᠨ ᠤᠬᠠᠮᠰᠠᠷ ᠢ ᠴᠢᠩᠭᠠᠷᠠᠭᠤᠯᠵᠤ᠂ ᠤᠯᠤᠰ ᠤᠨ ᠲᠤᠭ ᠤᠨ ᠨᠡᠷ᠎ᠡ ᠬᠦᠨᠳᠦ ᠶᠢ ᠬᠠᠮᠠᠭᠠᠯᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ 2019 ᠣᠨ ᠤ 9 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ ᠬᠠᠭᠤᠴᠢᠨ ᠵᠠᠰᠠᠭ ᠤᠨ ᠣᠷᠳᠣᠨ ᠤ ᠠᠭᠤᠳᠠᠮ ᠲᠠᠯᠠᠪᠠᠢ ᠳᠤ ︽ᠤᠯᠤᠰ ᠤᠨ ᠲᠤᠭ ᠤᠨ ᠬᠠᠤᠯᠢ︾ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠪᠡ᠃

    ᠠᠵᠢᠯᠯᠠᠭ᠎ᠠ ᠶᠢᠨ ᠳᠤᠮᠳᠠ᠂ ᠬᠠᠤᠯᠢ ᠴᠠᠭᠠᠵᠠ ᠶᠢᠨ ᠲᠣᠪᠴᠢᠶ᠎ᠠ ᠵᠢᠴᠢ ᠡᠯ᠎ᠡ ᠬᠠᠤᠯᠢ ᠴᠠᠭᠠᠵᠠ ᠶᠢᠨ ᠭᠠᠵᠠᠷ ᠤᠨ

ᠺᠠᠳ᠋ᠷ ᠴᠠᠭᠳᠠᠭ᠎ᠠ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ

ᠠᠵᠢᠯᠯᠠᠭᠴᠢᠳ ᠤᠬᠠᠭᠤᠯᠭ᠎ᠠ ᠶᠢᠨ ᠡᠩᠨᠡᠭᠡ ᠶᠢ ᠪᠦᠷᠢᠯᠳᠦᠭᠦᠯᠵᠦ᠂ ᠥᠷᠭᠡᠨ ᠣᠯᠠᠨ ᠲᠦᠮᠡᠨ ᠳᠤ ᠤᠬᠠᠭᠤᠯᠭ᠎ᠠ ᠶᠢᠨ

ᠮᠠᠲ᠋ᠧᠷᠢᠶᠠᠯ᠂ ︽ᠤᠯᠤᠰ ᠤᠨ ᠲᠤᠭ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠲᠠᠷᠬᠠᠭᠠᠬᠤ ᠶᠢᠨ

ᠬᠠᠮᠲᠤ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ

ᠤᠬᠠᠭᠤᠯᠭ᠎ᠠ ᠶᠢᠨ ᠬᠡᠪᠴᠢᠶ᠎ᠡ ᠶᠢ ᠥᠷᠭᠡᠳᠬᠡᠵᠦ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠪᠠ᠃

 

      ᠠᠵᠢᠯᠯᠠᠭ᠎ᠠ ᠨᠢ 500 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 600 ᠭᠠᠷᠤᠶ ᠡᠯ᠎ᠡ

ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠦᠯᠢᠶᠡᠨ ᠠᠪᠤᠭᠰᠠᠨ ᠬᠥᠮᠦᠨ ᠤ ᠲᠤᠭ᠎ᠠ 500

ᠭᠠᠷᠤᠶ ᠪᠣᠯᠵᠠᠶ᠃ ᠲᠣᠰ ᠤᠳᠠᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠨᠢ ᠠᠷᠠᠳ ᠣᠯᠠᠨ ᠤ ᠤᠬᠠᠮᠰᠠᠷ ᠠᠴᠠ ᠪᠠᠨ

ᠤᠯᠤᠰ ᠤᠨ ᠲᠤᠭ ᠢᠶᠠᠨ ᠬᠠᠶᠢᠷᠠᠯᠠᠬᠤ ᠶᠢ ᠵᠣᠷᠢᠭᠵᠢᠭᠤᠯᠬᠤ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ

ᠲᠣᠭᠲᠠᠭᠠᠯ ᠢ ᠮᠡᠳᠡᠬᠦ᠂ ᠤᠯᠤᠰ ᠢᠶᠠᠨ ᠬᠠᠶᠢᠷᠠᠯᠠᠬᠤ ᠤᠬᠠᠮᠰᠠᠷ ᠢ ᠪᠣᠶ ᠪᠣᠯᠭᠠᠬᠤ ᠵᠡᠷᠭᠡ ᠲᠠᠯ᠎ᠠ ᠪᠠᠷ ᠴᠥᠮ

ᠢᠳᠡᠪᠬᠢᠲᠡᠢ ᠠᠬᠢᠭᠤᠯᠬᠤ  ᠦᠢᠯᠡᠳᠣᠯ ᠲᠠᠢ ᠶᠤᠮ᠃

             

                      ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠤᠯᠢ

ᠴᠠᠭᠠᠵᠠ ᠶᠢᠨ ᠲᠣᠪᠴᠢᠶᠠᠨ ᠤ ᠤᠬᠠᠭᠤᠯᠤᠨ ᠬᠥᠮᠦᠵᠢᠭᠦᠯᠬᠦ ᠲᠠᠰᠤᠭ

                      ᠵᠣᠬᠢᠶ᠋ᠬᠠᠴᠢ᠄  ᠭᠦᠸᠧ ᠲᠢᠶᠠᠨ

                      ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠤᠬᠠᠭᠤᠯᠤᠨ ᠬᠥᠮᠦᠵᠢᠭᠦᠯᠬᠦ ᠲᠠᠰᠤᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号