ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢᠭᠡᠳᠦᠭᠡᠷ ᠲᠡᠰ ᠤᠨ ᠬᠠᠤᠯᠢ ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2019-11-29
      ᠮᠠᠨ ᠤ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠡᠭᠡᠳᠦ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠱᠠᠭᠠᠷᠳᠠᠯᠭ᠎ᠠ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠪᠣᠯᠭᠠᠬᠤ ᠶᠢ ᠪᠠᠷᠢᠮᠲᠠᠯᠠᠵᠤ᠂ ︽ᠬᠥᠭᠵᠢᠯᠲᠡ ᠶᠢᠨ ᠠᠵᠠ ᠲᠣᠬᠢᠶᠠᠯ ᠢ ᠠᠮᠵᠢᠨ ᠠᠳᠬᠤᠵᠤ᠂ ᠤᠯᠤᠰ ᠤᠨ ᠲᠥᠷᠦ ᠶᠢᠨ ᠪᠣᠳᠣᠯᠭ᠎ᠠ ᠶᠢ ᠠᠮᠢᠳᠤᠯᠢᠭ ᠬᠡᠷᠡᠭᠯᠡᠵᠦ᠂ ᠵᠣᠬᠢᠰᠲᠠᠶ ᠤᠷᠢᠳᠴᠢᠯᠠᠨ ᠪᠦᠲᠦᠭᠡᠨ ᠪᠠᠶᠢᠭᠤᠯᠵᠦ᠂ ᠠᠷᠠᠳ ᠲᠤ ᠳᠥᠭᠦᠮ ᠦᠵᠡᠭᠦᠯᠬᠦ ᠶᠢ ᠪᠠᠲᠤᠯᠠᠬᠤ︾ ᠤᠭ ᠶᠣᠰᠣᠭᠠᠷ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠤᠯᠳᠠᠯᠭ᠎ᠠ ᠪᠣᠯᠭᠠᠵᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠡᠭᠦᠷᠭᠡ ᠴᠢᠳᠠᠪᠬᠢ ᠶᠢ ᠪᠠᠳᠠᠷᠠᠭᠤᠯᠬᠤ ᠪᠠᠷ ᠲᠦᠰᠢᠭ ᠪᠣᠯᠭᠠᠵᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠭᠤᠤᠯᠳᠠᠯᠭ᠎ᠠ ᠶᠢ ᠳᠣᠪᠤᠶᠢᠯᠭᠠᠵᠤ᠂ ᠬᠠᠤᠯᠢ ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠳᠡ ᠢᠯᠡᠳᠲᠡ ᠦᠷ᠎ᠡ ᠪᠦᠲᠦᠮᠵᠢ ᠣᠯᠪᠠ᠃ 2019 ᠣᠨ ᠳᠤ ᠮᠠᠨ ᠤ ᠲᠣᠪᠴᠢᠶ᠎ᠠ ᠨᠡᠶᠢᠲᠡ 6 ᠨᠢᠭᠡᠳᠦᠭᠡᠷ ᠲᠡᠰ ᠤᠨ ᠬᠠᠤᠯᠢ ᠴᠠᠭᠠᠵᠠ ᠶᠢᠨ ᠭᠠᠵᠠᠷ ᠢ ᠪᠠᠶᠢᠭᠤᠯᠵᠦ᠂ ᠨᠢᠭᠡᠳᠦᠭᠡᠷ ᠲᠡᠰ ᠤᠨ ᠬᠠᠤᠯᠢ ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠯ ᠳᠠᠷᠠᠭᠠᠯᠠᠨ ᠠᠬᠢᠭᠤᠯᠵᠤ᠂ ᠪᠦᠬᠦ ᠲᠠᠯ᠎ᠠ ᠪᠠᠷ ᠥᠷᠨᠢᠭᠦᠯᠵᠦ᠂ ᠮᠠᠨ ᠤ ᠬᠤᠰᠢᠭᠤᠨ ᠤ ᠬᠠᠤᠯᠢ ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠴᠡᠶ᠃ ᠭᠠᠵᠠᠷ ᠪᠣᠯᠭᠠᠨ ᠳᠤ ᠡᠶᠡᠳᠡᠭᠦᠯᠬᠦ ᠲᠠᠰᠤᠭ᠂ ᠳᠠᠩᠰᠠ ᠡᠪᠬᠡᠮᠡᠯ ᠤᠨ ᠲᠠᠰᠤᠭ᠂ ᠠᠵᠢᠯᠲᠠᠨ ᠤ ᠠᠯᠪᠠᠨ ᠭᠡᠷ ᠵᠡᠷᠭᠡ ᠶᠢ ᠲᠣᠬᠢᠷᠠᠭᠤᠯᠵᠤ᠂ ᠪᠦᠬᠦ ᠬᠤᠰᠢᠭᠤᠨ ᠤ ᠬᠠᠤᠯᠢ ᠴᠠᠭᠠᠵᠠ ᠵᠠᠰᠠᠭ ᠵᠠᠬᠢᠷᠭᠠᠨ ᠤ ᠠᠵᠢᠯ ᠤᠨ ᠤᠷᠤᠭᠰᠢᠲᠠᠢ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃      ᠬᠠᠤᠯᠢ ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠬᠤ ᠶᠢᠨ ᠲᠥᠯᠥᠭᠡ᠂ ᠮᠠᠨ ᠤ ᠲᠣᠪᠴᠢᠶ᠎ᠠ ᠲᠤᠰᠬᠠᠢ ᠤᠳᠤᠷᠢᠳᠬᠤ ᠳᠤᠭᠤᠶᠢᠯᠠᠩ ᠪᠠᠶᠢᠭᠤᠯᠵᠤ᠂ ᠡᠯ᠎ᠡ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠶᠢ ᠵᠣᠬᠢᠶᠠᠨ ᠪᠠᠶᠢᠭᠤᠯᠵᠤ᠂ ᠪᠦᠬᠦ ᠬᠤᠰᠢᠭᠤᠨ ᠤ ᠬᠠᠤᠯᠢ ᠴᠠᠭᠠᠵᠠ ᠶᠢᠨ ᠭᠠᠵᠠᠷ ᠤᠨ ᠳᠦᠷᠢᠮᠵᠢᠭᠰᠡᠨ ᠪᠦᠲᠦᠭᠡᠨ ᠪᠠᠶᠢᠭᠤᠯᠤᠯᠲᠠ ᠶᠢ ᠲᠤᠰᠬᠠᠢ ᠰᠡᠳᠦᠪ ᠢᠶᠠᠷ ᠰᠤᠳᠤᠯᠪᠠ᠃ ᠨᠢᠭᠡ ᠵᠢᠷᠤᠮᠵᠢᠯ ᠨᠢᠭᠡ ᠪᠠᠶᠢᠬᠤ ᠵᠠᠷᠴᠢᠮ ᠳᠤ ᠰᠠᠭᠤᠷᠢᠯᠠᠨ᠂ ︽ᠲᠣᠭᠲᠠᠭᠠᠯ︾ ᠢᠶᠠᠷ ᠠᠭᠤᠯᠭ᠎ᠠ ᠪᠣᠯᠭᠠᠵᠤ᠂ ᠠᠵᠢᠯ ᠤᠨ ᠲᠣᠭᠲᠠᠴᠠ ᠶᠢ ᠪᠠᠶᠢᠭᠤᠯᠪᠠ᠃       ᠨᠢᠭᠡ᠂ ᠳᠦᠷᠢᠮ ᠤᠨ ᠪᠠᠶᠢᠭᠤᠯᠤᠯᠲᠠ ᠶᠢ ᠵᠢᠷᠤᠮᠵᠢᠭᠤᠯᠬᠤ       ᠬᠠᠤᠯᠢ ᠴᠠᠭᠠᠵᠠ ᠶᠢᠨ ᠭᠠᠵᠠᠷ ᠨᠢ ᠶᠢᠰᠦᠨ ᠶᠡᠭᠡ ᠡᠭᠦᠷᠭᠡ ᠴᠢᠳᠠᠪᠤᠷᠢ ᠶᠢ ᠡᠭᠦᠷᠭᠡᠯᠡᠵᠦ ᠪᠠᠶᠢᠳᠠᠭ᠂ ᠮᠠᠨ ᠤ ᠲᠣᠪᠴᠢᠶ᠎ᠠ ᠬᠠᠤᠯᠢ ᠴᠠᠭᠠᠵᠠ ᠶᠢᠨ ᠭᠠᠵᠠᠷ ᠤᠨ ᠠᠵᠢᠯ ᠤᠨ ᠬᠠᠷᠠᠯᠲᠠ ᠲᠠᠢ ᠤᠶᠠᠯᠳᠤᠭᠤᠯᠤᠨ᠂ ᠠᠷᠪᠠᠨ ᠳᠥᠷᠪᠡᠨ ᠲᠠᠯ᠎ᠠ ᠶᠢᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠡᠶ᠂ ᠡᠭᠦᠨ ᠳᠤ ᠭᠤᠤᠯᠳᠠᠭᠤ ᠠᠷᠠᠳ ᠤᠨ ᠡᠶᠡᠳᠡᠭᠦᠯᠭᠡ᠂ ᠲᠥᠪᠬᠢᠨᠡᠭᠦᠯᠬᠦ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠦᠢᠯᠡᠴᠢᠯᠡᠭᠡ᠂ ᠬᠠᠤᠯᠢ ᠴᠠᠭᠠᠵᠠ ᠶᠢᠨ ᠦᠢᠯᠡᠴᠢᠯᠡᠭᠡ᠂ ᠶᠡᠷᠦᠩᠬᠡᠶᠢᠯᠡᠨ ᠵᠠᠰᠠᠬᠤ ᠵᠢᠴᠢ ᠰᠣᠷᠪᠣᠯᠵᠢᠯᠠᠬᠤ ᠪᠠᠷ ᠢᠷᠡᠭᠰᠡᠨ᠂ ᠠᠯᠪᠠᠨ ᠮᠡᠳᠡᠭᠡ ᠪᠠᠷ ᠬᠦᠯᠢᠶᠡᠨ ᠠᠪᠤᠭᠰᠠᠨ᠂ ᠰᠤᠷᠤᠯᠴᠠᠯᠭ᠎ᠠ᠂ ᠬᠤᠷᠠᠯ᠂ ᠡᠷᠡᠭᠦᠯ ᠬᠠᠮᠠᠭᠠᠯᠠᠯ ᠤᠨ ᠵᠠᠰᠠᠭ ᠤᠨ ᠪᠠᠶᠢᠭᠤᠯᠤᠯᠲᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠴᠢᠬᠤᠯᠠ ᠶᠡᠭᠡ ᠪᠠᠶᠢᠳᠡᠯ ᠤᠨ ᠮᠡᠳᠡᠭᠦᠯᠦᠯᠲᠡ ᠪᠠ ᠠᠵᠢᠯ ᠳᠤ ᠭᠠᠷᠬᠤ ᠶᠢ ᠰᠢᠯᠭᠠᠬᠤ᠂ ᠱᠠᠩᠨᠠᠵᠤ ᠲᠣᠷᠭᠠᠬᠤ᠂ ᠠᠯᠳᠠᠭ᠎ᠠ ᠪᠤᠷᠤᠭᠤ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠵᠡᠷᠭᠡ ᠶᠢ ᠪᠠᠭᠲᠠᠭᠠᠵᠤ᠂ ᠬᠠᠤᠯᠢ ᠴᠠᠭᠠᠵᠠ ᠶᠢᠨ ᠭᠠᠵᠠᠷ ᠤᠨ ᠡᠯ᠎ᠡ ᠵᠦᠢᠯ ᠤᠨ ᠠᠵᠢᠯ ᠢ ᠵᠢᠷᠤᠮᠯᠠᠬᠤ ᠳᠦᠷᠢᠮ ᠲᠠᠢ ᠪᠣᠯᠭᠠᠵᠠᠶ᠃       ᠬᠤᠶᠡᠷ᠂ ᠬᠠᠷᠠᠯᠲᠠᠲᠤ ᠬᠠᠮᠢᠶᠠᠷᠤᠯᠲᠠ ᠶᠢ ᠬᠠᠷᠢᠭᠤᠴᠠᠯᠭᠠᠵᠢᠭᠤᠯᠬᠤ ᠬᠡᠷᠡᠭᠲᠡᠶ᠃       ᠬᠠᠤᠯᠢ ᠪᠠᠷᠢᠬᠤ ᠭᠠᠵᠠᠷ ᠤᠨ ᠡᠭᠦᠷᠭᠡ ᠴᠢᠳᠠᠪᠤᠷᠢ ᠶᠢ ᠬᠡᠷᠬᠢᠨ ᠰᠠᠶᠢᠲᠤᠷ ᠪᠠᠳᠠᠷᠠᠭᠤᠯᠬᠤ ᠶᠢᠨ ᠲᠣᠭᠤᠷᠢᠨ ᠳᠤ ᠂ ᠠᠷᠠᠳ ᠤᠨ ᠡᠶᠡᠳᠡᠭᠦᠯᠭᠡ᠂ ᠲᠦᠭᠡᠮᠡᠯ ᠤᠬᠠᠭᠤᠯᠭ᠎ᠠ᠂ ᠬᠠᠤᠯᠢ ᠶᠣᠰᠣᠭᠠᠷ ᠵᠠᠰᠠᠬᠤ᠂ ᠬᠠᠪᠰᠤᠷᠤᠨ ᠰᠤᠷᠭᠠᠬᠤ᠂ ᠨᠡᠶᠢᠭᠡᠮ ᠲᠣᠭᠤᠷᠢᠭ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠭᠤᠤᠯ ᠡᠭᠦᠷᠭᠡ ᠶᠢᠨ ᠠᠵᠢᠯ ᠤᠨ ᠬᠠᠷᠠᠯᠲᠠ ᠳᠤ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠬᠢᠬᠦ ᠶᠢ ᠪᠣᠳᠠᠲᠠᠶ ᠲᠣᠳᠣᠷᠬᠠᠶᠢᠯᠠᠪᠠ᠃ ᠤᠯᠤᠰ ᠲᠥᠷᠦ ᠶᠢᠨ ᠦᠷ᠎ᠡ ᠪᠦᠲᠦᠮᠵᠢ᠂ ᠬᠠᠤᠯᠢ ᠴᠠᠭᠠᠵᠠ ᠶᠢᠨ ᠦᠷ᠎ᠡ ᠪᠦᠲᠦᠮᠵᠢ ᠪᠠ ᠨᠡᠶᠢᠭᠡᠮ ᠤᠨ ᠦᠷ᠎ᠡ ᠪᠦᠲᠦᠮᠵᠢ ᠭᠤᠷᠪᠠ ᠶᠢ ᠨᠢᠭᠡᠳᠦᠭᠦᠯᠬᠦ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠤᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠪᠠ ᠬᠠᠮᠠᠭᠠᠯᠠᠬᠤ ᠬᠡᠷᠡᠭᠲᠡᠶ᠃      ᠭᠤᠷᠪᠡ᠂ ᠪᠢᠴᠢᠭ ᠬᠠᠷ᠎ᠠ ᠶᠢ ᠬᠡᠯᠪᠡᠷᠢᠵᠢᠭᠦᠯᠬᠦ      ᠬᠠᠤᠯᠢ ᠪᠠᠷᠢᠬᠤ ᠭᠠᠵᠠᠷ ᠤᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠳᠤ ᠴᠢᠭᠯᠡᠭᠦᠯᠦᠨ᠂ ᠲᠤᠬᠠᠶᠢᠯᠠᠭᠰᠠᠨ ᠠᠵᠢᠯ ᠤᠨ ᠪᠢᠴᠢᠭ ᠬᠠᠷ᠎ᠠ ᠶᠢᠨ ᠨᠢᠭᠡᠳᠦᠯᠲᠡᠶ ᠬᠡᠪ ᠵᠠᠭᠪᠤᠷ ᠢ ᠵᠢᠷᠤᠮᠵᠢᠭᠤᠯᠤᠨ ᠵᠣᠬᠢᠶᠠᠵᠤ᠂ ᠠᠷᠠᠳ ᠤᠨ ᠡᠶᠡᠳᠡᠭᠦᠯᠦᠭᠡ ᠶᠢ ᠵᠢᠷᠤᠮᠵᠢᠭᠤᠯᠤᠨ ᠲᠠᠭᠯᠠᠬᠤ ᠶᠢᠨ ᠬᠠᠮᠲᠤ ︽ᠨᠢᠭᠡ ᠬᠡᠷᠡᠭ ᠨᠢᠭᠡ ᠡᠪᠬᠡᠮᠡᠯ︾ ᠤᠨ ᠪᠠᠷᠢᠮᠵᠢᠶ᠎ᠠ ᠶᠢᠨ ᠵᠢᠷᠤᠮᠵᠢᠯ ᠢ ᠬᠡᠷᠡᠭᠵᠢᠭᠦᠯᠪᠡ᠃      ᠲᠥᠷᠪᠡ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠪᠠᠷᠢᠮᠵᠢᠶᠠᠵᠢᠭᠤᠯᠬᠤ      ᠤᠯᠤᠰ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠡᠯ᠎ᠡ ᠬᠠᠤᠯᠢ ᠴᠠᠭᠠᠵᠠ ᠶᠢᠨ ᠭᠠᠵᠠᠷ ᠤᠨ ᠮᠠᠲ᠋ᠧᠷᠢᠶᠠᠯ ᠢ ᠲᠥᠷᠥᠯ ᠬᠤᠪᠢᠶᠠᠨ ᠳᠡᠪᠲᠡᠷᠯᠡᠵᠦ᠂ ᠴᠠᠭ ᠲᠤᠬᠠᠶ ᠳᠤᠨᠢ ᠳᠠᠩᠰᠠ ᠡᠪᠬᠡᠮᠡᠯ ᠳᠤ ᠣᠷᠣᠭᠤᠯᠵᠤ᠂ ᠲᠠᠷᠢ ᠲᠡᠭᠰᠢ ᠲᠠᠯᠪᠢᠬᠤ ᠬᠡᠷᠡᠭᠲᠡᠶ᠃ ︽ᠲᠠᠪᠤ ᠶᠢ ᠨᠢᠭᠡᠳᠬᠡᠬᠦ︾᠄ ᠨᠢᠭᠡᠳᠦᠯᠲᠡᠶ ᠬᠠᠤᠯᠢ ᠴᠠᠭᠠᠵᠠ ᠶᠢᠨ ᠭᠠᠵᠠᠷ ᠤᠨ ᠨᠡᠷᠡᠶᠢᠳᠦᠯ᠂ ᠫᠠᠶᠢᠰᠠ ᠪᠠ ᠲᠠᠮᠠᠭ᠎ᠠ︔ ᠠᠵᠢᠯᠲᠠᠨ ᠤ ᠢᠯᠡ ᠨᠡᠶᠢᠲᠡᠯᠡᠬᠦ ᠫᠠᠶᠢᠰᠠ ᠶᠢ ᠨᠢᠭᠡᠳᠬᠡᠨ᠎ᠡ︔  ᠬᠡᠷᠡᠮ ᠬᠠᠨ᠎ᠠ ᠰᠡᠳᠬᠦᠯ ᠤᠨ ᠬᠠᠪᠲᠠᠰᠤ ᠶᠢᠨ ᠠᠭᠤᠯᠭ᠎ᠠ ᠶᠢ ᠨᠢᠭᠡᠳᠬᠡᠨ᠎ᠡ︔ ᠳᠦᠷᠢᠮ ᠤᠨ ᠴᠢᠨᠠᠷᠲᠠᠶ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠨᠢᠭᠡᠳᠬᠡᠨ᠎ᠡ︔ ︽ᠳᠥᠷᠪᠡᠨ ᠵᠢᠷᠤᠮᠵᠢᠯ︾ ᠢ ᠪᠡᠶᠡᠯᠡᠭᠦᠯᠪᠡ᠂ ᠲᠤᠬᠠᠶᠢᠯᠠᠪᠠᠯ᠄ ᠠᠷᠠᠳ ᠤᠨ ᠡᠶᠡᠳᠡᠭᠦᠯᠦᠭᠡ ᠶᠢᠨ ᠠᠵᠢᠯ ᠤᠨ ᠬᠠᠮᠢᠶᠠᠷᠤᠯᠲᠠ ᠶᠢᠨ ᠵᠢᠷᠤᠮᠵᠢᠯ ᠨᠢ ᠬᠠᠮᠢᠶᠠᠷᠤᠯᠲᠠ ᠶᠢᠨ ᠠᠷᠭ᠎ᠠ ᠪᠠ ᠡᠯ᠎ᠡ ᠵᠦᠢᠯ ᠤᠨ ᠳᠦᠷᠢᠮ ᠢ ᠲᠣᠭᠲᠠᠭᠠᠵᠠᠶ︔ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ ᠬᠠᠤᠯᠢ ᠶᠣᠰᠣᠭᠠᠷ ᠵᠠᠰᠠᠬᠤ ᠪᠠᠷᠢᠮᠵᠢᠶ᠎ᠠ᠂ ᠠᠵᠢᠯ ᠤᠨ ᠳᠦᠷᠢᠮ ᠤᠨ ᠵᠢᠷᠤᠮᠵᠢᠯ︔ ᠡᠷᠡᠭᠦᠤ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠪᠠ ᠨᠡᠶᠢᠭᠡᠮ ᠲᠣᠭᠤᠷᠢᠭ ᠤᠨ ᠲᠥᠪᠬᠢᠨᠡᠭᠦᠯᠵᠦ ᠬᠠᠪᠰᠤᠷᠤᠨ ᠰᠤᠷᠭᠠᠬᠤ ᠳᠦᠷᠢᠮ ᠤᠨ ᠵᠢᠷᠤᠮᠵᠢᠯ︔ ᠬᠠᠤᠯᠢ ᠴᠠᠭᠠᠵᠠ ᠶᠢᠨ ᠲᠤᠰᠠᠯᠠᠮᠵᠢ ᠶᠢᠨ ᠬᠦᠪᠴᠢᠶᠡᠨ ᠳᠤ᠂ ᠠᠵᠢᠯ ᠤᠨ ᠪᠠᠷᠢᠮᠵᠢᠶ᠎ᠠ ᠶᠢ ᠵᠢᠷᠣᠮᠵᠢᠭᠤᠯᠣᠨ᠎ᠠ᠃                          ᠢᠷᠡᠯᠲᠡ᠄ ᠬᠠᠤᠯᠢ ᠴᠠᠭᠠᠵᠠ ᠶᠢᠨ ᠲᠣᠪᠴᠢᠶ᠎ᠠ                  ᠵᠣᠬᠢᠶ᠋ᠬᠠᠴᠢ᠄  ᠼᠦᠢ ᠰᠢᠨ ᠶᠤᠸᠠᠢ                  ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号