ᠪᠦᠬᠦ ᠬᠤᠰᠢᠭᠤᠨ ᠤ ᠲᠠᠷᠢᠶᠠᠯᠠᠬᠤ ᠮᠠᠯᠵᠢᠬᠤ ᠣᠷᠣᠨ ᠤ ᠣᠷᠴᠢᠨ ᠲᠣᠭᠤᠷᠢᠨ ᠢ ᠶᠡᠷᠦᠩᠭᠡᠶᠢᠯᠡᠨ ᠵᠠᠰᠠᠬᠤ ᠠᠵᠢᠯ ᠢ ᠰᠠᠶᠢᠳᠣᠷ ᠬᠢᠬᠦ ᠲᠣᠬᠠᠢ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2019-02-22
ᠡᠯ᠎ᠡ ᠰᠣᠮᠣ ᠪᠠᠯᠭᠠᠰᠣ ᠶᠢᠨ ᠠᠷᠡᠳ ᠤᠨ ᠵᠠᠰᠠᠭ ᠤᠨ ᠣᠷᠳᠣᠨ᠂ ᠬᠦᠢᠳᠡᠨ ᠰᠢᠯᠢ ᠲᠣᠭᠤᠷᠢᠭ ᠤᠨ ᠬᠠᠮᠢᠶᠠᠷᠣᠯᠳᠡ  ᠶᠢᠨ ᠵᠦᠪᠯᠡᠯ᠂ ᠬᠤᠰᠢᠭᠤᠨ ᠤ ᠬᠠᠮᠢᠶ᠎ᠡ ᠪᠦᠬᠦᠢ ᠨᠢᠭᠡᠴᠡ᠄        ᠣᠷᠴᠢᠮ ᠤᠨ ᠬᠡᠳᠣᠨ ᠵᠢᠯ ᠮᠠᠨ ᠤ ᠬᠤᠰᠢᠭᠤ ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠲᠣᠨᠤᠭ ᠲᠦᠭᠦᠭᠡᠷᠦᠮᠵᠢ ᠶᠢᠨ ᠪᠦᠳᠦᠬᠡᠨ ᠪᠠᠶᠢᠭᠤᠯᠣᠯᠳᠡ ᠪᠠ ᠰᠠᠭᠤᠭᠠᠯᠢ ᠠᠷᠡᠳ ᠤᠨ ᠣᠷᠴᠢᠨ ᠲᠣᠭᠤᠷᠢᠨ ᠢ ᠵᠠᠰᠠᠬᠤ ᠶᠢ ᠲᠦᠯᠬᠢᠨ ᠠᠬᠢᠭᠤᠯᠵᠦ᠂ ᠮᠠᠯᠴᠢᠨ ᠲᠠᠷᠢᠶᠠᠴᠢᠨ ᠤ ᠰᠠᠭᠤᠭᠠᠯᠢ ᠠᠷᠡᠳ ᠤᠨ ᠣᠷᠴᠢᠨ ᠲᠣᠭᠤᠷᠢᠨ ᠮᠡᠳᠡᠭᠳᠡᠮ᠎ᠡ ᠰᠠᠶᠢᠵᠢᠷᠡᠵᠡᠢ᠂ ᠭᠡᠪᠡᠴᠦ ᠬᠡᠰᠡᠭ ᠭᠠᠵᠡᠷ ᠣᠷᠣᠨ ᠤ ᠬᠠᠮᠢᠶᠠᠷᠣᠯᠳᠡ ᠶᠢᠨ ᠠᠵᠢᠯ ᠬᠤᠴᠣᠷᠣᠩᠭᠤᠢ᠂ ᠪᠣᠵᠡᠷ᠂ ᠡᠷᠦᠢ ᠬᠤᠷᠣᠢ ᠵᠡᠷᠭᠡ ᠦᠵᠡᠭᠳᠡᠯ ᠬᠦᠨᠳᠣ ᠨᠣᠴᠣᠳᠡᠢ᠃ ᠬᠤᠰᠢᠭᠤᠨ ᠤ ᠨᠠᠮ ᠤᠨ ᠬᠤᠷᠢᠶᠡᠨ ᠤ ᠶᠡᠭᠡ ᠬᠤᠷᠡᠯ ᠤᠨ ᠵᠣᠷᠢᠭ ᠰᠠᠨᠠᠭ᠎ᠠ ᠶᠢ ᠦᠨᠳᠣᠰᠣᠯᠡᠨ ᠣᠷᠴᠢᠨ ᠲᠣᠭᠤᠷᠢᠨ ᠤ ᠪᠦᠳᠣᠭᠡᠨ ᠪᠠᠶᠢᠭᠤᠯᠣᠯᠳᠡ ᠶᠢᠨ ᠦᠷ᠎ᠡ ᠪᠦᠳᠣᠮᠵᠢ ᠶᠢ ᠣᠯᠠᠮ ᠨᠢᠭᠡ ᠠᠯᠬᠤᠮ ᠪᠠᠬᠢᠵᠢᠭᠦᠯᠬᠦ ᠶᠢᠨ ᠲᠦᠯᠦᠭᠡ ᠠᠷᠢᠭᠤᠨ ᠴᠡᠪᠡᠷ᠂ ᠡᠮᠬᠢ ᠴᠡᠭᠴᠡ ᠲᠠᠢ᠂ ᠠᠮᠢ ᠠᠬᠤᠢ᠂ ᠪᠣᠯᠪᠠᠰᠣᠨ ᠬᠦᠳᠡᠭᠡ ᠲᠣᠰᠬᠤᠨ ᠤ ᠮᠠᠯᠵᠢᠬᠤ ᠣᠷᠣᠨ ᠤ ᠣᠷᠴᠢᠨ ᠲᠣᠭᠤᠷᠢᠨ ᠢ ᠪᠦᠳᠣᠭᠡᠨ ᠪᠠᠶᠢᠭᠤᠯᠣᠨ᠎ᠠ᠃ ᠪᠦᠬᠦ ᠬᠤᠰᠢᠭᠤ  ᠪᠠᠷ ᠢᠶᠠᠨ ᠣᠳᠣ ᠠᠴᠠ ᠡᠬᠢᠯᠡᠨ ᠬᠦᠳᠡᠭᠡ ᠲᠣᠰᠬᠤᠨ ᠤ ᠮᠠᠯᠵᠢᠬᠤ ᠣᠷᠣᠨ ᠤ ᠣᠷᠴᠢᠨ ᠲᠣᠭᠤᠷᠢᠨ ᠢ ᠦᠭᠡᠷᠡᠴᠢᠯᠡᠨ ᠵᠠᠰᠠᠬᠤ ᠨᠢᠬᠡ ᠰᠠᠷ᠎ᠡ ᠶᠢᠨ ᠬᠦᠳᠡᠯᠭᠡᠭᠡᠨ ᠦᠷᠨᠢᠬᠦᠯᠬᠦ ᠪᠠᠷ ᠲᠣᠨᠨᠳ᠋ᠬᠠᠰᠠᠨ ᠪᠠᠶᠢᠨ᠎ᠠ᠃ ᠲᠣᠣᠷ᠎ᠡ ᠬᠠᠮᠢᠶ᠎ᠡ ᠪᠦᠬᠦᠢ ᠬᠡᠷᠡᠭ ᠣᠴᠢᠷ ᠢ ᠮᠡᠳᠡᠭᠳᠡᠶ᠎ᠡ᠄       ᠨᠢᠬᠡ᠂  ᠲᠠᠷᠢᠶᠠᠯᠠᠬᠤ ᠮᠠᠯᠵᠢᠬᠤ ᠣᠷᠣᠨ ᠤ ᠣᠷᠴᠢᠨ ᠲᠣᠭᠤᠷᠢᠨ ᠢ ᠶᠡᠷᠦᠩᠭᠡᠶᠢᠯᠡᠨ ᠵᠠᠰᠠᠬᠤ ᠠᠵᠢᠯ ᠢ ᠰᠠᠶᠢᠳᠣᠷ ᠠᠳᠬᠤᠬᠤ ᠬᠡᠷᠡᠭᠳᠡᠢ       ᠨᠢᠭᠡ ᠳᠤ ᠬᠦᠳᠡᠭᠡ ᠲᠣᠰᠬᠤᠨ ᠤ ᠬᠦᠷᠢᠶ᠎ᠡ ᠬᠠᠰᠢᠶ᠎ᠡ ᠶᠢᠨ ᠣᠷᠴᠢᠨ ᠲᠣᠭᠤᠷᠢᠨ ᠢ ᠦᠭᠡᠷᠡᠴᠢᠯᠡᠨ ᠵᠠᠰᠠᠬᠤ  ᠶᠢ ᠰᠠᠶᠢᠳᠣᠷ ᠠᠳᠬᠤᠬᠤ ᠬᠡᠷᠡᠭᠳᠡᠢ᠃ ᠭᠠᠴᠠᠭ᠎ᠠ ᠲᠣᠰᠬᠤᠨ ᠤ ᠭᠤᠣᠯ ᠲᠡᠳ᠋ ᠵᠠᠮ ᠤᠨ ᠭᠤᠳᠣᠮᠵᠢ᠂ ᠵᠡᠭᠡᠯᠢ ᠭᠤᠳᠣᠮᠵᠢ ᠵᠢᠴᠢ ᠲᠣᠰᠬᠤᠨ ᠲᠣᠰᠬᠤᠨ ᠤ ᠬᠤᠭᠤᠷᠣᠨᠳᠣᠬᠢ ᠵᠠᠯᠭᠠᠯᠳᠣᠵᠦ ᠪᠠᠶᠢᠭ᠎ᠠ ᠵᠠᠮ ᠤᠨ ᠬᠤᠭ ᠨᠣᠪᠰᠢ ᠶᠢ ᠴᠡᠪᠡᠷᠯᠡᠬᠦ ᠠᠵᠢᠯ ᠢ ᠰᠠᠶᠢᠳᠣᠷ ᠬᠢᠬᠦ ᠬᠡᠷᠡᠭᠳᠡᠢ᠃ ︽ ᠠᠷᠭᠠᠯ ᠤᠨ ᠣᠪᠣᠭ᠎ᠠ᠂ ᠲᠦᠯᠡᠬᠡᠨ ᠣᠪᠣᠭ᠎ᠠ᠂ ᠬᠤᠭ ᠨᠤᠪᠰᠢ  ᠶᠢᠨ ᠣᠪᠣᠭ᠎ᠠ︾ ᠶᠢ ᠴᠡᠪᠡᠷᠯᠡᠨ ᠵᠠᠰᠠᠬᠤ ᠬᠠᠮᠢᠶᠠᠷᠣᠯᠳᠡ ᠶᠢᠨ ᠬᠦᠴᠦᠯᠡᠴᠡ ᠶᠢ ᠴᠢᠩᠭᠠᠳᠬᠠᠵᠦ᠂ ︽ᠢᠯᠡᠷᠭᠡᠢ ᠬᠤᠭ ᠨᠣᠪᠰᠢ᠂ ᠡᠷᠡᠬᠦᠯ ᠬᠠᠮᠠᠭᠠᠯᠠᠯ ᠤᠨ ᠲᠡᠯᠳᠡ ᠪᠣᠯᠣᠩ︾ ᠢ ᠲᠣᠶᠢᠯᠪᠦᠷᠢᠳᠡᠢ ᠠᠷᠢᠯᠭᠠᠨ᠎ᠠ᠃ ᠣᠯᠡᠨ ᠲᠦᠮᠡᠨ ᠤ ᠠᠮᠢᠳᠣᠷᠡᠯ ᠪᠠ ᠲᠣᠰᠬᠤᠨ ᠤ ᠦᠵᠡᠮᠵᠢ ᠶᠢ ᠨᠦᠯᠦᠬᠡᠯᠡᠵᠦ ᠪᠠᠶᠢᠭ᠎ᠠ ᠦᠭᠡᠷ ᠤᠨ ᠬᠠᠰᠢᠶ᠎ᠡ ᠲᠠᠬᠢᠶ᠎ᠡ ᠶᠢᠨ ᠡᠬᠦᠷ ᠢ ᠡᠪᠳᠡᠯᠡᠵᠦ᠂ ᠭᠡᠷᠡᠮ ᠪᠠᠷᠢᠯᠭ᠎ᠠ ᠲᠡᠭᠡᠷ᠎ᠡ ᠲᠣᠷ᠎ᠡ ᠪᠠᠷ ᠡᠷᠢᠶᠡᠴᠡᠵᠦ᠂ ᠦᠵᠡᠬᠦ ᠳᠤ ᠡᠪ ᠦᠭᠡᠢ ᠭᠠᠵᠡᠷ ᠢ ᠦᠩᠭᠡᠯᠡᠵᠦ ᠵᠠᠰᠠᠵᠦ᠂ ᠬᠦᠷᠢᠶ᠎ᠡ ᠬᠠᠰᠢᠶᠡᠨ ᠳᠠᠬᠢ ᠦᠢᠯᠡᠳᠪᠦᠷᠢᠯᠡᠯ ᠠᠮᠢᠳᠣᠷᠡᠯ ᠤᠨ ᠬᠡᠷᠡᠭᠰᠡᠯ ᠲᠡᠷᠢ ᠲᠡᠭᠰᠢ᠂ ᠬᠦᠷᠢᠶᠡᠨ ᠲᠣᠳᠣᠷ᠎ᠡ ᠭᠡᠷ ᠤᠨ ᠭᠠᠳᠡᠨ᠎ᠡ ᠴᠡᠪᠡᠷ ᠲᠡᠭᠰᠢ ᠪᠠᠶᠢᠬᠤ ᠬᠡᠷᠡᠭᠳᠡᠢ᠃        ᠬᠤᠶᠡᠷ ᠲᠤ ᠬᠤᠭ ᠨᠣᠪᠰᠢ ᠶᠢ ᠬᠤᠷᠢᠶᠡᠨ ᠴᠣᠨᠨᠯᠠᠭᠤᠯᠬᠤ᠂ ᠰᠡᠢᠳᠪᠦᠷᠢᠯᠡᠬᠦ ᠠᠵᠢᠯ ᠢ ᠰᠠᠶᠢᠳᠣᠷ ᠠᠳᠬᠤᠬᠤ ᠬᠡᠷᠡᠭᠳᠡᠢ᠃ ᠭᠠᠴᠠᠭ᠎ᠠ ᠲᠣᠰᠬᠤᠨ ᠤ ᠬᠤᠭ ᠨᠣᠪᠰᠢ ᠶᠢᠨ ᠴᠦᠭᠦᠷᠦᠮ᠂ ᠬᠤᠭ ᠤᠨ ᠰᠠᠪᠠ ᠶᠢ ᠢᠯᠭᠠᠷᠠᠭᠤᠯᠬᠤ ᠠᠵᠢᠯ ᠢ ᠰᠠᠶᠢᠳᠣᠷ ᠬᠢᠵᠦ᠂ ᠡᠳᠣᠷ ᠪᠣᠯᠭᠠᠨ ᠠᠷᠢᠯᠭᠠᠵᠦ ᠴᠡᠪᠡᠷᠯᠡᠭᠰᠡᠨ ᠪᠠᠶᠢᠬᠤ ᠬᠡᠷᠡᠭᠳᠡᠢ᠃ ᠮᠠᠯᠴᠢᠨ ᠲᠠᠷᠢᠶᠠᠴᠢᠨ ᠤ ᠡᠬᠦᠳᠡᠨ ᠡᠮᠦᠨᠡᠬᠢ ᠭᠡᠷ ᠤᠨ ᠬᠤᠶᠢᠨᠠᠬᠢ ᠬᠤᠭ ᠨᠣᠪᠰᠢ ᠶᠢ ᠠᠷᠢᠯᠭᠠᠵᠦ᠂ ᠬᠤᠭ ᠨᠣᠪᠰᠢ  ᠪᠠᠨ ᠲᠣᠰᠬᠤᠨ ᠤ ᠬᠤᠭ ᠨᠣᠪᠰᠢ ᠶᠢᠨ ᠴᠦᠭᠦᠷᠦᠮ ᠳᠤ ᠬᠦᠷᠭᠡᠵᠦ᠂ ᠬᠤᠭ ᠨᠣᠪᠰᠢ ᠶᠢᠨ ᠴᠦᠭᠦᠷᠦᠮ ᠤᠨ ᠬᠤᠭ ᠨᠣᠪᠰᠢ ᠶᠢ ᠲᠣᠰᠬᠤᠨ ᠤ ᠱᠠᠳᠣᠨ ᠤ ᠲᠡᠭᠡᠭᠡᠪᠦᠷᠢᠯᠡᠵᠦ ᠰᠡᠢᠳᠪᠦᠷᠢᠯᠠᠵᠦ᠂ ᠣᠶᠢᠷ᠎ᠡ ᠣᠷᠴᠢᠮ ᠤᠨ ᠣᠷᠴᠢᠨ ᠲᠣᠭᠤᠷᠢᠨ ᠤ ᠴᠡᠪᠡᠷ ᠲᠡᠭᠰᠢ ᠶᠢ ᠪᠠᠳᠣᠯᠠᠨ᠎ᠠ᠃ ᠵᠠᠰᠠᠮᠠᠯ ᠵᠠᠮ ᠤᠨ ᠬᠤᠶᠡᠷ ᠬᠠᠵᠠᠭᠤ ᠪᠠᠷ ᠨᠢᠳᠣᠨ ᠬᠠᠷᠠᠭᠠᠨ ᠳᠤ ᠪᠠᠶᠢᠭ᠎ᠠ ᠰᠣᠯᠡ ᠵᠠᠳᠠᠭᠠᠢ ᠬᠤᠭ ᠨᠣᠪᠰᠢ᠂ ᠡᠷᠦᠢ ᠬᠤᠷᠦᠢ ᠪᠠᠶᠢᠭ᠎ᠠ ᠦᠯᠦᠭ ᠡᠳ᠋᠂ ᠲᠠᠷᠢᠶᠡᠨ ᠲᠣᠮᠳᠡ ᠣᠢ ᠰᠢᠭᠤᠢ  ᠶᠢᠨ ᠲᠣᠮᠳᠡ ᠪᠠᠶᠢᠭ᠎ᠠ ᠲᠠᠷᠢᠶᠠᠯᠠᠩ ᠤᠨ ᠵᠣᠯᠣᠮ᠎ᠠ᠂ ᠰᠦᠯᠢᠶᠣᠣ ᠣᠭᠤᠳᠡ ᠵᠡᠷᠭᠡ ᠴᠠᠭᠠᠨ ᠦᠩᠭᠡᠳᠣ ᠨᠤᠭ ᠬᠤᠪᠰᠢ  ᠶᠢ ᠰᠡᠢᠳᠪᠦᠷᠢᠯᠠᠵᠦ᠂ ᠬᠦᠳᠡᠭᠡ ᠲᠣᠰᠬᠤᠨ ᠤ ᠮᠠᠯᠵᠢᠬᠤ ᠣᠷᠣᠨ ᠤ ᠭᠤᠣᠯ ᠵᠠᠮ ᠵᠢᠴᠢ ᠦᠵᠡᠭᠳᠡᠬᠦ ᠬᠡᠪᠴᠢᠶ᠎ᠡ ᠳᠤ ᠬᠤᠭ ᠨᠣᠪᠰᠢ ᠦᠭᠡᠢ ᠪᠠᠶᠢᠬᠤ ᠶᠢ ᠪᠠᠳᠣᠯᠠᠨ᠎ᠠ᠃       ᠭᠤᠷᠪᠡ ᠳᠤ ᠦᠨᠳᠣᠷ ᠦᠷ᠎ᠡ ᠠᠰᠢᠭ ᠪᠦᠬᠦᠢ ᠬᠤᠷᠳᠣᠨ ᠱᠠᠯᠠᠮᠠᠭᠠᠢ ᠴᠡᠪᠡᠷᠯᠡᠭᠴᠢ ᠶᠢᠨ ᠡᠩᠨᠡᠭᠡ ᠶᠢ ᠪᠠᠶᠢᠭᠤᠯᠣᠨ᠎ᠠ᠃ ᠪᠠᠷᠢᠮᠵᠢᠶ᠎ᠡ ᠶᠢ ᠦᠨᠳᠣᠰᠣᠯᠡᠨ ᠴᠡᠪᠡᠷᠯᠡᠭᠴᠢ ᠶᠢ ᠬᠤᠪᠢᠶᠡᠨ᠂ ᠴᠡᠪᠡᠷᠯᠡᠭᠴᠢ ᠶᠢᠨ ᠠᠵᠢᠯ ᠤᠨ ᠬᠠᠷᠢᠭᠤᠴᠠᠯᠭ᠎ᠠ᠂ ᠬᠦᠷᠢᠶ᠎ᠡ ᠬᠡᠪᠴᠢᠶ᠎ᠡ᠂ ᠪᠠᠷᠢᠮᠵᠢᠶ᠎ᠡ ᠵᠡᠷᠭᠡ ᠱᠠᠭᠠᠷᠳᠠᠯᠭ᠎ᠠ ᠶᠢ ᠲᠣᠳᠣᠷᠬᠠᠢ ᠪᠣᠯᠭᠠᠵᠦ᠂ ᠴᠡᠪᠡᠷᠯᠡᠭᠴᠢ  ᠶᠢ ᠰᠢᠯᠭᠠᠬᠤ ᠠᠷᠭ᠎ᠠ ᠶᠢ ᠲᠣᠨᠨᠳᠠᠭᠠᠵᠦ᠂ ᠴᠡᠪᠡᠷᠯᠡᠭᠴᠢ ᠶᠢᠨ ᠬᠦᠳᠡᠯᠭᠡᠭᠡᠨ ᠤ ᠬᠠᠮᠢᠶᠠᠷᠣᠯᠳᠡ ᠶᠢ ᠴᠢᠩᠭᠠᠳᠬᠠᠨ᠎ᠠ᠃ ᠴᠡᠪᠡᠷᠯᠡᠭᠴᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠲᠣᠨᠨᠳᠠᠭᠠᠵᠦ᠂ ᠴᠡᠪᠡᠷᠯᠡᠭᠴᠢ ᠶᠢᠨ ᠨᠡᠷ᠎ᠡ᠂ ᠴᠡᠪᠡᠷᠯᠡᠬᠦ ᠬᠦᠷᠢᠶ᠎ᠡ ᠬᠡᠪᠴᠢᠶ᠎ᠡ᠂ ᠬᠠᠷᠢᠯᠴᠠᠬᠤ ᠣᠳᠠᠰᠣ ᠵᠡᠷᠭᠡ ᠶᠢ ᠢᠯᠡ ᠨᠡᠶᠢᠳᠡᠯᠡᠵᠦ᠂ ᠦᠷᠭᠡᠨ ᠣᠯᠡᠨ ᠲᠦᠮᠡᠨ ᠤ ᠬᠢᠨᠡᠯᠳᠡ ᠶᠢ ᠬᠦᠯᠢᠶᠡᠨ᠎ᠡ᠃ ᠠᠵᠢᠯ ᠳᠤ ᠪᠠᠨ ᠬᠠᠷᠢᠭᠤᠴᠠᠬᠤ ᠦᠬᠡᠢ ᠡᠰᠡᠬᠦᠯ᠎ᠡ ᠠᠵᠢᠯ ᠪᠠᠨ ᠬᠢᠬᠦ ᠦᠭᠡᠢ ᠴᠡᠪᠡᠷᠯᠡᠭᠴᠢ ᠶᠢ ᠲᠡᠷᠡ ᠲᠠᠷᠣᠢ ᠰᠣᠯᠢᠨ᠎ᠠ᠃        ᠬᠤᠶᠡᠷ᠂  ᠲᠠᠷᠢᠶᠠᠯᠠᠬᠤ ᠮᠠᠯᠵᠢᠬᠤ ᠣᠷᠣᠨ ᠤ ᠨᠣᠷᠠᠬᠤ ᠠᠶᠣᠯᠳᠡᠢ ᠬᠠᠭᠤᠴᠢᠨ ᠭᠡᠷ ᠪᠠᠶᠢᠰᠢᠩ ᠢ ᠨᠣᠷᠭᠠᠬᠤ ᠠᠵᠢᠯ ᠢ ᠰᠠᠶᠢᠳᠣᠷ ᠬᠢᠬᠦ ᠬᠡᠷᠡᠭᠳᠡᠢ      ︽ᠣᠯᠠᠭᠠᠨᠴᠠᠪ ᠤᠨ ᠬᠦᠳᠡᠭᠡ ᠲᠣᠰᠬᠤᠨ ᠤ ᠮᠠᠯᠵᠢᠬᠤ ᠤᠷᠤᠨ ᠤ ᠨᠣᠷᠠᠬᠤ ᠠᠶᠣᠯᠳᠡᠢ ᠬᠠᠭᠤᠴᠢᠨ ᠭᠡᠷ ᠪᠠᠶᠢᠰᠢᠩ ᠢ ᠨᠣᠷᠭᠠᠬᠤ ᠵᠢᠯᠣᠭᠤᠳᠬᠤ ᠰᠠᠨᠠᠯ︾ ᠤᠨ ᠬᠠᠮᠢᠶ᠎ᠡ ᠪᠦᠬᠦᠢ ᠱᠠᠭᠠᠷᠳᠠᠯᠭ᠎ᠠ ᠶᠣᠰᠣᠭᠠᠷ ᠮᠠᠨ ᠤ ᠬᠤᠰᠢᠭᠤᠨ  ᠤ ᠬᠦᠳᠡᠭᠡ ᠲᠣᠰᠬᠤᠨ ᠤ ᠮᠠᠯᠵᠢᠬᠤ ᠣᠷᠣᠨ ᠤ ᠰᠠᠭᠤᠭᠠᠯᠢ ᠠᠷᠡᠳ ᠤᠨ ᠣᠷᠴᠢᠨ ᠲᠣᠭᠤᠷᠢᠨ ᠢ ᠴᠡᠪᠡᠷᠯᠡᠨ ᠵᠠᠰᠠᠬᠤ ᠠᠵᠢᠯ ᠲᠠᠢ ᠣᠶᠠᠯᠳᠣᠭᠤᠯᠣᠨ ᠡᠯ᠎ᠡ ᠰᠣᠮᠣ ᠪᠠᠯᠭᠠᠰᠣ ︵ᠣᠷᠣᠨ ᠲᠣᠭᠤᠷᠢᠭ︶ ᠶᠢᠨ ᠬᠠᠷᠢᠶᠡᠨ ᠳᠠᠬᠢ ᠶᠠᠳᠠᠭᠤ ᠶᠢ ᠲᠡᠳᠬᠦᠬᠦ ᠪᠠᠷ ᠨᠡᠭᠦᠯᠭᠡᠭᠰᠡᠨ ᠤᠤᠯ ᠤᠨ ᠭᠡᠷ ᠪᠠᠶᠢᠰᠢᠩ ᠬᠦᠷᠢᠶ᠎ᠡ ᠬᠠᠰᠢᠶ᠎ᠡ᠂ ᠨᠣᠷᠠᠬᠤ ᠠᠶᠣᠯᠳᠡᠢ ᠭᠡᠷ ᠪᠠᠶᠢᠰᠢᠩ ᠢ ᠰᠢᠨᠡᠳᠭᠡᠨ ᠵᠠᠰᠬᠠᠰᠠᠨ ᠤ ᠰᠡᠬᠦᠯᠡᠷᠬᠢ ᠣᠣᠯ ᠤᠨ ᠠᠶᠣᠯᠳᠡᠢ ᠭᠡᠷ ᠪᠠᠶᠢᠰᠢᠩ᠂ ᠲᠣᠰᠬᠤᠨ ᠳᠠᠬᠢ ᠰᠣᠯᠡ ᠵᠠᠳᠠᠭᠠᠢ ᠮᠠᠭᠤ ᠭᠡᠷ ᠪᠠᠶᠢᠰᠢᠩ᠂ ᠨᠣᠷᠬᠠᠰᠡᠨ ᠬᠡᠷᠡᠮ ᠲᠠᠰᠣᠷᠬᠠᠰᠡᠨ ᠬᠠᠰᠢᠶ᠎ᠡ ᠵᠡᠷᠭᠡ ᠶᠢ ᠨᠣᠷᠭᠠᠬᠤ ᠠᠵᠢᠯ ᠢ ᠰᠠᠶᠢᠳᠣᠷ ᠠᠳᠬᠤᠬᠤ ᠬᠡᠷᠡᠭᠳᠡᠢ᠃ ᠡᠯ᠎ᠡ ᠰᠣᠮᠣ ᠪᠠᠯᠭᠠᠰᠣ ︵ ᠣᠷᠣᠨ ᠲᠣᠭᠤᠷᠢᠭ︶ ᠣᠨᠳᠣᠣ ᠭᠠᠵᠡᠷ ᠨᠡᠬᠦᠯᠬᠡᠬᠦ ᠪᠠ ᠠᠶᠣᠯᠳᠣ ᠭᠡᠷ ᠪᠠᠶᠢᠰᠢᠩ ᠢ ᠰᠢᠨᠡᠳᠭᠡᠬᠦ ᠠᠵᠢᠯ ᠨᠢᠭᠡᠨᠳᠡ ᠲᠠᠭᠤᠰᠣᠨᠨᠰᠡᠨ᠂ ᠲᠠᠭᠤᠰᠤᠭ᠎ᠠ ᠦᠬᠡᠢ ᠠᠵᠢᠯ ᠤᠨ ᠪᠠᠶᠢᠳᠡᠯ ᠢ ᠣᠶᠢᠯᠠᠭᠠᠵᠦ᠂ ᠨᠣᠷᠠᠬᠤ ᠠᠶᠣᠯᠳᠡᠢ ᠭᠡᠷ ᠪᠠᠶᠢᠰᠢᠩ ᠢ ᠨᠣᠷᠭᠠᠬᠤ ᠠᠵᠢᠯ ᠤᠨ ᠬᠦᠴᠦᠯᠡᠴᠡ ᠶᠢ ᠴᠢᠩᠭᠠᠳᠬᠠᠨ᠎ᠠ᠃ ᠣᠨᠳᠣᠣ ᠭᠠᠵᠡᠷ ᠨᠡᠭᠦᠭᠰᠡᠨ ᠪᠠ ᠠᠶᠣᠯᠳᠣ ᠭᠡᠷ ᠪᠠᠶᠢᠰᠢᠩ ᠤᠨ ᠰᠢᠨᠡᠳᠭᠡᠨ ᠵᠠᠰᠠᠭᠠᠳ ᠲᠠᠭᠤᠰᠣᠭᠠᠳ ᠰᠢᠨ᠎ᠡ ᠬᠡᠷ  ᠲᠤ ᠨᠡᠬᠦᠨ ᠣᠷᠣᠨᠨᠰᠠᠨ ᠪᠣᠯ ᠵᠢᠯ ᠠᠴᠠ ᠡᠮᠦᠨ᠎ᠡ ᠨᠦᠬᠦᠪᠦᠷᠢ ᠦᠭᠡᠢ ᠪᠠᠷ ᠬᠠᠭᠤᠴᠢᠨ ᠭᠡᠷ ᠪᠠᠶᠢᠰᠢᠩ ᠢ ᠨᠣᠷᠭᠠᠨ᠎ᠠ᠃ ᠠᠵᠢᠯ ᠲᠠᠭᠤᠰᠤᠭ᠎ᠠ ᠦᠬᠡᠢ ᠪᠠᠷ ᠨᠡᠬᠦᠨ ᠣᠷᠣᠨᠨᠰᠠᠨ ᠪᠣᠯ ᠰᠢᠨ᠎ᠡ ᠬᠡᠷ ᠲᠤ ᠨᠡᠬᠦᠨ ᠣᠷᠣᠨᠨᠰᠠᠨ ᠤ 15 ᠡᠳᠣᠷ ᠤᠨ ᠲᠠᠷᠠᠭ᠎ᠠ ᠬᠠᠭᠤᠴᠢᠨ ᠭᠡᠷ ᠪᠠᠶᠢᠰᠢᠩ ᠢ ᠨᠣᠷᠭᠠᠨ᠎ᠠ᠃ ᠲᠣᠰᠬᠤᠨ ᠤ ᠲᠣᠳᠣᠷ᠎ᠡ ᠰᠣᠯᠠ ᠵᠠᠳᠠᠭᠠᠢ ᠮᠠᠭᠤ ᠭᠡᠷ ᠪᠠᠶᠢᠰᠢᠩ ᠂ ᠨᠣᠷᠬᠠᠰᠡᠨ ᠬᠡᠷᠡᠮ ᠲᠠᠰᠣᠷᠬᠠᠰᠡᠨ ᠬᠠᠰᠢᠶ᠎ᠡ ᠵᠡᠷᠭᠡ ᠳᠤ ᠲᠣᠬᠢᠷᠠᠮᠵᠢᠳᠡᠢ ᠨᠦᠬᠦᠪᠦᠷᠢ ᠦᠭᠭᠦᠭᠰᠡᠨ ᠤ ᠲᠠᠷᠠᠭ᠎ᠠ ᠵᠢᠯ  ᠠᠴᠠ ᠰᠡᠬᠦᠯᠡᠷ 2019 ᠤᠨ ᠤ 6 ᠳ᠋ᠣᠭᠠᠷ ᠰᠠᠷ᠎ᠡ ᠶᠢᠨ ᠡᠴᠦᠰ ᠲᠤ ᠪᠦᠬᠦᠨ ᠢ ᠨᠣᠷᠭᠠᠵᠦ ᠲᠠᠭᠤᠰᠬᠠᠵᠦ᠂ ᠮᠠᠯᠴᠢᠨ ᠲᠠᠷᠢᠶᠠᠴᠢᠨ ᠳᠤ  ᠲᠡᠷᠢ ᠲᠡᠭᠰᠢ᠂ ᠠᠷᠢᠭᠤᠨ ᠴᠡᠪᠡᠷ᠂ ᠠᠮᠣᠷ ᠲᠦᠪᠰᠢᠨ ᠠᠮᠢᠳᠣᠷᠡᠯ ᠤᠨ ᠣᠷᠴᠢᠨ ᠲᠣᠭᠤᠷᠢᠨ ᠢ ᠪᠦᠳᠦᠭᠡᠨ ᠪᠠᠶᠢᠭᠤᠯᠵᠦ ᠦᠭᠭᠦᠨ᠎ᠡ᠃       ᠭᠤᠷᠪᠡ᠂ ᠲᠠᠷᠢᠶᠠᠯᠠᠬᠤ ᠮᠠᠯᠵᠢᠬᠤ ᠣᠷᠣᠨ ᠤ ᠣᠷᠴᠢᠨ ᠲᠣᠭᠤᠷᠢᠨ ᠢ ᠣᠷᠳᠣ ᠬᠤᠭᠤᠴᠠᠭ᠎ᠠ ᠪᠠᠷ ᠬᠠᠮᠢᠶᠠᠷᠬᠤ ᠶᠢ ᠴᠢᠩᠭᠠᠳᠬᠠᠨ᠎ᠠ       ᠲᠠᠷᠢᠶᠠᠯᠠᠬᠤ ᠮᠠᠯᠵᠢᠬᠤ ᠣᠷᠣᠨ ᠤ ᠣᠷᠴᠢᠨ ᠲᠣᠭᠤᠷᠢᠨ ᠢ ᠶᠡᠷᠦᠩᠭᠡᠶᠢᠯᠡᠨ ᠵᠠᠰᠠᠬᠤ ᠦᠷ᠎ᠡ ᠪᠦᠳᠦᠮᠵᠢ ᠶᠢ ᠪᠠᠬᠢᠵᠢᠬᠦᠯᠬᠦ ᠶᠢᠨ ᠲᠦᠯᠦᠭᠡ ᠡᠯ᠎ᠡ ᠰᠣᠮᠣ ᠪᠠᠯᠭᠠᠰᠣ᠂ ᠲᠣᠭᠤᠷᠢᠭ ᠤᠨ ᠬᠠᠮᠢᠶᠠᠷᠣᠯᠳᠡ ᠶᠢᠨ ᠵᠦᠪᠯᠡᠯ ᠠᠴᠠ ᠬᠤᠶᠢᠨᠠᠬᠢ ᠬᠠᠮᠢᠶᠠᠷᠣᠯᠳᠡ ᠶᠢᠨ ᠠᠵᠢᠯ ᠢ ᠴᠢᠬᠤᠯᠠᠴᠢᠯᠠᠵᠦ᠂ ᠣᠷᠳᠣ ᠬᠤᠭᠤᠴᠠᠭᠠᠨ ᠤ ᠬᠠᠮᠢᠶᠠᠷᠣᠯᠳᠡ ᠶᠢᠨ ᠪᠦᠳᠦᠴᠡ ᠶᠢ  ᠣᠯᠠᠮ ᠨᠢᠭᠡ ᠠᠯᠬᠤᠮ ᠲᠣᠨᠨᠳᠠᠭᠠᠬᠤ ᠪᠠ ᠲᠡᠭᠦᠯᠳᠡᠷᠵᠢᠬᠦᠯᠵᠦ᠂ ᠦᠷ᠎ᠡ ᠪᠦᠳᠦᠮᠵᠢ ᠪᠦᠬᠦᠢ ᠠᠷᠭ᠎ᠠ ᠬᠡᠮᠵᠢᠶ᠎ᠡ ᠠᠪᠴᠦ᠂ ᠠᠵᠢᠯ ᠤᠨ ᠬᠡᠪᠰᠢᠬᠦᠯᠬᠦ ᠬᠠᠮᠢᠶᠠᠷᠣᠯᠳᠡ ᠶᠢ ᠲᠦᠯᠬᠢᠨ ᠠᠬᠢᠭᠤᠯᠵᠦ᠂ ᠲᠦᠷᠢᠮᠵᠢᠬᠦᠯᠵᠦ᠂ ᠣᠷᠳᠣ ᠬᠤᠭᠤᠴᠠᠭ᠎ᠠ ᠪᠠᠷ ᠬᠦᠴᠦᠨ ᠲᠠᠢ ᠪᠠᠶᠢᠯᠭᠠᠬᠤ ᠬᠡᠷᠡᠭᠳᠡᠢ᠃       ᠨᠢᠭᠡ ᠳᠤ ᠲᠠᠷᠢᠶᠠᠯᠠᠬᠤ ᠮᠠᠯᠵᠢᠬᠤ ᠣᠷᠣᠨ ᠤ ᠣᠷᠴᠢᠨ ᠲᠣᠭᠤᠷᠢᠨ ᠢ ᠣᠷᠳᠣ ᠬᠤᠭᠤᠴᠠᠭ᠎ᠠ ᠪᠠᠷ ᠬᠠᠮᠢᠶᠠᠷᠬᠤ ᠠᠵᠢᠯ ᠤᠨ ᠣᠳᠣᠷᠢᠳᠣᠯᠭ᠎ᠠ ᠶᠢ ᠴᠢᠩᠭᠠᠳᠬᠠᠨ᠎ᠠ᠃ ᠡᠯ᠎ᠡ ᠰᠣᠮᠣ ᠪᠠᠯᠭᠠᠰᠣ᠂ ᠣᠷᠣᠨ ᠲᠣᠭᠤᠷᠢᠭ ᠲᠠᠷᠢᠶᠠᠯᠠᠬᠤ ᠮᠠᠯᠵᠢᠬᠤ ᠣᠷᠣᠨ ᠤ ᠣᠷᠴᠢᠨ ᠲᠣᠭᠤᠷᠢᠨ ᠢ ᠣᠷᠳᠣ ᠬᠤᠭᠤᠴᠠᠭ᠎ᠠ ᠪᠠᠷ ᠬᠠᠮᠢᠶᠠᠷᠠᠬᠤ ︽ ᠨᠢᠭᠡᠳᠣᠭᠡᠷ  ᠭᠠᠷ︾   ᠤᠨ ᠬᠠᠮᠢᠶᠠᠷᠣᠯᠳᠡ ᠶᠢᠨ ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ ᠭᠤᠣᠯ ᠣᠳᠣᠷᠢᠳᠣᠯᠭ᠎ᠠ ᠪᠡᠶ᠎ᠡ ᠪᠠᠷ ᠢᠶᠠᠨ ᠬᠤᠪᠢᠳᠡᠨ ᠠᠳᠬᠤᠵᠦ᠂ ᠰᠠᠯᠠᠭᠠᠨ ᠤ ᠣᠳᠣᠷᠢᠳᠣᠯᠭ᠎ᠠ ᠪᠣᠳᠡᠳᠡᠢ ᠠᠳᠬᠤᠵᠦ᠂ ᠠᠷᠭ᠎ᠠ ᠬᠡᠮᠵᠢᠶ᠎ᠡ ᠶᠢ ᠨᠡᠷᠢᠯᠢᠨᠨᠵᠢᠭᠤᠯᠵᠦ᠂ ᠡᠬᠦᠷᠭᠡ ᠬᠠᠷᠢᠭᠤᠴᠠᠯᠭ᠎ᠠ ᠪᠠᠨ ᠰᠠᠯᠭᠠᠵᠦ᠂ ᠬᠢᠨᠡᠨ ᠪᠠᠶᠢᠴᠠᠭᠠᠯᠳᠡ ᠶᠢ ᠴᠢᠩᠭᠠᠳᠬᠠᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠳᠠᠶᠢᠵᠢᠭᠤᠯᠵᠦ᠂ ᠦᠩᠭᠡ ᠶᠢᠨ ᠲᠡᠳᠦᠢ ᠬᠢᠵᠦ ᠪᠣᠯᠬᠤ ᠦᠬᠡᠢ᠃       ᠬᠤᠶᠡᠷ ᠲᠤ ᠣᠷᠳᠣ ᠬᠤᠭᠤᠴᠠᠭ᠎ᠠ ᠪᠠᠷ ᠬᠡᠷᠡᠭᠵᠢᠬᠦᠯᠵᠦ ᠪᠣᠯᠬᠤ ᠪᠣᠳᠡᠳᠡᠢ ᠬᠠᠮᠢᠶᠠᠷᠣᠯᠳᠡ ᠶᠢᠨ ᠲᠦᠷᠢᠮ ᠢ ᠲᠣᠨᠨᠳᠠᠭᠠᠬᠤ ᠪᠠ ᠲᠡᠭᠦᠯᠳᠡᠷᠵᠢᠬᠦᠯᠦᠨ᠎ᠡ᠃ ᠡᠯ᠎ᠡ ᠰᠣᠮᠣ ᠪᠠᠯᠭᠠᠰᠣ᠂ ᠣᠷᠣᠨ ᠲᠣᠭᠤᠷᠢᠭ ᠤᠨ ᠬᠠᠮᠢᠶᠠᠷᠣᠯᠳᠡ ᠶᠢᠨ ᠵᠦᠪᠯᠡᠯ ᠪᠣᠳᠡᠳᠡᠢ ᠪᠠᠶᠢᠳᠡᠯ ᠲᠠᠢ ᠪᠠᠨ ᠣᠶᠠᠯᠳᠣᠭᠤᠯᠣᠨ ᠲᠣᠳᠣᠭᠠᠳᠣ ᠬᠦᠳᠡᠯᠭᠡᠭᠴᠢ ᠬᠦᠴᠦᠨ ᠲᠠᠢ ᠪᠠᠨ ᠣᠶᠠᠯᠳᠣᠭᠤᠯᠵᠦ᠂ ᠪᠦᠷᠢᠨ ᠪᠦᠳᠦᠨ ᠰᠢᠨᠵᠢᠯᠡᠬᠦ ᠣᠬᠠᠭᠠᠨᠴᠢ ᠲᠦᠷᠢᠮᠵᠢᠭᠰᠡᠨ᠂ ᠠᠠᠵᠢᠯᠯᠠᠭᠤᠯᠬᠤ ᠳᠤ ᠲᠦᠬᠦᠮ᠂ ᠣᠷᠳᠣ ᠬᠤᠭᠤᠴᠠᠭᠠᠳᠣ ᠴᠢᠨᠡᠷ ᠲᠠᠢ ᠲᠠᠷᠢᠶᠠᠯᠠᠬᠤ ᠮᠠᠯᠵᠢᠬᠤ ᠣᠷᠣᠨ ᠤ ᠣᠷᠴᠢᠨ ᠲᠣᠭᠤᠷᠢᠨ ᠢ ᠶᠡᠷᠦᠩᠭᠡᠶᠢᠯᠡᠨ ᠵᠠᠰᠠᠬᠤ ᠬᠠᠮᠢᠶᠠᠷᠣᠯᠳᠡ ᠶᠢᠨ ᠲᠦᠷᠢᠮ ᠢ ᠪᠠᠶᠢᠭᠤᠯᠣᠨ᠎ᠠ᠃ ᠡᠯ᠎ᠡ ᠭᠠᠴᠠᠭᠠᠨ ᠤ ᠢᠷᠭᠡᠳ ᠤᠨ ᠵᠦᠪᠯᠡᠯ ᠭᠠᠴᠠᠭᠠᠨ ᠤ ᠲᠣᠨᠨᠳᠠᠭᠠᠯ ᠢᠷᠭᠡᠳ ᠤᠨ ᠪᠣᠯᠵᠤᠭ᠎ᠠ ᠪᠠᠷ ᠲᠠᠮᠵᠢᠨ ᠲᠣᠰᠬᠤᠨ ᠤ ᠢᠷᠭᠡᠳ ᠤᠨ ᠦᠪᠡᠷ ᠤᠨ ᠬᠠᠮᠢᠶᠠᠷᠣᠯᠳᠡ᠂ ᠦᠪᠡᠷ ᠤᠨ ᠦᠢᠯᠡᠴᠢᠯᠡᠭᠡ ᠶᠢ ᠲᠠᠶᠢᠴᠢᠯᠡᠨ ᠵᠣᠬᠢᠶᠡᠨ ᠪᠠᠶᠢᠭᠤᠯᠵᠦ᠂ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠳᠤ ᠢᠳᠡᠪᠬᠢᠳᠡᠢ ᠣᠷᠣᠯᠴᠠᠨ᠎ᠠ᠃        ᠭᠤᠷᠪᠡ ᠳᠤ ᠰᠣᠷᠳᠡᠯᠴᠢᠯᠡᠨ ᠣᠬᠠᠭᠤᠯᠬᠤ ᠬᠦᠴᠦᠨ ᠢᠶᠠᠨ ᠴᠢᠩᠭᠠᠳᠭᠠᠨ᠎ᠠ᠃ ᠡᠯ᠎ᠡ ᠰᠣᠮᠣ ᠪᠠᠯᠭᠠᠰᠣ ︵ ᠣᠷᠣᠨ ᠲᠣᠭᠤᠷᠢᠭ︶᠂ ᠡᠯ᠎ᠡ ᠬᠠᠮᠢᠶ᠎ᠡ ᠪᠦᠬᠦᠢ ᠭᠡᠯᠳᠡᠰ ᠬᠤᠷᠡᠯ ᠬᠤᠷᠠᠯᠳᠣᠬᠤ᠂ ᠬᠦᠨᠳᠡᠯᠡᠨ ᠪᠢᠴᠢᠭᠡᠰᠣ ᠡᠯᠬᠦᠬᠦ᠂ ᠣᠷᠢᠶ᠎ᠡ ᠵᠠᠷᠯᠠᠯ ᠨᠠᠭᠠᠬᠤ᠂ ᠰᠣᠷᠳᠠᠯᠴᠢᠯᠡᠯ ᠤᠨ ᠲᠡᠪᠳᠡᠷ ᠲᠠᠷᠬᠠᠭᠠᠬᠤ᠂ ᠭᠠᠴᠠᠭᠠᠨ ᠤ ᠪᠦᠷᠢᠶ᠎ᠡ ᠨᠡᠪᠳᠡᠷᠡᠬᠦᠯᠬᠦ ᠵᠡᠷᠭᠡ ᠣᠯᠡᠨ ᠵᠦᠢᠯ ᠤᠨ ᠠᠷᠭ᠎ᠠ ᠪᠠᠷᠢᠯ ᠢᠶᠠᠷ ᠲᠠᠮᠵᠢᠨ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠶᠡᠷᠦᠩᠭᠡᠶᠢᠯᠡᠨ ᠵᠠᠰᠠᠬᠤ ᠶᠢᠨ ᠴᠢᠬᠤᠯᠡ ᠣᠳᠬ᠎ᠠ ᠠᠭᠤᠯᠭ᠎ᠠ ᠶᠢ ᠪᠦᠬᠦ ᠲᠠᠯ᠎ᠠ ᠪᠠᠷ ᠣᠬᠠᠭᠤᠯᠬᠤ ᠬᠡᠷᠡᠭᠳᠡᠢ᠃ ᠬᠤᠰᠢᠭᠤᠨ ᠤ ᠷᠠᠳᠢᠤ᠋ ᠲᠧᠯᠸᠢᠰ᠂ ᠰᠢᠨ᠎ᠡ ᠵᠠᠭᠤᠴᠢᠯᠠᠭᠤᠷ ᠤᠨ ᠲᠦᠪ ᠠᠴᠠ ᠬᠦᠳᠦᠯᠦᠨ ᠵᠢᠯᠣᠭᠤᠳᠬᠤ ᠦᠢᠯᠡᠳᠣᠯ  ᠢᠶᠠᠨ ᠬᠦᠢᠴᠡᠳ ᠪᠠᠳᠠᠷᠠᠭᠤᠯᠵᠦ᠂ ᠲᠣᠰᠬᠠᠢ ᠪᠣᠯᠣᠩ ᠨᠡᠭᠡᠭᠡᠬᠦ᠂ ᠲᠣᠰᠬᠠᠢ ᠨᠡᠪᠳᠡᠷᠡᠬᠦᠯᠬᠡ ᠦᠢᠯᠡᠳᠬᠦ ᠪᠠᠷ ᠲᠠᠮᠵᠢᠨ ᠠᠵᠢᠯ ᠤᠨ ᠠᠬᠢᠴᠡ ᠶᠢ ᠴᠠᠭ ᠲᠣᠬᠠᠢ ᠳᠤ ᠨᠢ ᠮᠡᠳᠡᠭᠡᠯᠡᠵᠦ᠂ ᠲᠡᠷᠢᠬᠦᠨ ᠤ ᠦᠢᠯᠡ ᠠᠵᠢᠯᠯᠠᠭ᠎ᠠ ᠶᠢ ᠰᠣᠷᠳᠠᠯᠴᠢᠯᠡᠨ ᠣᠬᠠᠭᠤᠯᠵᠦ᠂ ᠰᠣᠩᠭᠤᠳᠠᠭ ᠲᠣᠷᠰᠢᠯᠭ᠎ᠠ ᠶᠢ ᠲᠡᠯᠭᠡᠷᠡᠬᠦᠯᠵᠦ᠂ ᠬᠦᠨ ᠵᠣᠵᠠᠭᠠᠨ ᠣᠯᠡᠨ ᠤ ᠶᠡᠷᠢᠶ᠎ᠡ ᠬᠡᠯᠡᠯᠴᠡᠭᠡ ᠶᠢᠨ ᠠᠭᠤᠷ ᠠᠮᠢᠰᠬᠤᠯ ᠢ ᠴᠢᠷᠮᠠᠶᠢᠨ ᠪᠦᠳᠦᠭᠡᠵᠦ᠂ ᠬᠦᠮᠦᠨ ᠪᠣᠯᠭᠠᠨ ᠳᠤ ᠮᠡᠳᠡᠬᠦᠯᠵᠦ᠂ ᠦᠷᠭᠡᠨ ᠣᠯᠡᠨ ᠲᠦᠮᠡᠨ ᠤ ᠢᠳᠡᠪᠬᠢᠵᠢᠯ ᠢ ᠣᠷᠮᠠᠰᠢᠭᠤᠯᠬᠤ ᠪᠠ ᠲᠠᠶᠢᠴᠢᠯᠠᠨ᠎ᠠ᠃        ᠲᠦᠷᠪᠡ ᠳᠤ ᠰᠢᠯᠭᠠᠨ ᠱᠠᠭᠠᠷᠳᠠᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠠᠯᠪᠠᠨ ᠭᠡᠷ ᠲᠣᠯᠣᠭᠠᠶᠢᠯᠠᠭᠤᠯᠵᠦ᠂ ᠲᠠᠷᠢᠶᠠᠯᠠᠩ ᠮᠠᠯ ᠠᠵᠦ ᠠᠬᠤᠢ ᠶᠢᠨ ᠠᠯᠪᠠᠨ ᠭᠡᠷ᠂ ᠲᠠᠷᠢᠶᠠᠯᠠᠩ ᠮᠠᠯ ᠠᠬᠤᠢ ᠶᠢᠨ ᠲᠣᠪᠴᠢᠶ᠎ᠡ ᠂ ᠣᠷᠣᠨ ᠰᠠᠭᠤᠴᠡ ᠬᠤᠳᠡ ᠬᠦᠳᠡᠭᠡ ᠶᠢᠨ ᠪᠦᠳᠦᠭᠡᠨ ᠪᠠᠶᠢᠭᠤᠯᠣᠯᠳᠡ ᠶᠢᠨ ᠲᠣᠪᠴᠢᠶ᠎ᠡ ᠠᠴᠠ ᠬᠠᠮᠵᠢᠯᠴᠠᠵᠦ ᠲᠣᠰᠬᠠᠢ ᠬᠢᠨᠠᠨ ᠪᠠᠶᠢᠴᠠᠭᠠᠬᠤ ᠲᠣᠭᠤᠶᠢᠯᠠᠩ ᠪᠠᠶᠢᠭᠤᠯᠵᠦ᠂ ᠠᠵᠢᠯ ᠤᠨ ᠠᠬᠢᠴᠡ ᠶᠢ ᠮᠦᠷᠳᠡᠨ ᠪᠠᠶᠢᠴᠠᠭᠠᠵᠦ᠂ ᠠᠰᠠᠭᠤᠳᠡᠯ ᠢ ᠦᠨᠳᠣᠰᠣᠯᠡᠨ ᠦᠭᠡᠷᠡᠴᠢᠯᠡᠨ ᠵᠠᠰᠠᠬᠤ ᠰᠠᠨᠠᠯ ᠲᠣᠷᠠᠳᠨ᠎ᠠ᠃ ᠠᠵᠢᠯ ᠤᠨ ᠪᠠᠶᠢᠳᠡᠯ ᠢ ᠲᠣᠨᠨᠳ᠋ᠬᠠᠰᠠᠨ ᠬᠤᠭᠤᠴᠠᠭᠠᠨ ᠳᠤ ᠮᠡᠳᠡᠭᠡᠯᠡᠵᠦ᠂ ᠴᠠᠭ ᠲᠤ ᠨᠢ ᠲᠣᠬᠢᠷᠠᠭᠤᠯᠣᠨ ᠬᠤᠷᠡᠯ ᠬᠤᠷᠠᠯᠳᠣᠵᠦ᠂ ᠠᠵᠢᠯ ᠤᠨ ᠡᠮᠬᠢ ᠲᠠᠷᠠᠭ᠎ᠠ  ᠲᠠᠢ ᠶᠠᠪᠤᠨᠨᠳᠠᠬᠤ ᠶᠢ ᠪᠠᠳᠣᠯᠠᠨ᠎ᠠ᠃ ᠡᠯ᠎ᠡ ᠰᠣᠮᠣ ᠪᠠᠯᠭᠠᠰᠣ ᠪᠠᠰᠠ ᠭᠠᠴᠠᠭᠠᠨ ᠤ ᠬᠢᠨᠠᠨ ᠪᠠᠶᠢᠴᠠᠭᠠᠯᠳᠡ ᠪᠠᠨ ᠴᠢᠩᠭᠠᠳᠬᠠᠵᠦ᠂ ᠨᠢᠭᠡ ᠱᠠᠳᠣ ᠨᠢ ᠨᠢᠭᠡ ᠱᠠᠳᠣ ᠪᠠᠨ ᠠᠳᠬᠤᠬᠤ ᠠᠵᠢᠯ ᠤᠨ ᠲᠣᠨᠨᠳᠠᠮᠵᠢ ᠶᠢ ᠪᠦᠷᠢᠯᠳᠦᠬᠦᠯᠦᠨ᠎ᠡ᠃           ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ                               2018ᠣᠨ ᠤ 11 ᠰᠠᠷ᠎ᠡ ᠶᠢᠨ27                               ᠣᠷᠴᠢᠭᠤᠯᠣᠨᠨᠴᠢ᠄   ᠭᠧ ᠲᠣᠸᠠᠨ ᠯᠢᠶᠡᠨ  
 
ᠢᠷᠡᠯᠲᠡ᠄ ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号