ᠰᠤᠮᠤ ᠰᠢᠶᠠᠩ ᠪᠠᠯᠭᠠᠰᠤᠨ ᠤ ᠰᠤᠶᠤᠯ ᠤᠨ ᠦᠷᠲᠡᠭᠡ ︵ᠠᠯᠪᠠᠨ‌‍ᠭᠡᠷ︶ ᠵᠢᠨ‌‍ᠪᠦ᠋ᠲᠦᠭᠡᠨ ᠪᠠᠶᠢᠭᠤᠯᠤᠯᠲᠠ ᠳᠤ ᠦᠭᠡᠷᠡᠴᠢᠯᠡᠯᠲᠡ ᠬᠢᠬᠦ ᠮᠡᠳᠡᠭᠳᠡᠯ
ᠨᠡᠶᠢᠲᠡᠯᠡᠭᠰᠡᠨ ᠴᠠᠭ᠄
2019-02-25
       ᠡᠯ᠎ᠡ ᠰᠤᠮᠤ ᠰᠢᠶᠠᠩ ᠪᠠᠯᠭᠠᠰᠤ ᠵᠢᠨ‌ᠠᠷᠠᠳ ᠤᠨ ᠵᠠᠰᠠᠭ ᠤᠨ ᠤᠷᠳᠤᠨ᠂ ᠬᠦᠢᠳᠡᠨ ᠰᠢᠯᠢ ᠶᠢᠨ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ ᠳᠤ  ᠄       ᠤᠷᠴᠢᠮ ᠤᠨ ᠬᠡᠲᠤᠨ ᠵᠢᠯ ᠳᠤ᠂ ᠲᠥᠪ ᠬᠤᠷᠢᠶ᠎ᠠ ᠪᠠ ᠡᠯ᠎ᠡ ᠱᠠᠲᠤᠨ ᠤ ᠵᠠᠰᠠᠭ ᠤᠨ ᠤᠷᠳᠤᠨ ᠠᠴᠠ ᠣᠯᠠᠨ ᠨᠡᠶᠢᠲᠠ ᠶᠢᠨ ᠰᠣᠶᠣᠯ ᠤᠨ ᠦᠢᠯᠡᠴᠢᠯᠡᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠵᠢᠨ‌‍ᠲ᠋ᠠᠰᠤᠷᠠᠯᠲᠠ ᠦᠬᠡᠢ ᠨᠡᠮᠡᠭᠳᠡᠯ ᠢ ᠳᠠᠭᠠᠯᠳᠤᠨ᠂ ᠰᠢᠶᠠᠩ ᠪᠠᠯᠭᠠᠰᠤ ᠶᠢᠨ ᠰᠣᠶᠣᠯ ᠤᠨ ᠦᠷᠲᠡᠭᠡ ︵ᠠᠯᠪᠠᠨ ᠭᠡᠷ︶ ᠶᠢᠨ ᠶᠡᠷᠦᠩᠬᠡᠶᠢᠯᠡᠨ ᠦᠢᠯᠡᠴᠢᠯᠡᠬᠦ ᠴᠢᠳᠠᠪᠦᠷᠢ ᠨᠢ ᠤᠯᠠᠮ ᠨᠢᠭᠡ ᠠᠯᠬᠤᠮ ᠲᠡᠭᠦᠯᠳᠡᠷᠵᠢᠵᠤ᠂ ᠲᠤᠰᠬᠤᠨ ᠤ ᠰᠣᠶᠣᠯ ᠤᠨ ᠬᠦᠳᠡᠯᠬᠡᠬᠡᠨ ᠤ ᠦᠷᠨᠢᠯᠲᠡ ᠳᠤ ᠨᠡᠯᠢᠶᠡᠳ ᠰᠠᠶᠢᠬᠠᠨ ᠰᠠᠭᠤᠷᠢ ᠶᠢ ᠲᠠᠯᠪᠢᠵᠤ ᠦᠭᠭᠦᠭᠰᠡᠨ ᠪᠠᠶᠢᠨ᠎ᠠ᠃ ᠭᠡᠳᠡᠯ᠎ᠡ ᠮᠠᠨ ᠤ ᠬᠤᠰᠢᠭᠤ ᠶᠢᠨ ᠨᠢᠭᠡ ᠪᠦᠯᠦᠭ ᠰᠢᠶᠠᠩ ᠪᠠᠯᠭᠠᠰᠤᠨ ᠤ ᠠᠯᠪᠠᠨ ᠭᠡᠷ ᠤᠨ ᠦᠭᠡᠷᠡᠴᠢᠯᠡᠯᠲᠡ ᠲᠤᠮᠲᠠ᠂ ᠤᠤᠯ ᠤᠨ ᠰᠤᠶᠤᠯ ᠤᠨ ᠦᠷᠲᠡᠭᠡ ᠶᠢᠨ ᠨᠡᠭᠦᠭᠦ ᠡᠰᠡᠭᠦᠯ᠎ᠡ ᠦᠭᠡᠷᠡᠴᠢᠯᠡᠨ ᠪᠠᠶᠢᠭᠤᠯᠤᠯᠲᠠ ᠲᠤᠮᠲᠠ ᠪᠠᠷᠢᠮᠵᠢᠶ᠎ᠠ ᠳᠤ ᠬᠦᠷᠦᠭᠰᠡᠨ ᠦᠭᠡᠢ᠂ ᠡᠵᠡᠯᠡᠬᠦ᠂ ᠰᠢᠯᠵᠢᠭᠦᠯᠦᠨ ᠬᠡᠷᠡᠭᠯᠡᠬᠦ᠂ ᠰᠣᠯᠠ ᠲᠠᠯᠪᠢᠬᠤ ᠵᠡᠷᠭᠡ ᠪᠠᠶᠢᠳᠠᠯ ᠢᠯᠡᠷᠡᠵᠠᠢ᠃ ᠲᠥᠪ ᠬᠤᠷᠢᠶ᠎ᠠ ᠵᠢᠨ‌‍ᠲ᠋ᠤᠭᠤᠷᠢᠨ ᠪᠠᠶᠢᠴᠠᠭᠠᠬᠤ ᠪᠦᠯᠬᠦᠮ ᠤᠨ ᠤᠷᠪᠠᠵᠤ ᠬᠠᠷᠠᠬᠤ ᠲᠦᠷᠦ ᠶᠢᠨ ᠪᠤᠳᠤᠯᠭ᠎ᠠ ᠶᠢ ᠦᠨᠳᠦᠰᠦᠯᠡᠵᠦ᠂  ᠦᠭᠡᠷᠡᠴᠢᠯᠡᠯᠲᠡ ᠶᠢᠨ ᠬᠠᠮᠢᠶ᠎ᠠ ᠪᠦᠭᠦᠢ ᠪᠠᠶᠢᠳᠠᠯ ᠲᠤᠤᠷᠠᠬᠢ ᠮᠡᠲᠤ᠂ ᠡᠯ᠎ᠡ ᠰᠤᠮᠤ ᠰᠢᠶᠠᠩ ᠪᠠᠯᠭᠠᠰᠤ ︵ᠲᠤᠭᠤᠷᠢᠭ︶ ᠠᠴᠠ ᠡᠷᠬᠡᠪᠰᠢ ᠬᠦᠨᠳᠦᠳᠭᠡᠨ ᠦᠵᠡᠵᠦ᠂ ᠲᠠᠷᠦᠢ ᠲᠦᠷᠭᠡᠨ ᠦᠭᠡᠷᠡᠴᠢᠯᠡᠭᠦ ᠬᠡᠷᠡᠭᠲᠡᠢ᠃        ᠨᠢᠭᠡ᠂ ᠤᠷᠤᠰᠢᠵᠤ ᠪᠠᠶᠢᠭ᠎ᠠ ᠠᠰᠠᠭᠤᠳᠠᠯ        ︵ᠨᠢᠭᠡ︶ ᠲᠠᠯᠠᠪᠠᠢ ᠨᠢ ᠭᠦᠷᠦᠯᠴᠡᠬᠦ ᠦᠭᠡᠢ᠃ ᠬᠡᠰᠡᠭ ᠰᠢᠶᠠᠩ ᠪᠠᠯᠭᠠᠰᠤ ᠶᠢᠨ ᠶᠠᠷᠤᠩᠬᠡᠶᠢᠯᠡᠭᠰᠡᠨ ᠰᠣᠶᠣᠯ ᠤᠨ ᠦᠷᠲᠡᠭᠡ ︵ᠠᠯᠪᠠᠨ ᠭᠡᠷ︶ ᠶᠢᠨ ᠵᠢᠷᠭᠤᠭᠠᠨ ᠶᠡᠭᠡ ᠴᠢᠳᠠᠪᠦᠷᠢ ᠶᠢᠨ ᠠᠯᠪᠠᠨ ᠭᠡᠷ ᠤᠨ ᠵᠠᠷᠤᠴᠠᠭᠤᠯᠤᠭᠰᠠᠨ ᠲᠠᠯᠠᠪᠠᠢ ᠨᠢ 300 ᠮᠧᠲᠷ  ᠲᠤ ᠬᠦᠷᠦᠯᠴᠡᠬᠦ ᠦᠬᠡᠢ  ᠂ ᠵᠢᠷᠭᠤᠭᠠᠨ ᠶᠡᠭᠡ ᠠᠵᠢᠯᠯᠠᠭ᠎ᠠ ᠶᠢᠨ ᠠᠯᠪᠠᠨ ᠭᠡᠷ ᠤᠨ ᠢᠯᠡᠷᠬᠡᠶᠢᠯᠡᠯ ᠨᠢ ᠲᠤᠳᠤᠷᠬᠠᠢ ᠦᠭᠡᠢ᠃       ︵ᠬᠤᠶᠠᠷ︶ ᠠᠵᠢᠯᠯᠠᠭ᠎ᠠ ᠶᠢᠨ ᠭᠡᠷ ᠡᠵᠡᠯᠡᠨ ᠬᠡᠷᠡᠭᠯᠡᠭᠳᠡᠭᠰᠡᠨ᠃ ᠲᠤᠰᠬᠤᠨ ᠤ ᠠᠷᠠᠳ ᠤᠨ ᠵᠦᠪᠯᠡᠯ ᠲᠠᠢ ᠬᠠᠮᠲᠦᠷᠡᠨ ᠪᠠᠶᠢᠭᠤᠯᠤᠭᠰᠠᠨ ᠶᠠᠷᠤᠩᠬᠡᠶᠢᠯᠡᠭᠰᠡᠨ ᠰᠤᠶᠤᠯ ᠤᠨ ᠦᠷᠲᠡᠭᠡ ᠶᠢᠨ ᠠᠵᠢᠯᠯᠠᠭ᠎ᠠ ᠶᠢᠨ ᠭᠡᠷ   ᠨᠢ ᠲᠤᠰᠬᠤᠨ᠂ ᠡᠭᠦᠷ ᠠᠷᠠᠳ ᠤᠨ ᠵᠦᠪᠯᠡᠯ ᠡᠰᠡᠭᠦᠯ᠎ᠡ ᠪᠣᠰᠤᠳ ᠰᠠᠯᠠᠭ᠎ᠠ ᠮᠦᠴᠢᠷ ᠲᠤ ᠬᠡᠷᠡᠭᠯᠡᠭᠳᠡᠭᠰᠡᠨ ᠶᠦᠮ  ᠃       ︵ᠭᠤᠷᠪᠡ︶ ᠦᠮᠴᠢᠯᠡᠬᠦ ᠡᠷᠬᠡ ᠨᠢ ᠲᠤᠳᠤᠷᠬᠠᠢ ᠦᠭᠡᠢ᠃ ᠰᠢᠶᠠᠩ ᠪᠠᠯᠭᠠᠰᠤ ᠶᠢᠨ ᠶᠠᠷᠤᠩᠬᠡᠶᠢᠯᠡᠭᠰᠡᠨ ᠰᠣᠶᠣᠯ ᠤᠨ ᠦᠷᠲᠡᠭᠡ ︵ᠠᠯᠪᠠᠨ ᠭᠡᠷ︶  ᠪᠠ ᠲᠤᠰᠬᠤᠨ᠂ ᠡᠭᠦᠷ ᠠᠷᠠᠳ ᠤᠨ ᠵᠦᠪᠯᠡᠯ ᠤᠨ ᠠᠵᠢᠯᠯᠠᠬᠤ ᠠᠯᠪᠠᠨ ᠭᠡᠷ ᠤᠨ ᠦᠮᠴᠢᠯᠡᠬᠦ ᠡᠷᠬᠡ   ᠨᠢ ᠪᠤᠲᠠᠲᠠᠢ ᠪᠢᠴᠢᠭ ᠮᠠᠲ᠋ᠧᠷᠢᠶᠠᠯ ᠤᠨ ᠭᠡᠷᠡᠴᠢ ᠦᠭᠡᠢ᠃       ︵ᠳᠥᠷᠪᠡ︶ ᠠᠯᠪᠠᠨ ᠭᠡᠷ ᠨᠢ ᠬᠠᠷᠢᠴᠠᠩᠭᠤᠢ ᠲᠤᠰᠠᠭᠠᠷᠯᠠᠭᠰᠠᠨ ᠦᠭᠡᠢ᠃ ᠰᠢᠶᠠᠩ ᠪᠠᠯᠭᠠᠰᠤ ᠶᠢᠨ ᠶᠠᠷᠤᠩᠬᠡᠶᠢᠯᠡᠭᠰᠡᠨ ᠰᠣᠶᠣᠯ ᠤᠨ ᠦᠷᠲᠡᠭᠡ ︵ᠠᠯᠪᠠᠨ ᠭᠡᠷ︶ ᠪᠤᠯᠤᠨ‌‍ᠲ᠋ᠤᠰᠬᠤᠨ᠂ ᠡᠭᠦᠷ ᠠᠷᠠᠳ ᠤᠨ ᠵᠦᠪᠯᠡᠯ ᠤᠨ ᠠᠯᠪᠠᠨ ᠭᠡᠷ ᠨᠢ ᠲᠤᠰᠠᠭᠠᠷ ᠬᠡᠷᠡᠭᠯᠡᠭᠰᠡᠨ ᠦᠭᠡᠢ ᠮᠦᠷᠲᠡᠬᠡᠨ ᠢᠯᠡ ᠫᠠᠶᠢᠰᠠ ᠡᠯᠭᠦᠭᠰᠡᠨ ᠦᠭᠡᠢ᠂ ᠵᠢᠷᠭᠤᠭᠠᠨ ᠶᠡᠭᠡ ᠠᠵᠢᠯᠯᠠᠭ᠎ᠠ ᠶᠢᠨ ᠠᠯᠪᠠᠨ ᠭᠡᠷ ᠲᠤ ᠫᠠᠶᠢᠰᠠ ᠡᠯᠭᠦᠵᠦ ᠲᠤᠳᠤᠷᠬᠠᠶᠢᠯᠠᠭᠰᠠᠨ ᠦᠭᠡᠢ᠃       ︵ᠲᠠᠪᠤ︶ ᠣᠯᠠᠨ ᠨᠡᠶᠢᠲᠡ ᠶᠢᠨ ᠰᠤᠶᠤᠯ ᠤᠨ ᠬᠦᠳᠡᠯᠭᠡᠭᠡᠨ ᠦᠷᠨᠢᠭᠦᠯᠦᠭᠰᠡᠨ ᠦᠭᠡᠢ᠃ ᠰᠢᠶᠠᠩ ᠪᠠᠯᠭᠠᠰᠤ  ᠶᠢᠨ ᠶᠠᠷᠤᠩᠬᠡᠶᠢᠯᠡᠭᠰᠡᠨ ᠰᠣᠶᠣᠯ ᠤᠨ ᠦᠷᠲᠡᠭᠡ ︵ᠠᠯᠪᠠᠨ ᠭᠡᠷ︶ ᠨᠢ ᠲᠡᠭᠡᠷ᠎ᠡ ᠱᠠᠲᠤ ᠪᠠ ᠭᠤᠤᠯᠯᠡᠨ ᠬᠠᠮᠢᠶᠠᠷᠠᠬᠤ ᠰᠠᠯᠠᠭ᠎ᠠ ᠮᠦᠴᠢᠷ ᠤᠨ ᠱᠠᠭᠠᠷᠳᠠᠯᠭ᠎ᠠ ᠶᠤᠰᠤᠭᠠᠷ ᠣᠯᠠᠨ ᠨᠡᠶᠢᠲᠡᠴᠢ ᠰᠤᠶᠤᠯ ᠲᠠᠮᠢᠷ ᠤᠨ ᠬᠦᠳᠡᠯᠬᠡᠬᠡᠨ ᠦᠷᠨᠢᠭᠦᠯᠦᠭᠰᠡᠨ ᠦᠭᠡᠢ᠃ ᠲᠤᠰᠬᠠᠢ ᠠᠵᠢᠯᠲᠡᠨ ᠲᠤᠬᠢᠷᠠᠭᠤᠯᠤᠭᠰᠠᠨ ᠦᠬᠡᠢ᠃      ︵ᠵᠢᠷᠭᠤᠭ᠎ᠠ︶ ᠲᠣᠨᠤᠭ ᠲᠦᠭᠦᠭᠡᠷᠡᠮᠵᠢ ᠨᠢ ᠭᠦᠢᠴᠡᠳ ᠪᠤᠰᠤ᠃ ᠶᠠᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡ ᠵᠢᠨ‌‍ᠲ᠋ᠣᠨᠤᠭ ᠲᠦᠭᠦᠭᠡᠷᠡᠮᠵᠢ ᠶᠢᠨ ᠲᠤᠬᠢᠷᠠᠭᠤᠯᠤᠯᠲᠡ ᠨᠢ ᠪᠦᠷᠢᠨ ᠪᠤᠰᠤ᠂ ᠡᠭᠦᠨ ᠠᠴᠠ ᠪᠣᠯᠵᠤ ᠰᠢᠶᠠᠩ ᠪᠠᠯᠭᠠᠰᠤ ᠶᠢᠨ ᠶᠠᠷᠤᠩᠬᠡᠶᠢᠯᠡᠭᠰᠡᠨ ᠰᠣᠶᠣᠯ ᠤᠨ ᠦᠷᠲᠡᠭᠡ ︵ᠠᠯᠪᠠᠨ ᠭᠡᠷ︶ ᠶᠢᠨ ᠶᠠᠷᠤᠩᠬᠡᠶᠢᠯᠡᠭᠰᠡᠨ ᠰᠣᠶᠣᠯ ᠤᠨ ᠦᠢᠯᠡᠴᠢᠯᠡᠭᠡ ᠨᠢ ᠬᠡᠪ ᠤᠨ ᠶᠠᠪᠤᠭᠳᠠᠵᠤ ᠳᠡᠶᠢᠯᠬᠦ ᠦᠭᠡᠢ ᠪᠣᠯᠵᠠᠢ᠃       ︵ᠲᠣᠯᠤᠭ᠎ᠠ︶ ᠪᠠᠲᠤᠯᠠᠨ ᠬᠠᠮᠠᠭᠠᠯᠠᠯᠲᠠ ᠨᠢ ᠲᠦᠢᠯᠪᠦᠷᠢᠲᠠᠢ ᠪᠣᠰᠤ᠃ ᠰᠢᠶᠠᠩ ᠪᠠᠯᠭᠠᠰᠤ ᠶᠢᠨ ᠰᠣᠶᠣᠯ ᠤᠨ ᠦᠷᠲᠡᠭᠡ ︵ᠠᠯᠪᠠᠨ ᠭᠡᠷ︶ ᠨᠢ ᠲᠤᠰᠬᠠᠢ ᠪᠠᠶᠢᠭᠤᠯᠤᠯᠭ᠎ᠠ ᠶᠢᠨ ᠠᠵᠢᠯᠲᠠᠨ ᠦᠭᠡᠢ ᠪᠠ ᠭᠠᠴᠠᠭ᠎ᠠ ᠲᠤᠰᠬᠤᠨ ᠤ ᠶᠡᠷᠦᠩᠬᠡᠶᠢᠯᠡᠭᠰᠡᠨ ᠴᠢᠨᠠᠷᠲᠠᠢ  ᠰᠣᠶᠤᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠥᠪ ᠤᠨ ᠬᠠᠮᠢᠶᠠᠷᠤᠭᠴᠢ ᠳᠤ ᠡᠳ᠋ ᠮᠦᠩᠭᠦ ᠶᠢᠨ ᠨᠦᠬᠦᠪᠦᠷᠢ ᠦᠬᠡᠢ᠃       ᠬᠤᠶᠠᠷ᠂  ᠦᠭᠡᠷᠡᠴᠢᠯᠡᠨ ᠵᠠᠰᠠᠬᠤ  ᠡᠭᠦᠷᠬᠡ      ︵ᠨᠢᠭᠡ︶ ᠡᠯ᠎ᠡ ᠰᠤᠮᠤ ᠰᠢᠶᠠᠩ ᠪᠠᠯᠭᠠᠰᠤ ᠡᠴᠡ‌‍ᠶᠠᠷᠤᠩᠬᠡᠶᠢᠯᠡᠭᠰᠡᠨ ᠰᠣᠶᠣᠯ ᠤᠨ ᠦᠷᠲᠡᠭᠡ ᠶᠢᠨ ᠭᠤᠣᠯ ᠴᠤᠭᠴᠠᠲᠤ ᠪᠦᠲᠦᠴᠡ ᠪᠠ ᠵᠠᠰᠠᠵᠦ ᠪᠠᠷᠠᠭᠰᠠᠨ ᠪᠠᠶᠢᠳᠠᠯ ᠵᠢᠴᠢ ᠵᠢᠷᠭᠤᠭᠠᠨ ᠶᠡᠭᠡ ᠠᠵᠢᠯᠯᠠᠭ᠎ᠠ ᠶᠢᠨ ᠠᠯᠪᠠᠨ ᠭᠡᠷ ᠤᠨ ᠬᠤᠪᠢᠶᠠᠷᠤᠯᠲᠠ ᠶᠢᠨ ᠪᠦᠲᠦᠴᠡ ᠶᠢᠨ ᠬᠠᠮᠢᠶ᠎ᠠ ᠪᠦᠬᠦᠢ ᠪᠠᠶᠢᠳᠠᠯ ᠢ ᠪᠠᠶᠢᠴᠠᠭᠠᠨ ᠨᠦᠬᠦᠪᠦᠷᠢᠯᠡᠵᠦ᠂ ᠣᠨᠴᠠᠭᠠᠶᠢᠯᠠᠨ‌ᠡᠯ᠎ᠡ ᠰᠢᠶᠠᠩ ᠪᠠᠯᠭᠠᠰᠤ ᠵᠢᠨ‌‍ᠶᠠᠷᠤᠩᠬᠡᠶᠢᠯᠡᠭᠰᠡᠨ ᠰᠣᠶᠣᠯ ᠤᠨ ᠦᠷᠲᠡᠭᠡ ᠵᠢᠨ‌ᠵᠢᠷᠭᠤᠭᠠᠨ ᠶᠡᠭᠡ  ᠠᠵᠢᠯᠯᠠᠭ᠎ᠠ  ᠶᠢᠨ ᠠᠯᠪᠠᠨ ᠭᠡᠷ ᠤᠨ ᠬᠤᠪᠢᠶᠠᠷᠤᠯᠲᠠ ᠶᠢᠨ ᠪᠦᠲᠦᠴᠡ ᠡᠯ᠎ᠡ   ᠠᠵᠢᠯᠯᠠᠭ᠎ᠠ ᠶᠢᠨ ᠠᠯᠪᠠᠨ ᠭᠡᠷ ᠤᠨ ᠬᠡᠷᠡᠭᠯᠡᠭᠡᠨ ᠤ ᠲᠠᠯᠠᠪᠠᠢ ᠪᠠ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ 300 ᠮᠧᠲᠷ ᠠᠴᠠ ᠪᠠᠭ᠎ᠠ ᠪᠠᠶᠢᠵᠤ ᠪᠣᠯᠬᠤ ᠦᠬᠡᠢ᠃      ︵ᠬᠤᠶᠠᠷ︶ ᠡᠯ᠎ᠡ ᠰᠢᠶᠠᠩ ᠪᠠᠯᠭᠠᠰᠤ ᠵᠢᠨ‌‍ᠶᠠᠷᠤᠩᠬᠡᠶᠢᠯᠡᠭᠰᠡᠨ ᠰᠣᠶᠣᠯ ᠤᠨ ᠦᠷᠲᠡᠭᠡ  ᠣᠨᠴᠠᠭᠠᠶᠢᠯᠠᠨ‌ᠬᠠᠮᠲᠦᠷᠡᠨ ᠪᠠᠶᠢᠭᠤᠯᠤᠭᠰᠠᠨ‌‍ᠰᠢᠶᠠᠩ ᠪᠠᠯᠭᠠᠰᠤ ᠵᠢᠨ‌‍ᠶᠠᠷᠤᠩᠬᠡᠶᠢᠯᠡᠭᠰᠡᠨ ᠰᠣᠶᠣᠯ ᠤᠨ ᠦᠷᠲᠡᠭᠡ ᠶᠢᠨ ᠵᠠᠷᠤᠴᠠᠭᠤᠯᠬᠤ ᠭᠡᠷ ᠵᠢᠴᠢ ᠴᠢᠳᠠᠪᠦᠷᠢ ᠶᠢᠨ ᠲᠠᠯ᠎ᠠ ᠪᠠᠷ ᠲᠤᠰᠬᠤᠨ᠂ ᠡᠭᠦᠷ ᠠᠷᠠᠳ ᠤᠨ ᠵᠦᠪᠯᠡᠯ ᠡᠰᠡᠭᠦᠯ᠎ᠡ ᠪᠣᠰᠤᠳ ᠰᠠᠯᠠᠭ᠎ᠠ ᠮᠦᠴᠢᠷ ᠤᠨ ᠬᠡᠷᠡᠭᠯᠡᠭᠰᠡᠨ ᠢ ᠰᠢᠶᠠᠩ ︵ᠪᠠᠯᠭᠠᠰᠤ︶ ᠶᠢᠨ ᠬᠠᠮᠢᠶᠠᠷᠤᠭᠴᠢ ᠠᠴᠠ ᠬᠢᠨᠠᠮᠠᠭᠠᠢ ᠬᠠᠮᠢᠶᠠᠷᠴᠤ ᠪᠠᠶᠢᠭᠠᠳ‌‍ᠰᠢᠶᠠᠩ ᠪᠠᠯᠭᠠᠰᠤ ᠵᠢᠨ‌‍ᠶᠠᠷᠤᠩᠬᠡᠶᠢᠯᠡᠭᠰᠡᠨ ᠰᠣᠶᠣᠯ ᠤᠨ ᠦᠷᠲᠡᠭᠡᠨ ᠳᠤ ᠬᠡᠷᠡᠭᠯᠡᠭᠦᠯᠦᠨ᠎ᠡ᠃      ︵ᠭᠤᠷᠪᠠ︶ ᠡᠯ᠎ᠡ ᠰᠢᠶᠠᠩ ᠪᠠᠯᠭᠠᠰᠤ ᠠᠴᠠ ᠵᠠᠪᠠᠯ ᠰᠢᠶᠠᠩ ᠪᠠᠯᠭᠠᠰᠤ ᠵᠢᠨ‌‍ᠶᠠᠷᠤᠩᠬᠡᠶᠢᠯᠡᠭᠰᠡᠨ ᠰᠣᠶᠣᠯ ᠤᠨ ᠦᠷᠲᠡᠭᠡ ᠶᠢᠨ ᠦᠮᠴᠢᠯᠡᠬᠦ ᠡᠷᠬᠡ ᠶᠢ ᠬᠤᠪᠢᠶᠠᠭᠰᠠᠨ ᠨᠢ ᠲᠤᠳᠤᠷᠬᠠᠢ ᠪᠤᠯᠭᠠᠵᠤ᠂ ᠶᠠᠷᠤᠩᠬᠡᠶᠢᠯᠡᠭᠰᠡᠨ ᠰᠣᠶᠣᠯ ᠤᠨ ᠦᠷᠲᠡᠭᠡ ᠪᠠ ᠲᠤᠰᠬᠤᠨ᠂ ᠡᠭᠦᠷ ᠠᠷᠠᠳ ᠤᠨ ᠵᠦᠪᠯᠡᠯ‌ᠡᠰᠡᠭᠦᠯ᠎ᠡ ᠪᠣᠰᠤᠳ ᠰᠠᠯᠠᠭ᠎ᠠ ᠮᠦᠴᠢᠷ ᠤᠨ ᠠᠵᠢᠯᠯᠠᠬᠤ ᠠᠯᠪᠠᠨ ᠭᠡᠷ ᠢ ᠰᠠᠯᠭᠠᠵᠤ ᠪᠦᠲᠦᠮᠵᠢᠲᠠᠢ ᠬᠡᠷᠡᠭᠯᠡᠵᠦ᠂ ᠰᠣᠶᠤᠯ ‍ᠤᠨ‌ᠦᠷᠲᠡᠭᠡ  ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ︵ᠲᠥᠷᠪᠡ︶ ᠡᠯ᠎ᠡ ᠰᠢᠶᠠᠩ ᠪᠠᠯᠭᠠᠰᠤ  ᠠᠴᠠ ᠲᠤᠬᠠᠢ ᠶᠢᠨ ᠭᠠᠵᠠᠷ ᠤᠨ ᠰᠢᠶᠠᠩ  ᠪᠠᠯᠭᠠᠰᠤ ᠵᠢᠨ‌‍ᠶᠠᠷᠤᠩᠬᠡᠶᠢᠯᠡᠭᠰᠡᠨ ᠰᠣᠶᠣᠯ ᠤᠨ ᠦᠷᠲᠡᠭᠡ ᠶᠢᠨ ᠠᠵᠢᠯᠯᠠᠭ᠎ᠠ  ᠶᠢᠨ  ᠭᠡᠷ ᠤᠨ ᠫᠠᠶᠢᠰᠠ ᠪᠠ ᠲᠥᠪ ᠵᠠᠰᠠᠭ ᠠᠴᠠ ᠬᠦᠷᠦᠩᠬᠡ ᠵᠠᠷᠤᠴᠠᠭᠤᠯᠤᠭᠰᠠᠨ ᠲᠤᠳᠤᠷᠬᠠᠶᠢᠯᠠᠬᠤ ᠫᠠᠶᠢᠰᠠ ᠶᠢ ᠲᠠᠷᠦᠢ ᠲᠦᠷᠭᠡᠨ ᠵᠤᠬᠢᠶᠠᠵᠤ ᠡᠯᠭᠦᠬᠦ ᠬᠡᠷᠡᠭᠲᠡᠢ᠃      ︵ᠲᠠᠪᠤ︶ ᠡᠯ᠎ᠡ ᠰᠤᠮᠤ ᠰᠢᠶᠠᠩ ᠪᠠᠯᠭᠠᠰᠤ ᠡᠴᠡ‌‍ᠶᠠᠷᠤᠩᠬᠡᠶᠢᠯᠡᠭᠰᠡᠨ ᠰᠣᠶᠣᠯ ᠤᠨ ᠦᠷᠲᠡᠭᠡ ᠪᠠᠶᠢᠭᠤᠯᠵᠦ ᠪᠠᠷᠠᠭᠰᠠᠨ ᠤ ᠳᠠᠷᠠᠭ᠎ᠠ᠂ ᠲᠠᠷᠦᠢ ᠲᠦᠷᠬᠡᠨ ᠬᠠᠮᠢᠶ᠎ᠠ ᠪᠦᠭᠦᠢ ᠳᠦᠷᠢᠮ ᠲᠤᠭᠲᠠᠭᠠᠯ ᠢ ᠲᠤᠭᠲᠠᠭᠠᠵᠤ᠂ ᠰᠣᠶᠣᠯ ᠤᠨ ᠦᠷᠲᠡᠭᠡ  ᠶᠢᠨ ᠬᠠᠮᠢᠶᠠᠷᠦᠯᠲᠠ ᠶᠢ ᠳᠦᠷᠢᠮᠵᠢᠭᠦᠯᠦᠨ᠎ᠡ᠃ ᠰᠣᠶᠣᠯ ᠤᠨ ᠦᠷᠲᠡᠭᠡ ᠶᠢᠨ ᠬᠤᠶᠢᠰᠢᠬᠢ ᠬᠦᠭᠵᠢᠯᠲᠡ ᠳᠤ ᠪᠡᠯᠡ ᠮᠦᠩᠬᠦ ᠶᠢᠨ ᠬᠠᠪᠰᠤᠷᠤᠮᠵᠢ ᠦᠭᠴᠦ᠂ ᠲᠤᠰᠬᠠᠢ ᠠᠵᠢᠯᠲᠠᠨ ᠲᠤᠬᠢᠷᠠᠭᠤᠯᠵᠤ᠂ ᠰᠣᠶᠣᠯ ᠤᠨ ᠦᠷᠲᠡᠭᠡ ᠶᠢᠨ ᠬᠡᠪ ᠤᠨ ᠬᠦᠭᠵᠢᠯᠲᠡ ᠶᠢ ᠪᠠᠲᠤᠯᠠᠨ᠎ᠠ᠃       ᠭᠤᠷᠪᠡ᠂ ᠦᠭᠡᠷᠡᠴᠢᠯᠡᠨ ᠵᠠᠰᠠᠬᠤ  ᠱᠠᠭᠠᠷᠳᠠᠯᠭ᠎ᠠ      ︵ᠨᠢᠭᠡ︶ ᠤᠳᠤᠷᠢᠳᠤᠯᠭ᠎ᠠ ᠶᠢᠨ ᠵᠤᠬᠢᠶᠠᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠰᠤᠮᠤ ᠰᠢᠶᠠᠩ ᠪᠠᠯᠭᠠᠰᠤ ᠵᠢᠨ‌ᠠᠷᠠᠳ ᠤᠨ ᠵᠠᠰᠠᠭ ᠤᠨ ᠤᠷᠳᠤᠨ᠂ ᠬᠦᠢᠳᠡᠨ ᠰᠢᠯᠢ ᠶᠢᠨ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ ᠠᠴᠠ ᠨᠠᠷᠢᠨ ᠬᠢᠨᠠᠮᠠᠭᠠᠢ ᠪᠠᠷ ᠦᠪᠡᠷᠲᠡᠭᠡᠨ ᠵᠠᠰᠠᠵᠤ᠂ ᠭᠤᠣᠯ ᠤᠳᠤᠷᠢᠳᠤᠯᠭ᠎ᠠ ᠠᠴᠠ ᠥᠪᠡᠷ ᠤᠨ ᠡᠭᠦᠷᠬᠡ ᠪᠠᠨ ᠬᠠᠷᠢᠭᠤᠴᠠᠵᠤ᠂ ᠲᠠᠰᠠᠭᠠᠷᠯᠠᠨ ᠬᠠᠮᠢᠶᠠᠷᠤᠨ᠎ᠠ᠃      ︵ᠬᠤᠶᠠᠷ︶ ᠦᠭᠡᠷᠡᠴᠢᠯᠡᠨ ᠵᠠᠰᠠᠬᠤ ᠲᠦᠯᠦᠪᠯᠡᠭᠡ ᠲᠤᠭᠲᠠᠭᠠᠵᠤ᠂ ᠦᠭᠡᠷᠡᠴᠢᠯᠡᠬᠦ ᠱᠠᠭᠠᠷᠳᠠᠯᠭ᠎ᠠ ᠶᠢ ᠪᠣᠲᠠᠲᠠᠶᠢᠵᠢᠭᠤᠯᠤᠨ᠎ᠠ᠃ ᠶᠠᠷᠤᠩᠬᠡᠶᠢᠯᠡᠭᠰᠡᠨ ᠰᠣᠶᠣᠯ ᠤᠨ ᠦᠷᠲᠡᠭᠡ ︵ᠠᠯᠪᠠᠨ ᠭᠡᠷ︶  ᠶᠢᠨ ᠡᠯ᠎ᠡ ᠲᠠᠰᠤᠭ ᠤᠨ ᠪᠦᠲᠦᠴᠡ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠵᠦ ︵ᠲᠠᠭᠠᠯᠳᠤᠭᠤᠯᠤᠯ1︶᠂ ᠶᠠᠷᠤᠩᠬᠡᠶᠢᠯᠡᠭᠰᠡᠨ ᠰᠣᠶᠣᠯ ᠤᠨ ᠦᠷᠲᠡᠭᠡ ︵ᠠᠯᠪᠠᠨ ᠭᠡᠷ︶  ᠶᠢᠨ ᠪᠢᠴᠢᠭ ᠤᠨ ᠦᠷᠦᠭᠡ ᠶᠢᠨ ᠪᠠᠶᠢᠭᠤᠯᠤᠯᠲᠠ᠂ ᠬᠠᠮᠢᠶᠠᠷᠤᠯᠲᠠ᠂ ᠬᠡᠷᠡᠭᠯᠡᠯᠲᠡ ᠳᠤ ᠪᠦᠬᠦ ᠲᠠᠯ᠎ᠠ ᠪᠠᠷ ᠪᠠᠶᠢᠴᠠᠭᠠᠵᠦ ᠤᠷᠤᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠤᠷᠪᠤᠰᠤᠯᠠᠵᠤ ᠵᠠᠰᠠᠪᠤᠷᠢᠯᠠᠨ᠎ᠠ᠃      ︵ᠭᠤᠷᠪᠠ︶ ᠦᠭᠡᠷᠡᠴᠢᠯᠡᠬᠦ ᠴᠠᠭ ᠤᠨ ᠬᠢᠵᠠᠭᠠᠷ᠃ ᠡᠯ᠎ᠡ ᠰᠤᠮᠤ ᠰᠢᠶᠠᠩ ᠪᠠᠯᠭᠠᠰᠤ ︵ᠲᠤᠭᠤᠷᠢᠭ︶ ᠠᠴᠠ ᠡᠷᠬᠡᠪᠰᠢ 2018 ᠣᠨ ᠤ11 ᠰᠠᠷ᠎ᠠ ᠶᠢᠨ20 ᠤ ᠡᠳᠦᠷ ᠠᠴᠠ ᠡᠮᠤᠨ᠎ᠡ ᠪᠦᠬᠦ ᠲᠠᠯ᠎ᠠ ᠠᠴᠠ ᠦᠬᠡᠷᠡᠴᠢᠯᠡᠨ ᠵᠠᠰᠠᠬᠤ ᠶᠢ ᠪᠡᠶᠡᠯᠡᠭᠦᠯᠵᠦ ᠲᠠᠬᠢᠨ ᠬᠤᠰᠢᠭᠤᠨ ᠠᠴᠠ ᠬᠢᠨᠠᠨ ᠪᠠᠶᠢᠴᠠᠭᠠᠬᠤ ᠶᠢ ᠭᠤᠶᠤᠴᠢᠯᠠᠨ᠎ᠠ᠃      ᠲᠥᠷᠪᠡ᠂  ᠬᠢᠨᠠᠯᠲᠠ ᠦᠭᠬᠦ      ︵ᠨᠢᠭᠡ︶ ᠬᠤᠰᠢᠭᠤᠨ ᠤ ᠵᠠᠰᠠᠭ ᠤᠨ ᠤᠷᠳᠤᠨ ᠠᠴᠠ ᠦᠭᠡᠷᠡᠴᠢᠯᠡᠨ ᠵᠠᠰᠠᠬᠤ ᠬᠢᠨᠠᠨ ᠪᠠᠶᠢᠴᠠᠭᠠᠬᠤ ᠲᠤᠭᠤᠶᠢᠯᠠᠩ ᠪᠦᠷᠢᠯᠳᠦᠭᠦᠯᠵᠦ᠂ ᠡᠯ᠎ᠡ ᠰᠤᠮᠤ ᠰᠢᠶᠠᠩ ᠪᠠᠯᠭᠠᠰᠤ ︵ᠲᠤᠭᠤᠷᠢᠭ︶ ᠶᠢᠨ ᠦᠭᠡᠷᠡᠴᠢᠯᠡᠨ ᠵᠠᠰᠠᠭᠰᠠᠨ ᠪᠠᠶᠢᠳᠠᠯ ᠢ ᠬᠢᠨᠠᠨ ᠪᠠᠶᠢᠴᠠᠭᠠᠵᠤ᠂ ᠪᠠᠶᠢᠴᠠᠭᠠᠯᠲᠠ ᠶᠢᠨ ᠦᠷ᠎ᠡ ᠳ᠋ᠦᠩ ᠢ ᠵᠢᠯ ᠤᠨ ᠡᠴᠣᠰ ᠤᠨ ᠬᠢᠨᠠᠯᠲᠠ ᠶᠢᠨ ᠭᠤᠣᠯ ᠪᠣᠯᠬᠤ ᠪᠠᠷᠢᠮᠲᠠ ᠪᠣᠯᠭᠠᠨ᠎ᠠ᠃      ᠲᠠᠭᠠᠯᠳᠤᠭᠤᠯᠤᠯ1᠄ ᠰᠤᠮᠤ ᠰᠢᠶᠠᠩ ᠪᠠᠯᠭᠠᠰᠤ ︵ᠲᠤᠭᠤᠷᠢᠭ︶ ᠵᠢᠨ‌‍ᠶᠠᠷᠤᠩᠬᠡᠶᠢᠯᠡᠭᠰᠡᠨ ᠰᠣᠶᠣᠯ ᠤᠨ ᠦᠷᠲᠡᠭᠡ ︵ᠠᠯᠪᠠᠨ ᠭᠡᠷ︶ ᠠᠴᠠ ᠡᠯ᠎ᠡ ᠲᠠᠰᠤᠭ ᠤᠨ ᠦᠭᠡᠷᠡᠴᠢᠯᠡᠯᠲᠡ ᠶᠢᠨ ᠪᠦᠲᠦᠴᠡ ᠵᠢᠴᠢ ᠬᠠᠮᠢᠶ᠎ᠠ ᠪᠦᠬᠦᠢ ᠱᠠᠭᠠᠷᠳᠠᠯᠭ᠎ᠠ᠃           ᠴᠠᠬᠠᠷ ᠪᠠᠷᠠᠭᠤᠨ ᠭᠠᠷᠤᠨ ᠲᠤᠮᠲᠠᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                        2018ᠣᠨ ᠤ10 ᠰᠠᠷ᠎ᠠ ᠶᠢᠨ11 ᠤ ᠡᠳᠦᠷ                                                  ᠣᠷᠴᠢᠭᠤᠯᠤᠭᠴᠢ᠄ ᠪᠤᠤ ᠬᠤᠨᠭ᠌ ᠯᠢᠶᠠᠩ            
 
ᠢᠷᠡᠯᠲᠡ᠄ ᠴᠠᠬᠠᠷ ᠪᠠᠷᠠᠭᠤᠨ ᠭᠠᠷᠤᠨ ᠲᠤᠮᠲᠠᠲᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号