ᠮᠠᠯ ᠤᠨ ᠬᠢᠵᠢᠭ ᠭᠡᠮ ᠰᠡᠷᠭᠡᠶᠢᠯᠡᠬᠦ ᠲᠠᠷᠢᠯᠭ᠎ᠠ ᠶᠢ ᠴᠠᠭ ᠲᠣᠬᠠᠢ ᠳᠤᠨᠢ ᠬᠦᠢᠴᠡᠳᠭᠡᠪᠡᠯ ᠵᠣᠬᠢᠨ᠎ᠠ
ᠨᠡᠶᠢᠲᠡᠯᠡᠭᠰᠡᠨ ᠴᠠᠭ᠄
2019-02-25
    ᠮᠠᠯ ᠰᠦᠷᠦᠭ ᠢᠶᠠᠨ ᠦᠨᠢᠷ ᠦᠰᠭᠡᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠭᠳᠠᠭᠤᠨ ᠬᠦᠭᠵᠢᠯᠲᠡ ᠶᠢ ᠪᠠᠲᠣᠯᠠᠬᠤ ᠳᠤ᠂ ᠮᠠᠯ ᠤᠨ ᠬᠢᠵᠢᠭ ᠬᠡᠮ ᠤᠨ ᠰᠡᠷᠭᠡᠶᠢᠯᠡᠯᠲᠡ ᠶᠢᠨ ᠲᠠᠷᠢᠯᠭ᠎ᠠ ᠶᠢ ᠲᠣᠭᠳᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠬᠢᠯᠭᠡᠬᠦ ᠨᠢ ᠲᠤᠩ ᠵᠦᠪ ᠪᠠᠶᠢᠵᠤ᠂ ᠮᠠᠯ ᠰᠦᠷᠦᠭ ᠲᠤ ᠭᠡᠨᠡᠳᠲᠡ ᠶᠢᠨ ᠴᠢᠨᠠᠷᠲᠠᠢ ᠡᠪᠡᠳᠴᠢᠨ ᠬᠢᠵᠢᠭ ᠲᠣᠰᠴᠤ ᠬᠤᠬᠢᠷᠠᠬᠤ ᠠᠴᠠ ᠪᠦᠲᠦᠮᠵᠢᠲᠠᠢ ᠰᠡᠷᠭᠡᠶᠢᠯᠡᠵᠦ ᠴᠢᠳᠠᠨ᠎ᠠ᠃     ᠣᠳᠣ ᠪᠣᠯ ᠮᠠᠯ ᠲᠡᠵᠢᠭᠡᠪᠤᠷᠢ ᠶᠢᠨ ᠡᠯ᠎ᠡ ᠵᠦᠢᠯ ᠤᠨ ᠬᠠᠯᠳᠠᠪᠤᠷᠢᠲᠤ ᠡᠪᠡᠳᠴᠢᠨ ᠢ ᠬᠠᠤᠯᠢ ᠶᠣᠰᠣᠭᠠᠷ ᠲᠦᠷᠦᠯ ᠬᠤᠪᠢᠶᠠᠨ ᠴᠢᠩᠭ᠎ᠠ ᠬᠠᠮᠢᠶᠠᠷᠴᠤ᠂ ᠬᠠᠯᠳᠠᠪᠤᠷᠢᠲᠤ ᠡᠪᠡᠳᠴᠢᠨ ᠤ ᠲᠠᠷᠢᠯᠭ᠎ᠠ ᠶᠢᠨ ᠰᠦᠢᠳᠭᠡᠯ ᠢ ᠣᠯᠣᠰ ᠠᠴᠠ ᠬᠠᠷᠢᠭᠤᠴᠠᠵᠤ᠂ ᠶᠡᠷᠣᠩᠬᠡᠢ ᠳᠡᠭᠡᠨ ᠬᠤᠰᠢᠭᠤ ᠰᠣᠮᠣᠨ ᠤ ᠮᠠᠯ ᠡᠮᠨᠡᠯᠭᠡ ᠶᠢᠨ ᠰᠠᠯᠠᠭ᠎ᠠ ᠮᠦᠴᠢᠷ ᠨᠢ ᠲᠠᠷᠢᠯᠭ᠎ᠠ ᠶᠢᠨ ᠡᠮ ᠢ ᠦᠨ᠎ᠡ ᠲᠦᠯᠦᠪᠦᠷᠢ ᠦᠭᠡᠢ ᠬᠠᠩᠭᠠᠬᠤ ᠪᠣᠯᠪᠠ᠃ ᠬᠢᠨᠡᠯᠲᠡ ᠬᠠᠮᠢᠶᠠᠷᠣᠯᠳᠠ ᠬᠢᠬᠦ ᠳᠡᠭᠡᠨ ᠲᠦᠷᠢᠮ ᠲᠣᠭᠲᠠᠭᠠᠯ ᠵᠦᠷᠢᠴᠡᠰᠡᠳ ᠢ ᠬᠡᠯᠡᠵᠦ ᠰᠣᠷᠭᠠᠨ᠂ ᠮᠠᠯ ᠤᠨ ᠡᠯ᠎ᠡ ᠵᠦᠢᠯ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠴᠢᠬᠤᠯᠠ ᠴᠢᠨᠠᠷ ᠬᠢᠭᠡᠳ ᠬᠢᠵᠢᠭ ᠬᠡᠮ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢᠶᠠᠷ ᠭᠤᠣᠯᠳᠠᠵᠤ᠂ ᠭᠠᠴᠠᠭᠠᠨ ᠤ ᠬᠢᠵᠢᠭ ᠰᠡᠷᠭᠡᠶᠢᠯᠡᠭᠴᠢ ᠳᠤ ᠲᠣᠬᠠᠶᠢᠯᠠᠭᠰᠠᠨ ᠠᠵᠢᠯ ᠤᠨ ᠪᠤᠯᠪᠠᠰᠣᠷᠠᠯ ᠬᠦᠷᠳᠡᠭᠡᠵᠦ᠂ ᠬᠢᠵᠢᠭ ᠬᠡᠮ ᠤᠨ ᠲᠠᠷᠢᠯᠭ᠎ᠠ ᠶᠢ ᠬᠦᠢᠴᠡᠳᠭᠡᠯᠭᠡᠳᠡᠭ᠃ ᠬᠡᠪᠡᠴᠦ ᠵᠡᠷᠢᠮ ᠮᠠᠯᠴᠢᠳ ᠬᠢᠵᠢᠭ ᠬᠡᠮ ᠰᠡᠷᠭᠡᠶᠢᠯᠡᠬᠦ ᠲᠠᠷᠢᠯᠭ᠎ᠠ ᠶᠢᠨ ᠤᠬᠠᠮᠰᠠᠷ ᠲᠤᠩ ᠪᠠᠷᠤᠭᠲᠠᠢ ᠪᠠᠶᠢᠵᠤ᠂ ᠬᠢᠵᠢᠭ ᠰᠡᠷᠭᠡᠶᠢᠯᠡᠭᠴᠢ ᠶᠢᠨ ᠠᠵᠢᠯ ᠳᠤ ᠬᠦᠴᠢᠷᠳᠡᠯ ᠤᠴᠠᠷᠠᠭᠤᠯᠵᠤ᠂ ᠵᠠᠷᠢᠮ ᠠᠶᠢᠯ ᠳᠤ ᠲᠦᠷᠪᠠ ᠲᠠᠪᠤ ᠣᠳᠠᠭ᠎ᠠ ᠬᠦᠷᠴᠦ ᠪᠠᠶᠢᠭᠠᠳ ᠰᠠᠶ᠋ᠢ ᠬᠡᠲᠤᠨ ᠮᠠᠯ ᠳᠤᠨᠢ ᠲᠠᠷᠢᠯᠭ᠎ᠠ ᠬᠢᠵᠦ ᠳᠡᠶᠢᠯᠳᠡᠭ᠃ ᠲᠡᠳᠡᠭᠡᠷ ᠮᠠᠯᠴᠢᠳ ᠤᠨ ᠨᠡᠶᠢᠳᠡᠯᠢᠭ ᠤᠨᠴᠠᠯᠢᠭ ᠬᠡᠪᠡᠯ ︽ᠮᠠᠨ ᠤ ᠮᠠᠯ ᠨᠢᠭᠡᠨᠲᠡ ᠪᠡᠯᠴᠢᠭᠡᠷ ᠲᠡᠭᠡᠨ ᠭᠠᠷᠣᠭᠰᠠᠨ᠂ ᠣᠳᠤ ᠪᠢ ᠵᠠᠪ ᠦᠭᠡᠢ᠃ ᠴᠢ ᠲᠠᠬᠢᠵᠤ ᠢᠷᠡᠵᠦ ᠬᠢᠬᠦ ᠪᠤᠯᠪᠠᠤ᠂ ᠬᠡᠷᠪᠡ ᠬᠢᠬᠦ ᠴᠢᠬᠤᠯᠠᠲᠠᠢ ᠪᠣᠯ ᠦᠪᠡᠷ ᠲᠡᠭᠡᠨ ᠪᠡᠯᠴᠢᠭᠡᠷ ᠲᠤᠨᠢ ᠣᠴᠢᠨ᠎ᠠ ᠰᠢᠤ ᠳ᠋ᠠ︕︾ ᠭᠡᠬᠦ ᠮᠡᠲᠦ ᠪᠠᠷ ᠦᠴᠦᠭᠡᠨ ᠴᠤ ᠬᠠᠷᠢᠭᠤᠴᠠᠯᠭ᠎ᠠ ᠦᠭᠡᠢ ᠦᠭᠡ ᠶᠠᠷᠢᠵᠤ ᠶᠠᠪᠤᠭᠠᠳ ᠦᠭᠴᠢᠭᠡᠳᠡᠭ᠃ ᠶᠠᠷᠢᠶᠠᠨ ᠦᠭᠡᠢ ᠡᠶᠢᠮᠦᠷᠬᠦ ᠮᠠᠯᠴᠢᠳ ᠴᠦᠭᠡᠨ᠃     ᠭᠡᠪᠡᠴᠦ ᠴᠦᠭᠡᠨ ᠭᠡᠳ ᠬᠠᠮᠢᠶᠠᠷᠬᠤ ᠦᠭᠡᠢ ᠪᠠᠶᠢᠵᠤ ᠪᠤᠯᠬᠤ ᠦᠭᠡᠢ᠃ ᠬᠠᠯᠳᠠᠪᠤᠷᠢᠲᠤ ᠡᠪᠡᠳᠴᠢᠨ ᠤ ᠰᠡᠷᠭᠡᠶᠢᠯᠡᠯᠲᠡ ᠶᠢᠨ ᠲᠠᠷᠢᠯᠭ᠎ᠠ ᠪᠣᠯ ᠬᠤᠭᠤᠴᠠᠭᠠᠲᠣ ᠴᠢᠨᠠᠷ ᠢᠶᠠᠷ ᠲᠤᠩ ᠴᠢᠩᠭ᠎ᠠ ᠮᠦᠷᠳᠡᠭᠡᠨ ᠮᠡᠷᠭᠡᠵᠢᠯ ᠤᠨ ᠱᠠᠭᠠᠷᠳᠠᠯᠭ᠎ᠠ ᠦᠨᠳᠦᠷ ᠲᠣᠯᠠ ᠮᠠᠯᠴᠢᠳ ᠡᠶᠢᠮᠦ ᠲᠡᠶᠢᠮᠦ ᠰᠢᠯᠳᠠᠭ ᠳᠣᠷᠠᠳᠣᠨ᠂ ᠲᠣᠭᠳᠠᠭᠰᠠᠨ ᠬᠤᠭᠤᠴᠠᠭᠠᠨ ᠳᠤ ᠬᠢᠯᠭᠡᠬᠦ ᠦᠭᠡᠢ ᠪᠣᠯ ᠲᠠᠷᠢᠯᠭ᠎ᠠ ᠶᠢᠨ ᠦᠷ᠎ᠡ ᠠᠰᠢᠭ ᠢ ᠰᠢᠭᠤᠳ ᠨᠦᠯᠦᠭᠡᠯᠡᠨ᠎ᠡ᠃ ᠬᠡᠷᠪᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠲᠠᠷᠢᠯᠭ᠎ᠠ ᠬᠢᠯᠭᠡᠭᠰᠡᠨ ᠦᠭᠡᠢ ᠠᠴᠠ ᠪᠣᠯᠵᠤ᠂ ᠠᠯᠢ ᠨᠢᠭᠡ ᠡᠳᠦᠷ ᠮᠠᠯ ᠳᠤᠨᠢ ᠬᠠᠯᠳᠠᠪᠤᠷᠢᠲᠤ ᠴᠢᠨᠠᠷᠲᠠᠢ ᠬᠢᠵᠢᠭ ᠬᠡᠮ ᠲᠣᠰᠪᠠᠯ᠂ ᠲᠡᠷᠡ ᠨᠢ ᠵᠦᠪᠬᠡᠨ ᠨᠢᠭᠡ ᠠᠶᠢᠯ ᠤᠨ ᠣᠴᠢᠷ ᠪᠢᠰᠢ ᠪᠣᠯᠵᠤ᠂ ᠨᠢᠭᠡ ᠬᠤᠲᠠ ᠣᠰᠤ᠂ ᠴᠢᠨᠠᠭᠰᠢᠯᠠᠪᠠᠯ ᠦᠷᠪᠢᠰᠴᠦ ᠳᠡᠯᠭᠡᠷᠡᠭᠡᠳ ᠨᠢᠭᠡ ᠭᠠᠵᠠᠷ ᠣᠷᠣᠨ ᠢ ᠨᠦᠯᠦᠭᠡᠯᠡᠵᠦ ᠰᠦᠷᠳᠡᠭᠦᠯᠦᠨ᠎ᠡ ᠭᠡᠳᠡᠭ ᠢ ᠪᠣᠳᠣᠯᠬᠢᠯᠠᠭᠤᠰᠢᠲᠠᠢ᠃     ᠡᠶᠢᠨᠬᠦ ᠮᠠᠯᠴᠢᠳ ᠮᠠᠯ ᠰᠦᠷᠦᠭ ᠤᠨ ᠬᠢᠵᠢᠭ ᠬᠡᠮ ᠢ ᠰᠡᠷᠭᠡᠶᠢᠯᠡᠬᠦ ᠦᠵᠡᠯᠲᠡ ᠲᠠᠨᠢᠯᠲᠠ ᠪᠠᠨ ᠶᠠᠬᠡᠪᠡᠷ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠣᠬᠠᠮᠰᠠᠷ ᠠᠴᠠ ᠪᠠᠨ ᠬᠦᠢᠴᠡᠳᠭᠡᠪᠡᠯ ᠵᠤᠬᠢᠯᠲᠠᠢ᠃ ᠨᠦᠬᠦᠭᠡ ᠲᠠᠯ᠎ᠠ ᠪᠠᠷ ᠭᠠᠴᠠᠭ᠎ᠠ ᠲᠣᠰᠬᠤᠨ ᠤ ᠬᠢᠵᠢᠭ ᠰᠡᠷᠭᠡᠶᠢᠯᠡᠭᠴᠢ ᠳᠤ ᠪᠠᠭᠳᠠᠭᠠᠭᠰᠠᠨ ᠮᠠᠯ ᠡᠮᠨᠡᠯᠭᠡ ᠶᠢᠨ ᠰᠠᠯᠠᠭ᠎ᠠ ᠮᠦᠴᠢᠷ ᠤᠨ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠲᠠᠷᠢᠯᠭ᠎ᠠ ᠶᠢ ᠱᠠᠭᠠᠷᠳᠠᠯᠭ᠎ᠠ ᠶᠣᠰᠣᠭᠠᠷ ᠬᠢᠬᠦ ᠶᠢᠨ ᠳᠠᠭᠠᠤ ᠤᠬᠠᠭᠤᠯᠭ᠎ᠠ ᠶᠢᠨ ᠠᠵᠢᠯ ᠢ ᠪᠠᠶᠢᠩᠭᠤ ᠬᠢᠬᠦ ᠴᠢᠬᠤᠯᠠᠲᠠᠢ᠃ ᠬᠢᠵᠢᠭ ᠰᠡᠷᠭᠡᠶᠢᠯᠡᠬᠦ ᠲᠠᠷᠢᠯᠭ᠎ᠠ ᠲᠣᠮᠳᠠ ᠬᠡᠳᠣᠨ ᠡᠷᠤᠬᠡ ᠶᠢᠨ ᠣᠴᠢᠷ ᠭᠡᠳ ᠲᠣᠷ᠎ᠠ ᠪᠠᠷ ᠨᠢ ᠲᠠᠯᠪᠢᠵᠤ ᠢᠯᠳᠠᠷ ᠬᠠᠶᠠᠵᠤ ᠶᠠᠭᠠᠬᠢᠭᠰᠠᠨ ᠴᠤ ᠪᠣᠯᠬᠤ ᠦᠭᠡᠢ᠃ ᠡᠬᠦᠨ ᠤ ᠬᠠᠮᠲᠤ ᠡᠯ᠎ᠡ ᠰᠣᠮᠣ ᠪᠠᠯᠭᠠᠰᠣᠨ ᠤ ᠵᠠᠰᠠᠭ ᠤᠨ ᠤᠷᠳᠣᠨ ᠬᠢᠭᠡᠳ ᠭᠠᠴᠠᠭ᠎ᠠ ᠲᠣᠰᠬᠤᠨ ᠤ ᠠᠷᠠᠳ ᠤᠨ ᠵᠦᠪᠯᠡᠯ ᠨᠢ ᠮᠠᠯᠴᠢᠳ ᠲᠠᠭᠠᠨ ᠤᠬᠠᠭᠤᠯᠭ᠎ᠠ ᠬᠦᠮᠦᠵᠢᠯ ᠢ ᠦᠷᠭᠦᠯᠵᠢ ᠬᠢᠵᠦ᠂ ᠬᠢᠵᠢᠭ ᠰᠡᠷᠭᠡᠶᠢᠯᠡᠬᠦ ᠲᠠᠷᠢᠯᠭ᠎ᠠ ᠶᠢ ᠮᠠᠯᠴᠢᠳ ᠤᠨ ᠨᠢᠭᠡᠨ ᠤᠬᠠᠮᠰᠠᠷᠲᠤ ᠠᠵᠢᠯ ᠪᠤᠯᠭᠠᠪᠠᠯ ᠵᠣᠬᠢᠨ᠎ᠠ᠃ ᠬᠠᠷᠢᠨ ᠮᠠᠯ ᠡᠮᠨᠡᠯᠭᠡ ᠶᠢᠨ ᠰᠠᠯᠠᠭ᠎ᠠ ᠮᠦᠴᠢᠷ ᠲᠤ ᠨᠠᠶᠢᠳᠠᠭᠰᠠᠨ ᠨᠠᠵᠠᠭᠠᠢ ᠰᠣᠷᠲᠠᠯ ᠢᠶᠠᠷ ᠬᠠᠨᠳᠣᠵᠦ ᠪᠣᠯᠬᠤ ᠦᠭᠡᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号