ᠦᠪᠦᠷ ᠮᠤᠩᠭᠤᠯ ᠤᠨ ᠵᠢᠭᠤᠯᠴᠢᠯᠠᠯ                ᠴᠡᠭ ᠠᠴᠠ ᠣᠷᠣᠨ ᠪᠦᠰᠡ ᠲᠡᠶᠢᠰᠢ ᠰᠢᠯ᠊
ᠨᠡᠶᠢᠲᠡᠯᠡᠭᠰᠡᠨ ᠴᠠᠭ᠄
2019-04-09
              ᠦᠪᠦᠷ ᠮᠤᠩᠭᠤᠯ ᠤᠨ ᠵᠢᠭᠤᠯᠴᠢᠯᠠᠯ                             ᠴᠡᠭ ᠠᠴᠠ ᠣᠷᠣᠨ ᠪᠦᠰᠡ ᠲᠡᠶᠢᠰᠢ ᠰᠢᠯᠵᠢᠯ᠎ᠡ                                  ᠰᠣᠷᠪᠣᠯᠵᠢᠯᠬᠠᠴᠢ ᠬᠠᠢ ᠴᠢᠣᠸᠠᠨ ᠲᠡᠯᠭᠡᠷᠬᠦᠦ        ᠬᠠᠩᠰᠢ ᠣᠶᠢᠷᠠᠳᠣᠵᠦ ᠬᠠᠭᠳᠠ ᠨᠤᠭᠤᠭᠠᠷᠠᠵᠦ ᠡᠬᠢᠯᠡᠬᠦ ᠶᠢ ᠲᠠᠭᠠᠯᠳᠤᠨ᠂ ᠦᠪᠦᠷ ᠮᠤᠩᠭᠤᠯ ᠤᠨ ᠡᠪᠦᠯ ᠤᠨ ᠣᠯᠠᠷᠢᠯ ᠤᠨ ᠵᠢᠭᠤᠯᠴᠢᠯᠠᠯ ᠠᠴᠠ ᠪᠠᠨ ᠰᠢᠨ᠎ᠡ ᠨᠢᠭᠡ ᠵᠢᠭᠤᠯᠴᠢᠯᠠᠯ ᠤᠨ ᠭᠥᠭᠵᠢᠶᠡᠨᠲᠦ ᠣᠯᠠᠷᠢᠯ ᠳᠤ ᠰᠢᠯᠵᠢᠯ᠎ᠠ᠃ ᠣᠶᠢᠷ᠎ᠡ ᠶᠢᠨ ᠵᠢᠯ ᠳᠤ᠂ ᠮᠠᠨ ᠤ ᠣᠷᠣᠨ ᠣᠯᠣᠰ ᠤᠨ ᠲᠣᠳᠣᠭᠠᠳᠣ ᠭᠠᠳᠠᠭᠠᠳᠣ ᠳᠤ ᠠᠯᠳᠠᠷᠳᠡᠢ ᠵᠢᠭᠤᠯᠴᠢᠯᠠᠯ ᠤᠨ ᠬᠠᠷᠠᠯᠳᠠᠳᠤ ᠣᠷᠣᠨ ᠢ ᠪᠦᠳᠣᠭᠡᠨ ᠪᠠᠶᠢᠭᠤᠯᠬᠤ ᠪᠠᠷ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠳᠡᠮᠪᠡᠷᠡᠯ ᠤᠨ ᠰᠢᠨ᠎ᠡ ᠵᠬᠠᠪᠣᠷ ᠢ ᠢᠳᠡᠪᠬᠢᠳᠡᠢ ᠬᠠᠶᠢᠨ ᠰᠥᠪᠡᠭᠴᠢᠯᠡᠵᠦ᠂ ᠵᠢᠭᠤᠯᠴᠢᠯᠠᠯ ᠤᠨ ᠦᠢᠯᠡᠰ ᠢ ︽ᠦᠵᠡᠮᠵᠢ ᠶᠢᠨ ᠣᠷᠣᠨ ᠤ ᠵᠢᠭᠤᠯᠴᠢᠯᠠᠯ︾ ᠠᠴᠠ ︽ᠪᠦᠬᠦ ᠣᠷᠣᠨ ᠪᠦᠰᠡ ᠶᠢᠨ ᠵᠢᠭᠤᠯᠴᠢᠯᠠᠯ︾ ᠤᠨ ᠵᠬᠠᠪᠣᠷ ᠲᠡᠰᠢ ᠲᠡᠰ ᠲᠡᠪᠰᠢᠭᠦᠯᠵᠦ᠂ ᠢᠯᠡᠷᠬᠡᠢ ᠥᠷ᠎ᠡ ᠪᠦᠳᠣᠮᠵᠢ ᠣᠯᠵᠦ ᠡᠬᠢᠯᠡᠭᠡᠳ᠂ ᠮᠠᠨ ᠤ ᠣᠷᠣᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠠᠩᠭᠢᠯᠠᠭ᠎ᠠ ᠶᠢᠨ ᠬᠤᠭᠤᠴᠠᠭ᠎ᠠ ᠳᠤ ᠣᠷᠣᠨᠨᠰᠠᠨ ᠪᠠᠶᠢᠨ᠎ᠠ᠃        ᠠᠮᠵᠢᠯᠳᠡ ᠪᠦᠳᠣᠮᠵᠢ᠄        ᠣᠳᠣᠬᠠᠨ ᠪᠣᠯᠳᠡᠯ᠎ᠡ᠂ ᠪᠦᠬᠦ ᠣᠷᠣᠨ ᠤ 15 ᠠᠶᠢᠮᠠᠭ ᠬᠤᠳᠡ ᠪᠠ ᠬᠤᠰᠢᠭᠤ ᠰᠢᠶᠡᠨ ᠨᠢ ᠣᠯᠣᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠡᠵᠡᠬᠦᠯᠬᠦ ᠣᠷᠣᠨ ᠢ ᠡᠬᠦᠳᠦᠨ ᠪᠠᠶᠢᠭᠤᠯᠬᠤ ᠨᠢᠭᠡᠴᠡ ᠪᠠᠷ ᠵᠢᠨᠨᠰᠠᠭᠠᠨᠨᠳᠠᠵᠦ᠂ 24  ᠠᠶᠢᠮᠠᠭ ᠬᠤᠳᠡ ᠪᠠ ᠬᠤᠰᠢᠭᠤ ᠰᠢᠶᠡᠨ ᠨᠢ ᠦᠪᠡᠷᠳᠡᠬᠡᠨ ᠵᠠᠰᠠᠬᠤ ᠣᠷᠤᠨ ᠤ ᠲᠡᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠣᠷᠣᠨ ᠢ ᠡᠬᠦᠳᠣᠨ ᠪᠠᠶᠢᠭᠤᠯᠬᠤ ᠨᠢᠭᠡᠴᠢ ᠪᠠᠷ ᠵᠢᠨᠨᠰᠠᠭᠠᠨᠨᠳ᠋ᠬᠠᠰᠠᠨ ᠪᠠᠶᠢᠨ᠎ᠠ᠃       2018ᠣᠨ ᠳᠤ᠂ ᠪᠦᠬᠦ ᠣᠷᠣᠨ ᠨᠡᠶᠢᠲᠡ 1.3 ᠳ᠋ᠦᠩᠰᠢᠭᠤᠷ ᠭᠠᠷᠤᠢ ᠵᠢᠭᠤᠯᠴᠢᠯᠬᠠᠴᠢ ︵ᠬᠦᠮᠦᠨ ᠤᠳᠠᠭ᠎ᠠ︶ ᠶᠢ ᠵᠣᠴᠢᠯᠠᠵᠦ᠂ ᠪᠦᠬᠦ ᠣᠷᠣᠨ ᠤ ᠵᠢᠭᠤᠯᠴᠢᠯᠠᠯ ᠤᠨ ᠶᠡᠷᠦᠩᠭᠡᠢ ᠣᠷᠣᠯᠭ᠎ᠠ ᠨᠢ 4011.37 ᠳ᠋ᠦᠩᠰᠢᠭᠤᠷ ᠲᠦᠭᠦᠷᠢᠭ ᠲᠤ ᠬᠦᠷᠴᠦ᠂ 2017 ᠣᠨ ᠤ ᠬᠢ ᠠᠴᠠ ᠲᠣᠰ ᠲᠣᠰ 12.01% ᠪᠠ 16.61% ᠪᠠᠷ ᠨᠡᠮᠡᠭᠳᠡᠭᠰᠡᠨ ᠠᠵᠢ᠃       ᠡᠨᠡ ᠵᠢᠯ ᠤᠨ ᠬᠠᠷᠠᠯᠳᠡ᠄       2019 ᠣᠨ ᠳᠤ᠂ ᠮᠠᠨ ᠤ ᠣᠷᠣᠨ ᠤ 1.3 ᠳ᠋ᠦᠩᠰᠢᠭᠤᠷ ᠭᠠᠷᠣᠢ ᠵᠢᠭᠤᠯᠴᠢᠯᠬᠠᠴᠢ ︵ᠬᠦᠮᠦᠨ ᠤᠳᠠᠭ᠎ᠠ ︶ ᠶᠢ ᠵᠣᠴᠢᠯᠡᠨ᠂ ᠪᠦᠬᠦ ᠣᠷᠣᠨ ᠤ ᠵᠢᠭᠤᠯᠴᠢᠯᠠᠯ ᠤᠨ ᠶᠡᠷᠦᠩᠭᠡᠢ ᠣᠷᠣᠯᠭ᠎ᠠ ᠶᠢ 4500 ᠳ᠋ᠦᠩᠰᠢᠭᠤᠷ ᠲᠦᠭᠦᠷᠢᠭ ᠲᠤ ᠬᠦᠷᠭᠡᠬᠦ ᠬᠠᠷᠡᠯᠳᠡ ᠶᠢ ᠲᠣᠷᠠᠳᠴᠠᠢ᠃       ᠲᠣᠣᠷᠠᠬᠢ ᠬᠡᠳᠣᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠬᠤ ᠪᠠᠷ ᠪᠠᠶᠢᠨ᠎ᠠ᠃        — ᠵᠢᠭᠤᠯᠴᠢᠯᠠᠯ ᠪᠣᠯᠣᠨ ᠮᠦᠩᠭᠦᠨ ᠬᠦᠢᠯᠭᠡᠭᠡᠨ ᠤ ᠬᠠᠮᠳᠣᠷᠠᠯᠴᠠᠭ᠎ᠠ ᠶᠢ ᠬᠦᠨᠵᠡᠭᠡᠶᠢᠷᠡᠬᠦᠯᠵᠦ᠂ ᠰᠣᠶᠣᠯ ᠵᠢᠭᠤᠯᠴᠢᠯᠠᠯ ᠤᠨ ᠣᠨᠴᠠᠯᠢᠨᠨᠳᠣ ᠵᠢᠵᠢᠭ ᠪᠠᠯᠭᠠᠰᠣ ᠪᠠ ᠦᠵᠡᠮᠵᠢ ᠶᠢᠨ ᠣᠷᠣᠨ ᠤ ᠰᠠᠭᠤᠷᠢ ᠲᠣᠨᠤᠭ ᠲᠦᠭᠦᠭᠡᠷᠦᠮᠵᠢ ᠶᠢᠨ ᠪᠦᠳᠣᠭᠡᠨ ᠪᠠᠶᠢᠭᠤᠯᠣᠯᠳᠡ ᠶᠢ ᠠᠬᠢᠭᠤᠯᠵᠦ᠂ ᠮᠣᠩᠭᠤᠯ ᠦᠨᠳᠣᠰᠣᠳᠡᠨ ᠤ ᠬᠤᠪᠴᠠᠰᠣ ᠵᠠᠰᠠᠯ ᠵᠡᠷᠭᠡ ᠰᠣᠶᠣᠯ ᠵᠢᠭᠤᠯᠴᠢᠯᠠᠯ ᠤᠨ ᠠᠵᠦ ᠦᠢᠯᠡᠰ ᠤᠨ ᠬᠦᠷᠢᠶᠡᠯᠡᠩ ᠪᠠ ᠲᠣᠭᠤᠷᠢᠭ ᠤᠨ ᠪᠦᠳᠣᠭᠡᠨ ᠪᠠᠶᠢᠭᠤᠯᠣᠯᠳᠡ ᠶᠢ ᠠᠬᠢᠭᠤᠯᠤᠨ᠂ ᠰᠣᠶᠣᠯ ᠤᠨ ᠭᠤᠣᠯ ᠰᠡᠳᠣᠪᠳᠣ ᠪᠠᠭᠤᠳᠡᠯ ᠵᠡᠷᠭᠡ ᠰᠢᠨ᠎ᠡ ᠡᠵᠡᠩᠨᠡᠯᠳᠡ ᠶᠢᠨ ᠬᠡᠯᠪᠡᠷᠢ ᠶᠢ ᠢᠳᠡᠪᠬᠢᠳᠡᠢ ᠪᠠᠷ ᠬᠦᠭᠵᠢᠬᠦᠯᠦᠨ᠎ᠡ᠃         — ᠬᠦᠬᠡᠬᠤᠳᠡ ᠪᠣᠭᠤᠳᠣ ᠣᠷᠳᠣᠰ᠂ ᠣᠯᠠᠭᠠᠨᠬᠤᠳᠡ ᠷᠠᠰᠢᠶᠠᠨ ᠬᠠᠶᠢᠯᠠᠷ ᠮᠠᠨᠵᠣᠣᠷ᠂ ᠠᠯᠠᠱᠠ — ᠦᠬᠠᠢ᠂ ᠲᠣᠯᠣᠨ ᠨᠠᠭᠤᠷ — ᠶᠣᠸᠠᠨ ᠤ ᠲᠡᠭᠡᠳᠣ ᠨᠡᠶᠢᠰᠯᠡᠯ ᠵᠡᠷᠭᠡ ᠭᠤᠣᠯᠳᠠᠯᠭ᠎ᠠ ᠲᠠᠢ ᠵᠢᠭᠤᠯᠴᠢᠯᠠᠯ ᠤᠨ ᠬᠠᠷᠠᠯᠳᠠᠳᠣ ᠣᠷᠣᠨ ᠤ ᠪᠦᠳᠣᠭᠡᠨ ᠪᠠᠶᠢᠭᠤᠯᠣᠯᠳᠡ ᠶᠢ ᠰᠠᠶᠢᠳᠣᠷ ᠠᠳᠬᠤᠨ᠂ ᠬᠦᠳᠡᠭᠡ ᠲᠣᠰᠬᠤᠨ ᠤ ᠵᠢᠭᠤᠯᠴᠢᠯᠠᠯ ᠵᠢᠴᠢ ᠭᠡᠷ ᠪᠦᠯᠢ ᠶᠢᠨ ᠪᠠᠭᠤᠳᠡᠯ ᠤᠨ ᠪᠠᠷᠢᠮᠵᠢᠶᠠᠵᠢᠨᠨᠰᠠᠨ ᠰᠢᠰᠲ᠋ᠧᠮ ᠢ ᠲᠣᠨᠨᠳᠠᠭᠠᠵᠦ᠂ ᠨᠢᠭᠡ ᠪᠦᠯᠦᠭ ᠣᠨᠴᠠᠯᠢᠭ ᠢᠶᠠᠷ ᠢᠯᠡ ᠲᠣᠳᠣᠷᠬᠠᠢ᠂ ᠴᠢᠳᠠᠮᠵᠢ ᠨᠢ ᠪᠦᠷᠢᠨ ᠬᠦᠢᠴᠡᠳ᠂ ᠲᠣᠨᠤᠭ ᠲᠦᠭᠦᠭᠡᠷᠦᠮᠵᠢ ᠨᠢ ᠪᠦᠷᠢᠨ ᠲᠡᠭᠦᠯᠳᠡᠷ᠂ ᠵᠢᠱᠢᠶ᠎ᠡ ᠦᠵᠡᠬᠦᠯᠵᠦ ᠲᠠᠶᠢᠴᠢᠯᠠᠬᠤ ᠦᠢᠯᠡᠳᠣᠯ ᠪᠦᠬᠦᠢ ᠬᠦᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠬᠦᠯᠬᠦ ᠲᠣᠰᠬᠤᠨ ᠢ ᠪᠦᠳᠣᠭᠡᠨ ᠪᠠᠶᠢᠭᠤᠯᠣᠨ᠎ᠠ᠃       — ᠰᠣᠶᠣᠯ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠬᠦᠯᠬᠦ ᠲᠥᠷᠥᠯ ᠵᠦᠢᠯ ᠢ ᠡᠬᠦᠳᠣᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠳᠣᠳᠡᠢ ᠥᠷᠨᠢᠬᠦᠯᠵᠦ᠂ ᠬᠢᠯᠢ ᠠᠯᠣᠰᠯᠬᠠᠰᠠᠨ ᠵᠢᠭᠤᠯᠴᠢᠯᠠᠯ ᠤᠨ ᠬᠦᠭᠵᠢᠯᠳᠡ ᠶᠢ ᠴᠢᠨ᠋ᠬᠠᠰᠢᠳᠡ ᠠᠬᠢᠭᠤᠯᠵᠦ᠂ ᠭᠠᠳᠠᠭᠠᠳᠣ ᠳᠠᠬᠢ ᠵᠢᠭᠤᠯᠴᠢᠯᠠᠯ ᠤᠨ ᠵᠠᠬ᠎ᠠ ᠲᠡᠯᠭᠡᠬᠦᠷ ᠢ ᠴᠢᠷᠮᠠᠶᠢᠨ ᠦᠷᠭᠡᠳᠭᠡᠨ᠎ᠡ᠃                                        ᠪᠡᠯᠡᠳᠭᠡᠭᠰᠡᠨ ᠨᠢ᠄ ᠭᠧ ᠲᠣᠸᠠᠨ ᠯᠢᠶᠡᠨ                                  
 
ᠢᠷᠡᠯᠲᠡ᠄ ᠦᠪᠦᠷ ᠮᠤᠩᠭᠤᠯ ᠤᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号