| ᠣᠶᠢᠷ᠎ᠡ ᠳᠤ ᠬᠤᠷᠠᠯᠳᠣᠨᠨᠰᠠᠨ ᠪᠦᠬᠦ ᠣᠷᠣᠨ ᠤ ᠮᠤᠩᠭᠤᠯ ᠬᠢᠳᠡᠳ ᠡᠮ ᠡᠮᠨᠡᠯᠭᠡ ᠶᠢᠨ ᠬᠤᠷᠡᠯ ᠠᠴᠠ | ᠨᠢᠭᠡᠨ ᠰᠠᠶᠢᠨ ᠴᠢᠮᠡᠭᠡ ᠲᠣᠭᠤᠯᠳᠡᠨᠡ᠄ ᠮᠠᠨ ᠤ ᠣᠷᠣᠨ ᠤ ᠮᠣᠩᠭᠤᠯ ᠬᠢᠳᠡᠳ ᠡᠮ ᠡᠮᠨᠡᠯᠬᠡ ᠶᠢᠨ ᠬᠠᠳᠬᠤᠬᠤ᠂ | ᠲᠦᠭᠡᠨᠡᠬᠦ᠂ ᠰᠣᠷᠣᠭᠤᠯ ᠲᠠᠯᠪᠢᠬᠤ᠂ ᠢᠯᠢᠵᠦ ᠪᠠᠷᠢᠬᠤ᠂ ᠵᠡᠬᠦᠦ ᠬᠢᠳᠤᠭ᠎ᠠ᠂ ᠤᠳᠤᠯᠭ᠎ᠠ᠂ ᠴᠡᠭᠡ ᠵᠠᠰᠠᠯ᠂ ᠪᠡᠶ᠎ᠡ | ᠰᠡᠳᠬᠢᠴᠡ ᠶᠢᠨ ᠠᠨᠠᠭᠠᠬᠤ ᠤᠬᠠᠭᠠᠨ ᠵᠡᠷᠭᠡ ᠦᠪᠡᠷᠮᠢᠴᠡ ᠣᠨᠴᠠᠯᠢᠭ ᠪᠦᠬᠦᠢ ᠡᠮᠨᠡᠯᠭᠡ ᠶᠢᠨ ᠮᠡᠷᠭᠡᠵᠢᠯ ᠢ ᠡᠮ | ᠡᠮᠨᠡᠯᠭᠡ ᠶᠢᠨ ᠲᠠᠭᠠᠳᠬᠠᠯ ᠠᠴᠠ ᠲᠦᠯᠦᠬᠦ ᠭᠠᠷᠴᠠᠭ ᠲᠤ ᠣᠷᠣᠭᠤᠯᠬᠤ ᠪᠠᠷ ᠲᠦᠯᠦᠪᠯᠡᠵᠦ ᠪᠤᠢ᠃ | ᠡᠭᠦᠨ ᠤ ᠵᠡᠷᠭᠡᠪᠡᠷ᠂ ᠮᠣᠩᠭᠤᠯ ᠬᠢᠳᠡᠳ ᠪᠡᠯᠡᠨ ᠡᠮ᠂ ᠡᠮᠨᠡᠯᠭᠡ ᠶᠢᠨ ᠬᠤᠷᠢᠶᠡᠨ ᠠᠴᠠ ᠨᠠᠶᠢᠷᠬᠠᠰᠠᠨ ᠡᠮ | ᠪᠠ ᠴᠢᠨᠠᠬᠤ ᠡᠮ᠂ ᠮᠤᠩᠭᠤᠯ ᠡᠮ ᠳᠤ ᠬᠡᠦᠬᠡ ᠲᠡᠰ ᠤᠨ ᠡᠮ ᠤᠨ ᠳᠠᠩᠰᠠ ᠠᠴᠠ ᠲᠠᠶᠢᠯᠠᠬᠤ ᠲᠥᠷᠦ ᠶᠢᠨ | ᠪᠣᠳᠣᠯᠭ᠎ᠠ ᠶᠢ ᠬᠡᠷᠡᠭᠵᠢᠬᠦᠯᠦᠨ᠎ᠡ᠃ ᠲᠥᠷᠢᠮ ᠳᠤ ᠲᠣᠬᠢᠷᠠᠭᠤᠯᠵᠦ ᠬᠡᠷᠡᠭᠯᠡᠵᠦ ᠪᠣᠯᠬᠤ ᠪᠠᠷ ᠲᠣᠨᠨᠳ᠋ᠬᠠᠰᠠᠨ ᠡᠮ | ᠨᠠᠶᠢᠷᠠᠯᠭ᠎ᠠ ᠶᠢ ᠲᠣᠬᠠᠢ ᠶᠢᠨ ᠭᠠᠵᠡᠷ ᠤᠨ ᠡᠮᠨᠡᠯᠭᠡ ᠶᠢᠨ ᠲᠠᠭᠠᠳᠬᠠᠯ ᠠᠴᠠ ᠲᠦᠯᠦᠬᠦ ᠬᠡᠪᠴᠢᠶᠡᠨ ᠳᠤ ᠣᠷᠣᠭᠤᠯᠣᠨ᠎ᠠ᠃ | | ᠲᠣᠰ ᠣᠳᠠᠭᠠᠨ ᠤ ᠮᠣᠩᠭᠤᠯ ᠬᠢᠳᠡᠳ ᠡᠮᠨᠡᠯᠭᠡ ᠶᠢᠨ ᠮᠡᠷᠭᠡᠵᠢᠯ ᠪᠠ ᠬᠢᠳᠡᠳ ᠪᠡᠯᠡᠨ ᠡᠮ ᠵᠡᠷᠭᠡ ᠶᠢ | ᠡᠮᠨᠡᠯᠭᠡ ᠶᠢᠨ ᠲᠠᠭᠠᠳᠬᠠᠯ ᠠᠴᠠ ᠲᠦᠯᠦᠬᠦ ᠭᠠᠷᠴᠠᠭ ᠲᠤ ᠣᠷᠣᠭᠤᠯᠬᠤ ᠨᠢ᠂ ᠮᠠᠨ ᠤ ᠣᠷᠣᠨ ᠤ ᠲᠤᠬᠠᠢ ᠶᠢᠨ | ᠭᠠᠵᠡᠷ ᠤᠨ ᠡᠮ ᠡᠮᠨᠡᠯᠭᠡ ᠶᠢᠨ ᠵᠣᠷᠰᠢᠯ ᠲᠠᠢ ᠨᠡᠶᠢᠴᠡᠵᠦ᠂ ᠡᠪᠡᠳᠴᠢᠳᠡᠨ ᠳᠤ ᠢᠯᠡᠬᠦᠦ ᠨᠢᠭᠡ ᠰᠣᠩᠭᠤᠯᠳᠡ | ᠬᠠᠩᠭᠠᠨᠨᠰᠠᠨ ᠢᠶᠠᠷ ᠪᠠᠷᠠᠬᠤ ᠦᠭᠡᠢ ᠡᠮ ᠡᠮᠨᠡᠯᠭᠡ ᠶᠢᠨ ᠲᠠᠭᠠᠳᠬᠠᠯ ᠤᠨ ᠺᠠᠷᠲ ᠤᠨ ᠴᠢᠳᠠᠪᠬᠢ ᠶᠢ ᠴᠢᠩᠭᠠᠳᠬᠠᠬᠤ | ᠪᠠᠰᠠ ᠨᠢᠭᠡᠨ ᠣᠳᠠᠭᠠᠨ ᠤ ᠡᠷᠢᠯᠬᠢᠯᠡᠯ ᠪᠣᠯᠣᠨ᠎ᠠ᠃ | | | ᠪᠡᠯᠡᠳᠭᠡᠭᠰᠡᠨ ᠨᠢ᠄ ᠭᠧ ᠲᠣᠸᠠᠨ ᠯᠢᠶᠡᠨ | |