ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠶᠢᠨ 5 ᠠᠰᠢᠨᠨᠳᠡᠢ ᠬᠤᠪᠢᠷᠡᠯᠳᠡ
ᠨᠡᠶᠢᠲᠡᠯᠡᠭᠰᠡᠨ ᠴᠠᠭ᠄
2019-05-13
          ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠶᠢᠨ 5 ᠠᠰᠢᠨᠨᠳᠡᠢ ᠬᠤᠪᠢᠷᠡᠯᠳᠡ       ᠮᠡᠳᠡᠭᠡᠵᠢ ᠪᠠᠷ᠂ 2020 ᠣᠨ ᠪᠣᠯᠳᠡᠯ᠎ᠡ᠂ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠶᠢ ᠦᠨᠳᠣᠰᠣᠨ ᠳᠡᠭᠡᠨ ᠪᠡᠶᠡᠯᠡᠬᠦᠯᠬᠦ ᠪᠣᠯᠣᠨ᠎ᠠ᠃ ᠡᠭᠦᠨ ᠳᠤ᠂ ᠵᠠᠷᠢᠮ ᠬᠦᠮᠦᠨ ᠪᠠᠶᠠᠷᠯᠠᠵᠦ᠂ ᠣᠯᠠᠩᠭᠢ ᠬᠦᠮᠦᠰ ᠬᠠᠷᠢᠨ ᠣᠷᠣᠨ ᠲᠤᠭ᠎ᠠ ᠵᠡᠷᠭᠡ ᠶᠢᠨ ᠲᠤᠬᠠᠢ ᠶᠡᠬᠡᠬᠡᠨ ᠰᠠᠨᠠᠭᠠᠰᠢᠷᠠᠵᠦ ᠪᠠᠶᠢᠳᠠᠭ᠃ ᠠᠳᠡ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠶᠢᠨ ᠠᠪᠴᠢᠷᠠᠬᠤ 5 ᠲᠠᠯ᠎ᠠ ᠶᠢᠨ ᠠᠰᠢᠨᠨᠳᠡᠢ ᠬᠤᠪᠢᠷᠠᠯᠳᠡ ᠶᠢ ᠲᠠ ᠨᠠᠷ ᠲᠠᠢ ᠪᠠᠨ ᠬᠤᠪᠢᠶᠠᠯᠴᠠᠶ᠎ᠠ︕       1.ᠣᠷᠣᠨ ᠲᠤᠭ᠎ᠠ ᠶᠢᠨ ᠬᠤᠪᠢᠷᠡᠯᠳᠡ       ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠪᠠᠷ ᠲᠠᠮᠵᠢᠨ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ᠂ ᠶᠡᠭᠡ ᠲᠡᠭᠡᠳᠦ ᠰᠣᠷᠭᠠᠭᠤᠯᠢ ᠶᠢᠨ ᠣᠷᠣᠨ ᠲᠤᠭ᠎ᠠ ᠶᠢ ᠦᠭᠡᠶᠢᠰᠭᠡᠵᠦ᠂ ᠵᠠᠰᠠᠭ ᠵᠠᠬᠢᠷᠭᠠᠨ ᠤ ᠲᠣᠰᠢᠶᠠᠯ ᠲᠠᠢ ᠠᠵᠢᠯ ᠦᠢᠯᠡᠰ ᠤᠨ ᠣᠷᠣᠨ ᠲᠤᠭ᠎ᠠ ᠶᠢ ᠠᠯᠪᠠᠳᠡᠨ ᠤ ᠣᠷᠣᠨ ᠲᠤᠭ᠎ᠠ ᠪᠣᠯᠭᠠᠵᠦ᠂ ᠦᠢᠯᠡᠳᠪᠦᠷᠢᠯᠡᠯ ᠡᠵᠡᠩᠨᠡᠯᠳᠡ ᠶᠢᠨ ᠠᠵᠢᠯᠯᠠᠭ᠎ᠠ ᠶᠢᠨ ᠲᠥᠷᠥᠯ ᠤᠨ ᠠᠵᠢᠯ ᠦᠢᠯᠡᠰ ᠤᠨ ᠨᠢᠭᠡᠴᠡ ᠶᠢ ᠠᠵᠦ ᠠᠬᠤᠶᠢᠯᠠᠯ ᠪᠣᠯᠭᠠᠨ ᠬᠤᠪᠢᠷᠠᠭᠤᠯᠬᠤ ᠪᠠ ᠰᠣᠯᠠ ᠠᠵᠢᠯ ᠤᠨ ᠪᠠᠶᠢᠷᠢ ᠶᠢᠨ ᠣᠷᠣᠨ ᠲᠤᠭ᠎ᠠ ᠶᠢ ᠦᠭᠡᠶᠢᠰᠭᠡᠬᠦ ᠭᠡᠬᠦ ᠮᠡᠲᠦ ᠣᠷᠣᠨ ᠲᠤᠭ᠎ᠠ ᠶᠢᠨ ᠬᠤᠪᠢ ᠳᠤ ᠯᠣᠳᠦ ᠶᠡᠭᠡ ᠬᠤᠪᠢᠷᠠᠯᠳᠡ ᠶᠢ ᠠᠪᠴᠢᠷᠠᠬᠤ ᠶᠤᠮ᠃ ᠭᠡᠪᠡᠴᠦ ᠣᠷᠣᠨ ᠲᠤᠭ᠎ᠠ ᠨᠢ ᠬᠤᠪᠢᠷᠠᠬᠤ ᠪᠣᠯᠪᠠᠴᠦ ᠬᠦᠯᠦᠰᠦ ᠣᠯᠭᠤᠮᠵᠢ ᠶᠢᠨ ᠲᠠᠯ᠎ᠠ ᠪᠠᠷ ᠪᠠᠭᠤᠷᠠᠬᠤ ᠦᠭᠡᠢ᠃ ᠡᠶᠢᠮᠦ ᠠᠴᠠ ᠬᠤᠵᠢᠮ ᠠᠵᠢᠯ ᠦᠢᠯᠡᠰ ᠤᠨ ᠨᠢᠭᠡᠴᠡ ᠶᠢᠨ ᠰᠢᠯᠭᠠᠯᠳᠡ ᠰᠢᠯᠭᠠᠬᠤ ᠬᠦᠮᠦᠨ ᠤ ᠲᠤᠭ᠎ᠠ ᠨᠡᠮᠡᠭᠳᠡᠬᠦ ᠠᠴᠠ ᠪᠢᠰᠢ ᠪᠠᠭᠤᠷᠠᠬᠤ ᠦᠭᠡᠢ ᠶᠤᠮ᠃       2. ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ ᠶᠢᠨ ᠲᠠᠷᠠᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯᠳᠡᠨ ᠤ ᠦᠨᠳᠣᠰᠣᠨ ᠴᠠᠯᠢᠩ ᠢ ᠲᠣᠨᠨᠳᠡᠮᠡᠯ ᠬᠤᠭᠤᠴᠠᠭ᠎ᠠ ᠲᠠᠢ ᠪᠠᠷ ᠦᠰᠭᠡᠨ᠎ᠡ ᠭᠡᠵᠦ ᠲᠣᠳᠣᠷᠬᠠᠢ ᠲᠣᠨᠨᠳᠠᠭᠠᠨᠨᠰᠠᠨ ᠪᠠ ᠡᠨᠡ ᠵᠢᠯ ᠨᠡᠩ ᠴᠦ ᠪᠠᠭᠰᠢ ᠶᠢᠨ ᠬᠦᠯᠦᠰᠦ ᠣᠯᠭᠤᠮᠵᠢ ᠶᠢ ᠲᠡᠭᠡᠭᠰᠢᠯᠡᠬᠦᠯᠵᠦ᠂ ᠪᠠᠭᠰᠢ ᠶᠢᠨ ᠴᠠᠯᠢᠩ ᠬᠦᠯᠦᠰᠦ ᠶᠢ ᠠᠯᠪᠠᠳᠡᠨ ᠤ ᠴᠠᠯᠢᠩ ᠬᠦᠯᠦᠰᠦ ᠠᠴᠠ ᠲᠣᠣᠷ᠎ᠡ ᠥᠯᠥ ᠪᠠᠶᠢᠯᠭᠠᠬᠤ ᠶᠢ ᠪᠠᠳᠣᠯᠠᠪᠠ ᠃ ︽ᠪᠦᠬᠦ ᠣᠯᠣᠰ ᠤᠨ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠴᠢᠳᠠᠪᠦᠷᠢᠳᠡᠨ ᠤ ᠬᠦᠭᠵᠢᠯᠳᠡ ᠶᠢᠨ ᠲᠦᠯᠦᠪᠵᠢᠭᠦᠯᠭᠡ︾ ᠳᠤ ᠪᠠᠰᠠ᠂ ᠡᠮᠴᠢ ᠠᠵᠢᠯᠳᠡᠨ ᠤ ᠴᠠᠯᠢᠩ ᠢ ᠦᠰᠭᠡᠨ᠎ᠡ ᠭᠡᠵᠦ ᠲᠣᠳᠣᠷᠬᠠᠢ ᠲᠣᠷᠠᠳᠴᠠᠢ᠃ ᠡᠶᠢᠮᠦ ᠠᠴᠠ ᠣᠷᠣᠨ ᠲᠤᠭ᠎ᠠ ᠶᠠᠮᠠᠷ ᠪᠣᠯᠣᠨᠨᠰᠠᠨ ᠴᠦ ᠬᠦᠯᠦᠰᠦ ᠣᠯᠭᠤᠮᠵᠢ ᠬᠠᠷᠢᠨ ᠬᠡᠳᠡᠷᠬᠦ ᠠᠴᠠ ᠥᠰᠬᠦ ᠶᠤᠮ᠃       3.ᠬᠠᠮᠢᠶᠠᠷᠣᠯᠳᠡ ᠶᠢᠨ ᠵᠬᠠᠪᠣᠷ ᠤᠨ ᠬᠤᠪᠢᠷᠠᠯᠳᠡ       ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ ᠶᠢ ᠦᠭᠡᠶᠢᠰᠭᠡᠵᠦ᠂ ︽ᠣᠷᠢᠨ ᠲᠣᠮᠢᠯᠠᠬᠤ ᠲᠥᠷᠢᠮ︾ ᠪᠣᠶᠣ ︽ᠭᠡᠷ᠎ᠡ ᠶᠢᠨ ᠲᠥᠷᠢᠮ︾ ᠢ ᠬᠡᠷᠡᠭᠵᠢᠬᠦᠯᠵᠦ᠂ ᠦᠨᠡᠨ ᠬᠦ ᠴᠢᠳᠠᠪᠦᠷᠢ ᠳᠠᠭᠠᠨ ᠲᠦᠰᠢᠭᠯᠡᠬᠦ ᠴᠠᠭ ᠦᠶ᠎ᠡ ᠬᠦᠷᠴᠦ ᠢᠷᠡᠭᠰᠡᠨ ᠪᠠᠶᠢᠨ᠎ᠠ᠃ ᠴᠢᠳᠠᠪᠦᠷᠢ ᠲᠠᠢ ᠬᠦᠮᠦᠰ ᠲᠤ ᠠᠪᠴᠦ ᠬᠡᠯᠡᠪᠡᠯ ᠡᠨᠡ ᠨᠢ ᠨᠡᠩ ᠠᠰᠢᠨᠨᠳᠡᠢ ᠪᠣᠯᠵᠦ᠂ ᠦᠨᠳᠣᠷ ᠴᠠᠯᠢᠩ ᠣᠯᠬᠤ ᠳᠤ ᠠᠮᠠᠷᠬᠠᠨ ᠪᠣᠯᠣᠨᠨᠰᠠᠨ ᠶᠣᠮᠪᠣᠶᠢᠭ᠃        4. ᠮᠡᠷᠭᠡᠵᠢᠯ ᠤᠨ ᠴᠣᠯᠠ ᠶᠢᠨ ᠬᠤᠪᠢᠷᠠᠯᠳᠡ        ᠦᠩᠭᠡᠷᠡᠭᠰᠡᠨ ᠳᠤ ᠮᠡᠷᠭᠡᠵᠢᠯ ᠤᠨ ᠴᠣᠯᠠ ᠨᠢ ᠬᠡᠳᠦᠢ ᠦᠨᠳᠣᠷ ᠪᠣᠯ ᠴᠠᠯᠢᠩ ᠨᠢ ᠲᠡᠳᠦᠢ ᠦᠨᠳᠣᠷ ᠪᠠᠶᠢᠳᠠᠭ᠃ ᠪᠠᠭᠰᠢ ᠶᠢᠨ ᠠᠵᠢᠯ ᠮᠡᠷᠭᠡᠵᠢᠯ ᠤᠨ ᠴᠣᠯᠠ ᠨᠢ ᠴᠡᠯᠢᠩ ᠢ ᠦᠨᠡᠯᠡᠨ ᠲᠣᠨᠨᠳᠠᠭᠠᠬᠤ ᠴᠣᠷ ᠤᠨ ᠭᠠᠭᠴᠠ ᠪᠠᠷᠢᠮᠵᠢᠶ᠎ᠠ ᠪᠢᠰᠢ ᠪᠣᠯᠵᠦ᠂ ᠪᠠᠭᠰᠢ ᠶᠢᠨ ᠮᠣᠷᠡᠯ᠂ ᠴᠢᠳᠠᠪᠦᠷᠢ ᠶᠢ ᠪᠠᠰᠠ ᠬᠡᠮᠵᠢᠬᠦ ᠪᠣᠯᠵᠦ᠂ ᠦᠨᠳᠣᠰᠣᠨ ᠱᠠᠳᠣᠨ ᠤ ᠰᠢᠯᠢᠳᠡᠭ ᠪᠠᠭᠰᠢ ᠨᠠᠷ ᠲᠤ ᠨᠡᠩ ᠣᠯᠡᠨ ᠲᠣᠬᠢᠶᠠᠯ ᠣᠯᠭᠤᠵᠠᠢ᠃        5. ᠲᠣᠰᠢᠶᠠᠯ ᠬᠠᠪᠰᠣᠷᠭᠠᠬᠤ ᠪᠣᠶᠣ ᠠᠵᠢᠯ ᠤᠨ ᠪᠠᠶᠢᠷᠢ ᠠᠴᠠ ᠪᠠᠨ ᠰᠠᠯᠵᠦ ᠦᠢᠯᠡᠰ ᠪᠣᠰᠬᠠᠵᠦ ᠪᠣᠯᠣᠨ᠎ᠠ        ᠠᠵᠢᠯ ᠦᠢᠯᠡᠰ ᠤᠨ ᠨᠢᠭᠡᠴᠡ ᠶᠢᠨ ᠠᠵᠢᠯᠳᠡᠳ ᠤᠨ ᠠᠵᠢᠯ ᠤᠨ ᠪᠠᠶᠢᠷᠢ ᠠᠴᠠ ᠪᠠᠨ ᠰᠠᠯᠵᠦ ᠦᠢᠯᠡᠰ ᠪᠣᠰᠬᠠᠬᠤ ᠶᠢ ᠲᠡᠮᠵᠢᠨ᠎ᠡ᠃ ᠭᠡᠬᠦ ᠳᠡᠭᠡᠨ᠂ ᠠᠵᠢᠯ ᠦᠢᠯᠡᠰ ᠤᠨ ᠨᠢᠭᠡᠴᠡ ᠠᠴᠠ ᠨᠢ ᠨᠠᠰᠣᠵᠢᠯ ᠤᠨ ᠲᠠᠭᠠᠳᠬᠠᠯ ᠢ ᠨᠢ ᠦᠷᠬᠦᠯᠵᠢᠯᠡᠨ ᠲᠣᠰᠢᠶᠠᠵᠦ ᠥᠭᠬᠦ ᠮᠦᠷᠳᠡᠬᠡᠨ ᠦᠨᠳᠣᠰᠣᠨ ᠬᠦᠯᠦᠰᠦ ᠣᠯᠭᠤᠮᠵᠢ ᠪᠠᠨ ᠴᠦ᠋ ᠮᠦᠨ ᠬᠦ ᠬᠦᠷᠳᠡᠨ᠎ᠡ᠃                                   ᠢᠷᠡᠯᠳᠡ᠄ ᠦᠪᠦᠷ ᠮᠣᠩᠭᠤᠯ ᠤᠨ ᠡᠳᠣᠷ ᠤᠨ ᠰᠣᠨᠢᠨ                           ᠪᠡᠯᠡᠳᠭᠡᠭᠰᠡᠨ ᠨᠢ᠄  ᠭᠧ ᠲᠣᠸᠠᠨ ᠯᠢᠶᠡᠨ
 
ᠢᠷᠡᠯᠲᠡ᠄ ᠦᠪᠦᠷ ᠮᠣᠩᠭᠤᠯ ᠤᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号