ᠭᠦᠢᠳᠡᠨ ᠰᠢᠯᠢ ᠶᠢᠨ ᠲᠠᠯ᠎ᠠ ᠨᠤᠲᠤᠭ 2019 ᠤᠨ ᠤ ᠵᠢᠭᠤᠯᠴᠢᠯᠠᠯ ᠤᠨ ᠤᠯᠠᠷᠢᠯ ᠢᠶᠠᠨ ᠡᠬᠢᠯᠡᠭᠦᠯᠦᠯ᠎ᠡ
ᠨᠡᠶᠢᠲᠡᠯᠡᠭᠰᠡᠨ ᠴᠠᠭ᠄
2019-05-16
      5 ᠰᠠᠷ᠎ᠠ ᠶᠢᠨ 13 ᠤ ᠡᠳᠦᠷ᠂  ᠭᠦᠢᠳᠡᠨ ᠰᠢᠯᠢ ᠶᠢᠨ ᠲᠠᠯ᠎ᠠ ᠨᠤᠲᠤᠭ 2019 ᠣᠨ ᠤ ᠠᠩᠬᠠᠨ ᠤ ᠪᠦᠯᠦᠭ ᠵᠤᠴᠢᠨ ᠢᠶᠠᠨ ᠤᠭᠲᠤᠨ ᠠᠪᠤᠯ᠎ᠠ  ᠃ ᠭᠤᠸᠠᠩᠳᠦ᠋ᠩ ᠬᠤᠨᠠᠨ᠂ ᠬᠤᠪᠧᠢ᠂ ᠱᠠᠩᠬᠠᠢ ᠵᠡᠷᠭᠡ ᠭᠠᠵᠠᠷ ᠠᠴᠠ ᠢᠷᠡᠭᠰᠡᠨ 700 ᠭᠠᠷᠤᠢ ᠵᠤᠭᠠᠴᠠᠭᠰᠠᠳ ᠲᠠᠯ᠎ᠠ ᠨᠤᠲᠤᠭ ᠤᠨ ᠥᠷᠭᠡᠨ ᠠᠭᠤᠳᠠᠮ ᠪᠠ ᠳᠤᠮᠳᠠᠳᠤ ᠤᠯᠤᠰ ᠤᠨ ᠵᠤᠰᠠᠯᠠᠩ ᠤᠨ ᠲᠥᠪ ᠣᠷᠣᠨ ᠤ ᠷᠢᠳᠢ ᠰᠢᠳᠢ ᠶᠢ  ᠦᠵᠡᠵᠦ ᠰᠤᠨᠢᠷᠬᠠᠭᠰᠠᠨ ᠪᠠᠶᠢᠨ᠎ᠠ  ᠃

   

     ᠬᠤᠯᠠ ᠶᠢᠨ ᠵᠤᠴᠢᠳ ᠮᠠᠨᠢ ᠲᠡᠷᠭᠡᠨ ᠠᠴᠠ ᠪᠠᠭᠤᠮᠠᠭᠴᠠ ᠲᠠᠯ᠎ᠠ ᠨᠤᠲᠤᠭ ᠤᠨ ᠠᠷᠠᠳ ᠲᠦᠮᠡᠨ ᠤ ᠬᠠᠯᠠᠭᠤᠨ

ᠤᠭᠳᠤᠯᠭ᠎ᠠ ᠶᠢ ᠬᠦᠯᠢᠶᠡᠵᠦ᠂ ᠬᠠᠳᠠᠭ ᠪᠠᠷᠢᠨ᠂ ᠬᠤᠨᠳᠠᠭ᠎ᠠ ᠡᠷᠭᠦᠵᠦ᠂ ᠲᠠᠯ᠎ᠠ ᠨᠤᠲᠤᠭ ᠤᠨ ᠠᠷᠠᠳ ᠲᠦᠮᠡᠨ

ᠬᠠᠯᠠᠭᠤᠨ ᠲᠣᠳᠣᠨᠣᠰᠤᠭ ᠪᠠ ᠵᠤᠴᠢᠨᠰᠠᠭ ᠢᠶᠠᠨ ᠢᠯᠡᠳᠬᠡᠵᠦ ᠪᠠᠶᠢᠯ᠎ᠠ᠃ ᠵᠢᠭᠤᠯᠴᠢᠯᠠᠯ ᠤᠨ ᠱᠤᠭᠤᠮ ᠤᠨ

ᠲᠣᠬᠢᠷᠠᠭᠤᠯᠤᠯᠲᠠ ᠶᠣᠰᠣᠭᠠᠷ᠂ 700 ᠭᠠᠷᠤᠶ ᠵᠤᠭᠠᠴᠠᠭᠰᠠᠳ ᠲᠠᠯ᠎ᠠ ᠨᠤᠲᠤᠭ ᠢᠶᠠᠷ ᠲᠣᠭᠤᠷᠢᠨ ᠵᠢᠵᠢᠭ ᠭᠠᠯᠲᠤ

ᠲᠡᠷᠭᠡᠨ ᠳᠤ ᠰᠠᠭᠤᠵᠦ᠂ ᠣᠪᠣᠭ᠎ᠠ ᠳᠠᠬᠢᠬᠤ ᠪᠠ ᠮᠠᠯᠴᠢᠨ ᠠᠶᠢᠯ ᠢᠶᠠᠷ ᠵᠤᠭᠠᠴᠠᠵᠦ ᠪᠠᠭ᠋ᠠᠷᠬᠠᠨ ᠲᠤᠭᠤᠷᠢᠵᠦ᠂

ᠮᠣᠩᠭᠤᠯ ᠦᠨᠳᠦᠰᠦᠲᠡᠨ ᠤ ᠢᠳᠡᠭᠡᠨ ᠤᠮᠳᠠᠭᠠᠨ ᠪᠠ ᠬᠤᠪᠴᠠᠰᠤ ᠵᠠᠰᠠᠯ ᠤᠨ ᠰᠣᠶᠣᠯ ᠢ  ᠪᠡᠶ᠎ᠡ ᠪᠠᠷ ᠢᠶᠠᠨ

ᠤᠶᠢᠯᠭᠠᠭᠰᠠᠨ ᠪᠠᠶᠢᠨ᠎ᠠ  ᠃

 

       ᠭᠤᠸᠠᠩᠳᠦ᠋ᠩ ᠤᠨ ᠵᠤᠭᠠᠴᠠᠭᠴᠢ᠄ ᠥᠷᠭᠡᠨ ᠠᠭᠤᠳᠠᠮ ᠲᠠᠯ᠎ᠠ ᠨᠤᠲᠤᠭ ᠢ ᠬᠠᠷᠠᠭᠠᠳ᠂ ᠡᠬᠡ  ᠤᠯᠤᠰ

 ᠤᠨ ᠠᠭᠤᠤ ᠶᠡᠭᠡ ᠶᠢ ᠬᠠᠷᠠᠯ᠎ᠠ᠂ ᠪᠢᠳᠡ ᠭᠤᠸᠠᠩᠵᠧᠦ ᠠᠴᠠ ᠢᠷᠡᠭᠰᠡᠨ᠂  ᠭᠦᠭᠡᠮᠳᠡᠭ ᠰᠠᠶᠢᠬᠠᠨ ᠲᠠᠯ᠎ᠠ ᠨᠤᠳᠤᠭ᠂

ᠭᠦᠪᠴᠢᠨ ᠬᠠᠩᠭᠠᠢ ᠠᠭᠤᠯᠠ ᠤᠰᠤ ᠶᠢ ᠬᠠᠷᠠᠭᠠᠳ᠂ ᠭᠦᠪᠡᠯᠵᠡᠭᠰᠡᠨ ᠰᠡᠳᠭᠢᠯ ᠮᠢᠨᠢ ᠦᠪᠡᠷ ᠤᠨ ᠡᠷᠭᠡ ᠦᠭᠡᠢ

ᠠᠭᠤᠵᠢᠷᠠᠭᠰᠠᠨ ᠪᠠᠶᠢᠨ᠎ᠠ᠃ ᠮᠠᠨ ᠤ ᠤᠯᠤᠰ ᠪᠣᠯ ᠣᠯᠠᠨ ᠦᠨᠳᠦᠰᠦᠲᠡᠨ ᠲᠠᠢ ᠤᠯᠤᠰ  ᠂ ᠲᠡᠭᠡᠭᠡᠳ ᠮᠠᠨ ᠤ

ᠮᠣᠩᠭᠤᠯ ᠦᠨᠳᠦᠰᠦᠲᠡᠨ ᠴᠦ ᠮᠠᠰᠢ ᠰᠦᠷᠡᠬᠡᠶ ᠭᠡᠳᠡᠭ ᠢ ᠰᠡᠷᠡᠵᠦ  ᠮᠡᠳᠡᠭᠰᠡᠨ ᠡ᠂  ᠮᠡᠳᠡᠭᠡᠵᠢ ᠪᠠᠷ ᠲᠥᠷᠥᠬᠦᠦ

ᠬᠤᠶᠠᠷ ᠵᠢᠯ ᠤᠨ ᠬᠥᠭᠵᠢᠯᠲᠡ ᠮᠠᠰᠢ ᠲᠦᠷᠭᠡᠨ ᠳ᠋ᠠ  ᠂  ᠲᠤᠩ ᠶᠡᠭᠡ ᠬᠥᠭᠵᠢᠯ ᠪᠠᠳᠠᠷᠠᠯ ᠲᠠᠢ  ᠪᠤᠯᠵᠠᠢ᠂  ᠡᠳᠡᠭᠡᠷ

ᠪᠦᠭᠦᠨ ᠢ ᠬᠠᠷᠠᠭᠠᠳ  ᠲᠤᠶᠢᠯ ᠤᠨ ᠶᠡᠭᠡ ᠪᠠᠷ ᠪᠠᠶᠠᠷᠯᠠᠵᠤ ᠪᠠᠢᠨ᠎ᠠ ᠰᠢᠦ ᠭᠡᠯ᠎ᠠ᠃

       ᠣᠳᠣᠬᠠᠨ ᠤ ᠤᠯᠠᠷᠢᠯ ᠳᠤ᠂  ᠭᠦᠢᠳᠡᠨ ᠰᠢᠯᠢ ᠶᠢᠨ ᠲᠠᠯ᠎ᠠ ᠨᠤᠲᠤᠭ ᠨᠢ ᠬᠡᠳᠦ᠋ᠢᠪᠡᠷ ᠬᠦᠮᠤᠰ ᠢ ᠲᠠᠲᠠᠬᠤ

ᠬᠦᠴᠦᠨ ᠢᠶᠠᠨ ᠬᠠᠷᠠᠬᠠᠨ ᠭᠦᠢᠴᠡᠳ ᠢᠯᠡᠷᠡᠭᠦᠯᠦᠭᠡᠳᠦᠶ ᠪᠣᠯᠪᠠᠴᠤ᠂ ᠳᠤᠮᠳᠠᠳᠤ ᠤᠯᠤᠰ ᠤᠨ ᠵᠤᠰᠠᠯᠠᠩ ᠤᠨ ᠲᠥᠪ

ᠣᠷᠣᠨ ᠪᠣᠯᠤᠭᠰᠠᠨ ᠤ ᠬᠤᠪᠢ ᠳᠤ᠂ ᠠᠯᠤᠰ ᠬᠤᠯᠠ ᠶᠢᠨ ᠵᠣᠴᠢᠳ ᠲᠤ ᠮᠥᠨ ᠯᠠ ᠣᠨᠴᠠᠭᠠᠢ ᠨᠢᠭᠡᠨ ᠰᠡᠷᠢᠭᠦᠨ

ᠲᠠᠭᠠᠳᠠᠢ ᠤᠷᠤᠨ  ᠭᠡᠰᠡᠨ ᠰᠠᠭᠤᠨᠨᠳᠡᠯ ᠦᠯᠡᠳᠡᠭᠡᠵᠦ  ᠴᠢᠳᠠᠭᠰᠠᠨ  ᠪᠠᠶᠢᠨ᠎ᠠ᠃ ᠡᠨᠡ ᠬᠦ 700 ᠭᠠᠷᠤᠶ

ᠵᠢᠭᠤᠯᠴᠢᠯᠠᠭᠴᠢ ᠨᠢ ᠴᠦ ᠡᠨᠡ ᠵᠢᠯ ᠤᠨ ᠬᠠᠮᠤᠭ ᠤᠨ ᠡᠷᠲᠡ ᠥᠪᠡᠷᠮᠢᠴᠡ ᠦᠵᠡᠮᠵᠢ ᠪᠠᠶᠢᠳᠠᠯ ᠢ ᠰᠤᠨᠢᠷᠬᠠᠭᠰᠠᠨ

ᠵᠢᠭᠤᠯᠴᠢᠯᠠᠭᠴᠢ  ᠪᠤᠯᠤᠭᠰᠠᠨ ᠪᠠᠶᠢᠨ᠎ᠠ᠃

        ᠵᠠᠮᠴᠢᠯᠠᠭᠴᠢ᠄ ᠵᠣᠭᠠᠴᠬᠠᠴᠢ ᠮᠠᠨᠢ ᠭᠤᠸᠠᠩᠳᠦ᠋ᠩ ᠠᠴᠠ ᠢᠷᠡᠭᠰᠡᠨ᠂ ᠪᠠᠷᠤᠭ 300 ᠭᠠᠷᠤᠶ ᠬᠥᠮᠥᠨ  

ᠪᠠᠶᠢᠨ᠎ᠠ  ᠂  ᠡᠨᠡ ᠨᠢ ᠲᠡᠳᠡᠨ ᠤ ᠳᠥᠷᠪᠡᠳᠦᠭᠡᠷ ᠥᠷᠲᠡᠭᠡ ᠪᠣᠯᠤᠨ᠎ᠠ᠂  ᠭᠦᠢᠳᠡᠨ ᠰᠢᠯᠢ ᠲᠠᠯ᠎ᠠ ᠨᠤᠲᠤᠭ ᠲᠤ

ᠢᠷᠡᠭᠰᠡᠨ ᠨᠢ ᠭᠤᠤᠯᠳᠠᠭᠤ ᠬᠦᠢᠳᠡᠨ ᠰᠢᠯᠢ ᠶᠢᠨ ᠲᠠᠯ᠎ᠠ ᠨᠤᠲᠤᠭ ᠨᠢ ᠥᠪᠥᠷ ᠮᠣᠩᠭᠤᠯ ᠳᠤ ᠠᠪᠴᠦ ᠭᠡᠯᠡᠪᠡᠯ

ᠦᠩᠭᠡ‌ᠦᠵᠡᠮᠵᠢ ᠪᠠᠷ ᠢᠶᠠᠨ  ᠰᠠᠶᠢᠬᠠᠨ ᠭᠡᠵᠦ ᠠᠯᠳᠠᠷᠰᠢᠭᠰᠠᠨ ᠰᠢᠦ ᠳ᠋ᠠ᠂ ᠡᠶᠢᠮᠦ ᠠᠴᠠ ᠮᠠᠨ ᠤ ᠭᠤᠸᠠᠩᠳᠦ᠋ᠩ

 ᠤᠨ  ᠵᠤᠴᠢᠳ ᠡᠨᠡ ᠵᠢᠯ  ᠢᠷᠡᠭᠰᠡᠨ ᠨᠢ ᠡᠨᠡ ᠪᠢᠯᠡ᠂  ᠵᠠᠷᠢᠮ ᠨᠢ ᠨᠢᠳᠤᠨᠤᠨ ᠵᠢᠯ ᠴᠦ ᠢᠷᠡᠵᠦ ᠪᠠᠶᠢᠭᠰᠠᠨ

ᠪᠠᠶᠢᠨ᠎ᠠ᠂  ᠵᠢᠯ ᠪᠦᠷᠢ ᠲᠠᠯ᠎ᠠ ᠨᠤᠲᠤᠭ ᠢᠶᠠᠷ ᠵᠤᠭᠠᠴᠠᠳᠠᠭ ᠪᠢᠯᠡ᠃

       ︽ᠬᠦᠢᠳᠡᠨ ᠰᠢᠯᠢ︾ ᠭᠡᠳᠡᠭ ᠮᠣᠩᠭᠤᠯ ᠦᠭᠡ ᠨᠢ ︽ᠬᠠᠬᠢᠷ ᠬᠦᠢᠲᠡᠨ ᠠᠭᠤᠯᠠ ᠨᠢᠷᠤᠭᠤ︾ ᠭᠡᠳᠡᠭ

ᠤᠳᠬ᠎ᠠ ᠲᠠᠢ᠂ ᠳᠡᠯᠡᠬᠡᠶ ᠶᠢᠨ ᠭᠤᠷᠪᠠᠨ ᠶᠡᠭᠡ ᠥᠨᠳᠥᠷ ᠠᠭᠤᠯᠠ ᠶᠢᠨ ᠲᠠᠯ᠎ᠠ ᠨᠤᠲᠤᠭ ᠤᠨ ᠨᠢᠭᠡ ᠨᠢ ᠪᠢᠯᠡ᠂

ᠳᠡᠯᠡᠬᠡᠶ ᠳᠡᠭᠡᠷ᠎ᠡ ᠬᠤᠪᠣᠷ ᠪᠠᠶᠢᠳᠠᠭ ᠬᠠᠮᠠᠭᠠᠯᠠᠯᠲᠠ ᠶᠢᠨ ᠴᠢᠨᠠᠷ ᠢᠶᠠᠷ ᠨᠡᠯᠢᠶᠡᠳ ᠰᠠᠶᠢᠨ ᠦᠨᠳᠦᠷᠯᠢᠭ ᠨᠤᠭᠤ ᠲᠠᠯ᠎ᠠ

ᠭᠠᠵᠠᠷ ᠪᠣᠯᠤᠨ᠎ᠠ  ᠂ ᠳᠤᠮᠳᠠᠳᠤ ᠤᠯᠤᠰ ᠤᠨ ᠭᠠᠵᠠᠷ ᠤᠨ ᠪᠠᠶᠢᠴᠠ ᠪᠠᠷ ᠬᠠᠮᠤᠭ ᠤᠨ ᠣᠨᠴᠠᠭᠠᠢ᠂ ᠦᠵᠡᠮᠵᠢ ᠪᠠᠷ

ᠬᠠᠮᠤᠭ ᠤᠨ ᠪᠠᠶᠠᠯᠢᠭ ᠶᠡᠭᠡ ᠬᠡᠭᠡᠷ᠎ᠡ ᠲᠠᠯ᠎ᠠ ᠪᠣᠯᠤᠨ᠎ᠠ᠂ ᠮᠦᠨ ᠴᠣ᠋ ᠳᠤᠮᠳᠠᠳᠤ ᠤᠯᠤᠰ ᠤᠨ ᠬᠠᠮᠤᠭ ᠤᠨ ᠰᠠᠶᠢᠨ

ᠨᠤᠲᠤᠭ ᠪᠡᠯᠴᠢᠭᠡᠷ ᠤᠨ ᠵᠤᠰᠠᠯᠠᠩ ᠤᠨ ᠨᠢᠭᠡ ᠪᠣᠯᠬᠤ ᠪᠥᠭᠡᠳ ᠪᠡᠭᠡᠵᠢᠩ ᠠᠴᠠ ᠬᠠᠮᠤᠭ ᠤᠨ ᠤᠶᠢᠷᠠᠬᠠᠨ ᠥᠪᠥᠷ

ᠮᠣᠩᠭᠤᠯ ᠤᠨ ᠲᠠᠯ᠎ᠠ ᠨᠤᠲᠤᠭ ᠪᠣᠯᠤᠨ᠎ᠠ᠃

 

                       ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                    ᠬᠠᠮ ᠵᠠᠭᠤᠴᠢᠯᠠᠭᠤᠷ ᠤᠨ ᠲᠥᠪ

                      ᠣᠷᠴᠢᠭᠤᠯᠣᠨᠨᠴᠢ᠄ ᠬᠠᠶᠢᠷᠬᠠᠨ

                      ᠬᠠᠷᠢᠭᠤᠴᠬᠠᠰᠠᠨ ᠨᠠᠶᠢᠷᠠᠭᠤᠯᠤᠨᠨᠴᠢ᠄ ᠭᠧ ᠲᠤᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号