ᠬᠦᠢᠳᠡᠨ ᠰᠢᠯᠢ
ᠨᠡᠶᠢᠲᠡᠯᠡᠭᠰᠡᠨ ᠴᠠᠭ᠄
2019-05-16
                     ᠬᠦᠢᠳᠡᠨ ᠰᠢᠯᠢ         ᠵᠡᠭᠦᠨ ᠠᠴᠠ ᠪᠠᠷᠠᠭᠤᠨᠰᠢ ᠴᠢᠭᠯᠡᠯ ᠲᠠᠢ᠃ ᠪᠠᠷᠠᠭᠤᠨᠰᠢ ᠲᠠᠯᠠᠨ ᠬᠠᠷ᠎ᠡ ᠠᠭᠤᠯᠠ ᠲᠤᠯᠵᠦ᠂ ᠵᠡᠭᠦᠨᠰᠢ ᠶᠡᠭᠡ ᠮᠠ ᠴᠢᠣᠸᠠᠨ ᠱᠠᠨ ᠠᠭᠤᠯᠠ ᠲᠠᠢ ᠵᠠᠯᠭᠠᠯᠳᠣᠵᠦ᠂ ᠵᠦᠸᠧᠽᠢ ᠱᠠᠨ ᠠᠭᠤᠯᠠ ᠲᠠᠢ ᠵᠠᠯᠭᠠᠯᠳᠣᠵᠦ᠂ ᠵᠦᠸᠧᠽᠢ ᠰᠢᠶᠡᠨ᠂ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤ ᠬᠢᠭᠡᠳ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤ ᠵᠡᠷᠭᠡ ᠲᠥᠷᠪᠡᠨ ᠬᠤᠰᠢᠭᠤ ᠰᠢᠶᠡᠨ ᠤ ᠲᠣᠮᠳᠡ ᠪᠠᠶᠢᠳᠠᠭ᠃ ᠵᠡᠭᠦᠨ ᠠᠴᠠ ᠪᠠᠷᠠᠭᠤᠨᠰᠢ 100 ᠭᠠᠷᠣᠢ ᠺᠢᠯᠣᠮᠧᠲᠷ ᠣᠷᠳᠣ᠂ ᠡᠮᠦᠨ᠎ᠡ ᠠᠴᠠ ᠣᠮᠠᠷᠠᠰᠢ 20 ᠺᠢᠯᠣᠮᠧᠲᠷ ᠥᠷᠭᠡᠨ ᠪᠠᠶᠢᠳᠠᠭ᠃ ᠲᠠᠯᠠᠢ ᠶᠢᠨ ᠲᠦᠪᠰᠢᠨ ᠠᠴᠠ 1500 ᠮᠧᠲᠷ ᠥᠨᠳᠣᠷ᠂ ᠨᠣᠶᠡᠨ ᠣᠷᠬᠢᠯ ᠨᠢ ᠲᠠᠯᠠᠢ ᠶᠢᠨ ᠲᠦᠪᠰᠢᠨ ᠠᠴᠠ 2113 ᠮᠧᠲᠷ ᠦᠨᠳᠣᠷ ᠪᠠᠶᠢᠳᠠᠭ᠃ ᠡᠪᠦᠯ ᠳᠡᠭᠡᠨ ᠬᠠᠬᠢᠷ ᠬᠦᠢᠳᠡᠨ᠂ ᠬᠠᠮᠤᠭ ᠲᠤᠤᠷ᠎ᠡ ᠲᠣᠯᠠᠭᠠᠨ ᠤ ᠬᠡᠮᠵᠢᠶ᠎ᠡ ᠨᠢ -38 ᠭᠷᠡᠳᠦ᠋ᠰ ᠣᠷᠴᠢᠮ᠂ ᠭᠠᠵᠡᠷ ᠨᠢ ᠠᠭᠤᠳᠡᠮ ᠲᠡᠨᠢᠭᠡᠷ᠂ ᠬᠦᠮᠦᠨ ᠠᠮᠠ ᠴᠦᠬᠡᠨ᠂ ᠠᠶᠢᠯ ᠲᠣᠰᠬᠤᠨ ᠰᠡᠶᠢᠷᠡᠭ᠂ ᠭᠡᠪᠡᠴᠦ ᠣᠰᠦ ᠪᠡᠯᠴᠢᠭᠡᠷ ᠨᠢ ᠪᠠᠶᠠᠨ ᠲᠠᠩᠰᠤᠭ ᠦᠡᠭ ᠰᠢᠮᠡᠯᠢᠭ᠃ ᠰᠢᠷ᠎ᠠ ᠠᠯᠳᠡ᠂ ᠰᠢᠷᠪᠦᠰᠦᠨ ᠴᠢᠯᠠᠭᠤ᠂ ᠪᠠᠷᠢᠯᠭ᠎ᠠ ᠶᠢᠨ ᠮᠠᠲ᠋ᠧᠷᠢᠶᠠᠯ ᠵᠢᠴᠢ ᠠᠭᠤᠷᠬᠠᠢ ᠪᠣᠯᠬᠠᠳᠠᠴᠡ ᠶᠢᠨ ᠡᠬᠢ ᠪᠠᠶᠠᠯᠢᠭ ᠢᠶᠠᠷ ᠡᠯᠪᠡᠭ᠃ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤ ᠨᠢ ᠬᠦᠢᠳᠡᠨ ᠰᠢᠯᠢ ᠳᠤ ᠨᠢᠭᠡᠨᠳᠡ ᠵᠣᠭᠠᠴᠡᠯ ᠤᠨ ᠦᠢᠯᠡᠰ ᠢ ᠨᠡᠭᠡᠭᠡᠨ ᠬᠦᠭᠵᠢᠬᠦᠯᠵᠦ᠂ ᠵᠤᠨ ᠤ ᠣᠯᠠᠷᠢᠯ ᠤᠨ ᠵᠣᠭᠠᠴᠡᠯ ᠪᠠ ᠵᠣᠰᠠᠯᠠᠩ ᠤᠨ ᠰᠠᠶᠢᠬᠠᠨ ᠭᠠᠵᠡᠷ ᠪᠣᠯᠪᠠ᠃

       

       

   

       

                 ᠢᠷᠡᠯᠳᠡ᠄  ᠴᠠᠬᠠᠷ ᠪᠠᠷᠠᠭᠤᠨ ᠭᠠᠷᠤᠨ ᠡᠮᠦᠨᠡᠳᠣ ᠬᠤᠰᠢᠭᠤᠨ ᠤ

                             ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ

                 ᠪᠡᠯᠡᠳᠭᠡᠭᠰᠡᠨ ᠨᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠡᠮᠦᠨᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号