ᠬᠦᠮᠦᠰ ᠤᠨ ᠴᠡᠭᠡᠵᠢᠯᠡᠬᠦ ᠴᠢᠳᠠᠪᠦᠷᠢ ᠪᠠᠨ ᠲᠡᠭᠡᠭᠰᠢᠯᠡᠬᠦᠯᠬᠦ ᠠᠷᠪᠠᠨ ᠲᠠᠪᠣᠨ ᠠᠷᠭ᠎ᠠ
ᠨᠡᠶᠢᠲᠡᠯᠡᠭᠰᠡᠨ ᠴᠠᠭ᠄
2019-05-16
1.ᠰᠡᠳᠬᠢᠯ ᠠᠭᠤᠵᠢᠭᠤ ᠰᠠᠨᠠᠭ᠎ᠠ ᠲᠠᠯᠪᠢᠭᠤ ᠪᠠᠶᠢᠵᠦ᠂ ᠶᠠᠭᠤᠨ ᠤ ᠡᠮᠦᠨ᠎ᠡ ᠶᠡᠭᠡ ᠲᠠᠷᠢᠬᠢ ᠪᠠᠨ ᠨᠠᠮ ᠲᠣᠨᠨᠳᠠᠭᠤᠨ ᠪᠠᠶᠢᠯᠭᠠᠬᠤ ᠬᠡᠷᠡᠭᠳᠡᠢ᠃2.ᠶᠠᠳᠠᠷᠠᠬᠤ ᠨᠢ  ᠶᠡᠭᠡ ᠲᠠᠷᠢᠬᠢᠨ ᠤ ᠠᠵᠢᠯᠯᠠᠬᠤ ᠥᠷ᠎ᠡ ᠪᠦᠳᠣᠮᠵᠢ ᠶᠢ ᠪᠠᠭᠤᠷᠠᠭᠤᠯᠳᠠᠭ ᠲᠤᠯᠠ ᠠᠵᠢᠯᠯᠠᠵᠦ ᠠᠮᠠᠷᠠᠬᠤ ᠪᠠᠨ ᠲᠡᠩᠴᠡᠬᠦᠯᠬᠦ ᠶᠢ ᠠᠩᠬᠠᠷᠬᠤ ᠬᠡᠷᠡᠭᠳᠡᠢ᠃3.ᠶᠡᠮᠡᠷ ᠨᠢᠭᠡ ᠶᠠᠭᠤᠮ᠎ᠠ ᠶᠢ ᠵᠣᠷᠢᠯᠭ᠎ᠠ ᠲᠠᠢ ᠴᠡᠭᠡᠵᠢᠯᠡᠬᠦ ᠳᠡᠭᠡᠨ᠂ ᠪᠢ ᠲᠡᠭᠦᠨ ᠢ ︽ᠯᠠᠪᠳᠡᠢ ᠴᠡᠭᠡᠵᠢᠯᠡᠵᠦ ᠲᠡᠶᠢᠯᠦᠨ᠎ᠡ︾ ᠬᠡᠰᠡᠨ ᠢᠲᠡᠭᠡᠯ ᠲᠠᠢ ᠪᠠᠶᠢᠬᠤ ᠬᠡᠷᠡᠭᠳᠡᠢ᠃4.ᠦᠪᠡᠷ ᠤᠨ ᠣᠷᠮ᠎ᠠ ᠪᠠᠬ᠎ᠠ ᠪᠠᠨ ᠲᠠᠶᠢᠴᠢᠯᠠᠨ᠂ ᠣᠨᠴᠠᠯᠢᠭ ᠲᠠᠭᠠᠨ ᠲᠣᠬᠢᠷᠬᠠᠰᠠᠨ ᠠᠷᠭ᠎ᠠ ᠶᠢ ᠡᠷᠢᠵᠦ ᠣᠯᠬᠤ ᠬᠡᠷᠡᠭᠳᠡᠢ᠃5.ᠴᠡᠭᠡᠵᠢᠯᠡᠬᠦ ᠠᠭᠤᠯᠭ᠎ᠠ ᠲᠦᠷᠦᠯ ᠵᠦᠢᠯ ᠳᠡᠭᠡᠨ ᠣᠷᠮ᠎ᠠ ᠪᠠᠬ᠎ᠠ ᠲᠠᠢ᠂ ᠬᠠᠶᠢᠯᠳᠡ ᠰᠦᠪᠡᠭᠴᠢᠯᠡᠯᠳᠡ ᠲᠠᠢ ᠪᠠᠶᠢᠬᠤ ᠬᠡᠷᠡᠭᠳᠡᠢ᠃6.ᠪᠡᠶ᠎ᠡ ᠪᠠᠨ ᠲᠡᠶᠢᠯᠬᠦ ᠬᠠᠲᠠᠭᠤ ᠰᠡᠳᠬᠢᠯᠭᠡ᠂ ᠪᠣᠰᠣᠳ ᠠᠴᠠ ᠬᠤᠴᠣᠷᠬᠤ ᠦᠭᠡᠢ ᠪᠠᠶᠢᠬᠤ ᠢᠳᠡᠭᠡᠯᠡᠭ ᠵᠣᠷᠢᠭ ᠪᠠᠶᠢᠬᠤ ᠬᠡᠷᠡᠭᠳᠡᠢ᠃7.ᠴᠡᠭᠡᠵᠢᠯᠡᠬᠦ ᠵᠦᠢᠯ ᠤᠨ ᠢᠶᠠᠨ ᠤᠳᠬ᠎ᠠ ᠰᠠᠨᠠᠭ᠎ᠠ ᠶᠢ ᠣᠶᠢᠯᠠᠭᠠᠨ᠂ ᠪᠠᠶᠡᠷ ᠪᠠᠶᠠᠰᠣᠯᠲᠦ ᠣᠴᠢᠷ ᠶᠠᠪᠣᠳᠡᠯ ᠲᠠᠢ ᠪᠠᠨ ᠬᠤᠯᠪᠤᠨᠨᠳᠠᠭᠤᠯᠤᠨ ᠴᠡᠭᠡᠵᠢᠯᠡᠬᠦ ᠬᠡᠷᠡᠭᠳᠡᠢ᠃8.ᠰᠡᠳᠡᠯᠳᠡ ᠨᠢ ᠶᠡᠭᠡ ᠲᠠᠷᠢᠬᠢᠨ ᠤ ᠡᠰ ᠢ ᠵᠠᠯᠠᠷᠠᠭᠤᠯᠬᠤ ᠮᠦᠷᠳᠡᠬᠡᠨ ᠬᠤᠷᠴᠡ ᠰᠣᠷᠭᠤᠭ ᠪᠣᠯᠭᠠᠳᠠᠭ ᠢ ᠣᠶᠢᠯᠠᠭᠠᠵᠦ ᠡᠵᠡᠮᠰᠢᠬᠦ ᠬᠡᠷᠡᠭᠳᠡᠢ᠃9.ᠪᠣᠳᠡᠳᠡᠢ ᠵᠦᠢᠯ ᠢ ᠨᠠᠷᠢᠨ ᠨᠢᠮᠪᠠᠢ ᠠᠩᠬᠠᠷᠴᠦ ᠵᠢᠰᠦᠯᠡᠬᠦ ᠨᠢ ᠲᠠᠷᠢᠬᠢ ᠲᠣᠯᠣᠭᠠᠢ ᠳᠠᠭᠠᠨ ᠵᠢᠷᠣᠨᠨᠯᠠᠨ ᠴᠡᠭᠡᠵᠢᠯᠡᠬᠦ ᠳᠤ ᠮᠠᠰᠢ ᠰᠠᠶᠢᠨ ᠲᠣᠰᠠᠯᠠᠮᠵᠢ ᠪᠣᠯᠳᠠᠭ᠃10.ᠴᠡᠭᠡᠵᠢᠯᠡᠭᠳᠡᠬᠦ ᠡᠳᠡᠭᠡᠳ ᠲᠡᠭᠡᠨ ᠨᠠᠷᠢᠨ ᠨᠢᠮᠪᠠᠢ᠂ ᠪᠦᠷᠢᠨ ᠭᠦᠢᠴᠡᠳ ᠣᠶᠢᠯᠠᠭᠠᠯᠳᠡ ᠲᠠᠢ ᠪᠠᠶᠢᠬᠤ ᠬᠡᠷᠡᠭᠳᠡᠢ᠃11.ᠴᠡᠭᠡᠵᠢᠯᠡᠬᠦ ᠵᠦᠢᠯ ᠢᠶᠠᠨ ᠲᠦᠷᠰᠦᠯᠢᠭ ᠰᠡᠳᠬᠢᠬᠦᠢ ᠪᠠᠷ ᠪᠣᠳᠠᠳᠠᠶᠢᠵᠢᠭᠤᠯᠣᠨ ᠰᠡᠳᠬᠢᠵᠦ᠂ ᠮᠡᠳᠡᠵᠦ ᠲᠠᠨᠢᠬᠤ ᠵᠦᠢ ᠲᠠᠢ ᠪᠠᠨ ᠬᠤᠯᠪᠤᠨᠨᠳᠠᠭᠤᠯᠣᠨ ᠪᠣᠳᠣᠵᠦ ᠴᠡᠭᠡᠵᠢᠯᠡᠬᠦ ᠬᠡᠷᠡᠭᠳᠡᠢ᠃12.ᠣᠨᠴᠠᠭᠠᠢ ᠴᠢᠭ ᠲᠡᠮᠳᠡᠭ ᠤᠨ ᠠᠷᠭ᠎ᠠ ᠪᠠᠷ ᠲᠡᠮᠳᠡᠭᠯᠡᠨ ᠴᠡᠭᠡᠵᠢᠯᠡᠬᠦ ᠬᠡᠷᠡᠭᠳᠡᠢ᠃13.ᠴᠡᠭᠡᠵᠢᠯᠡᠬᠦ ᠵᠦᠢᠯ ᠤᠨ ᠵᠣᠬᠢᠰᠳᠡᠢ ᠪᠠᠷ ᠰᠠᠯᠭᠠᠨ ᠬᠤᠪᠢᠶᠠᠵᠦ ᠴᠡᠭᠡᠵᠢᠯᠡᠬᠦ ᠨᠢ ᠲᠦᠪᠯᠡᠷᠡᠬᠦᠯᠦᠨ ᠴᠡᠭᠡᠵᠢᠯᠡᠬᠦ ᠠᠴᠠ ᠲᠦᠭᠦᠮ ᠪᠠᠶᠢᠳᠠᠭ᠃14.ᠬᠠᠷᠢᠯᠴᠠᠨ ᠬᠤᠯᠪᠤᠨᠨᠳᠡᠯ ᠦᠭᠡᠢ ᠵᠦᠢᠯ ᠤᠨ ᠠᠮᠠᠨ ᠣᠩᠰᠢᠯᠭ᠎ᠠ ᠪᠣᠯᠭᠠᠨ ᠨᠠᠶᠢᠷᠠᠭᠤᠯᠵᠦ ᠪᠠᠶᠢᠭᠠᠳ ᠴᠡᠭᠡᠵᠢᠯᠡᠪᠡᠯ ᠬᠢᠯᠪᠡᠷ ᠪᠠᠶᠢᠳᠠᠭ᠃ 15.ᠪᠡᠶ᠎ᠡ ᠶᠢᠨ ᠡᠯ᠎ᠡ ᠡᠳᠡᠭᠡᠳ ᠢᠶᠠᠨ ᠲᠠᠶᠢᠴᠢᠯᠡᠨ ᠣᠨᠴᠠᠯᠢᠭ ᠲᠠᠭᠠᠨ ᠲᠣᠬᠢᠷᠬᠠᠰᠠᠨ ᠣᠷᠣᠨ ᠪᠠᠶᠢᠷᠢ᠂ ᠴᠠᠭ ᠢ ᠰᠣᠩᠭᠤᠨ ᠴᠡᠭᠡᠵᠢᠯᠡᠬᠦ ᠬᠡᠷᠡᠭᠳᠡᠢ᠃                              ᠢᠷᠡᠯᠳᠡ᠄ ᠪᠠᠶᠠᠨᠨᠠᠭᠤᠷ ᠮᠣᠩᠭᠤᠯ ᠰᠦᠯᠵᠢᠶ᠎ᠡ                          ᠪᠡᠯᠡᠳᠭᠡᠭᠰᠡᠨ ᠨᠢ᠄  ᠭᠧ ᠲᠣᠸᠠᠨ ᠯᠢᠶᠡᠨ
 
ᠢᠷᠡᠯᠲᠡ᠄ ᠪᠠᠶᠠᠨᠨᠠᠭᠤᠷ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号