ᠲᠥᠪ ᠷᠠᠳᠢᠤ᠋ ᠶᠢᠨ ᠮᠡᠳᠡᠭᠡ᠄ ᠶᠡᠷᠦᠩᠬᠡᠢ ᠱᠦᠵᠢ ᠰᠢ ᠶᠢᠨ ᠫᠢᠩ ᠤᠨ ᠲᠤᠮᠲᠠᠲᠤ ᠤᠯᠤᠰ ᠤᠨ ᠨᠡᠷᠡᠲᠤ | ᠲᠡᠮᠳᠡᠭ ᠤᠨ ᠪᠠᠶᠢᠭᠤᠯᠤᠯᠲᠠ ᠶᠢᠨ ︽ᠭᠤᠷᠪᠠ ᠶᠢ ᠬᠤᠪᠢᠷᠠᠭᠤᠯᠬᠤ︾ ᠲᠤᠬᠠᠢ ᠴᠢᠬᠤᠯᠠ ᠦᠬᠦᠯᠡᠯᠲᠡ ᠶᠢ | ᠲᠤᠷᠠᠳᠤᠭᠰᠠᠨ ᠤ ᠲᠠᠪᠤᠨ ᠵᠢᠯ ᠤᠨ ᠣᠢ ᠪᠠᠷ ᠠᠷᠪᠠᠨ ᠤ ᠡᠳᠦᠷ ᠮᠢᠩᠭ᠎ᠠ ᠭᠠᠷᠦᠢ ᠭᠡᠰᠢᠭᠦᠨ ᠪᠠᠶᠢᠭᠤᠯᠭ᠎ᠠ | ᠣᠷᠤᠯᠴᠠᠭᠰᠠᠨ ᠨᠡᠷᠡᠲᠤ ᠲᠡᠮᠳᠡᠭ ᠢᠶᠠᠷ ᠤᠯᠤᠰ ᠢᠶᠠᠨ ᠬᠦᠴᠦᠷᠬᠡᠭᠵᠢᠬᠦᠯᠬᠦ ᠪᠠᠶᠢᠯᠳᠤᠬᠤ ᠪᠣᠳᠤᠯᠭ᠎ᠠ ᠶᠢᠨ ᠬᠤᠯᠪᠣᠭ᠎ᠠ | ᠪᠡᠭᠡᠵᠢᠩ ᠳᠤ ᠪᠠᠶᠢᠭᠤᠯᠤᠭᠳᠠᠵᠤ ︽ᠲᠤᠮᠲᠠᠲᠤ ᠤᠯᠤᠰ ᠤᠨ ᠨᠡᠷᠡᠲᠤ ᠲᠡᠮᠳᠡᠭ ᠤᠨ ᠬᠦᠴᠦᠷᠬᠡᠭ ᠤᠯᠤᠰ ᠪᠣᠯᠭᠠᠬᠤ | ᠦᠪᠡᠳᠡᠭᠰᠢ ᠶᠣᠰᠤᠯᠠᠯ︾ ᠵᠡᠷᠬᠡ ᠪᠠᠷ ᠡᠬᠢᠯᠡᠭᠰᠡᠨ ᠪᠠᠶᠢᠨ᠎ᠠ᠃ | ᠲᠥᠪ ᠤᠨ ᠷᠠᠳᠢᠤ᠋ ᠲᠧᠯᠸᠢᠰ ᠤᠨ ᠶᠡᠷᠦᠩᠬᠡᠢ ᠬᠤᠷᠢᠶᠠᠨ ᠤ ᠰᠠᠨᠠᠭᠠᠴᠢᠯᠠᠨ ᠡᠬᠢᠯᠡᠭᠦᠯᠦᠭᠰᠡᠨ ᠨᠡᠷᠡᠲᠤ | ᠲᠡᠮᠳᠡᠭ ᠢᠶᠠᠷ ᠣᠯᠣᠰ ᠢᠶᠠᠨ ᠬᠦᠴᠦᠷᠬᠡᠭᠵᠢᠭᠦᠯᠭᠦ ᠪᠠᠶᠢᠯᠳᠤᠬᠤ ᠪᠣᠳᠤᠯᠭ᠎ᠠ ᠶᠢᠨ ᠬᠤᠯᠪᠤᠭ᠎ᠠ ᠳᠤ ᠲᠥᠪ ᠤᠨ ᠶᠠᠮᠤᠨ | ᠬᠡᠯᠳᠡᠰ᠂ ᠣᠷᠤᠨ ᠨᠤᠲᠤᠭ ᠤᠨ ᠵᠠᠰᠠᠭ ᠤᠨ ᠣᠷᠳᠤᠨ᠂ ᠨᠡᠷᠡᠲᠤ ᠲᠡᠮᠳᠡᠭ ᠲᠠᠢ ᠠᠵᠤ ᠠᠬᠤᠶᠢᠯᠠᠯ᠂ ᠶᠡᠭᠡ ᠳᠡᠭᠡᠲᠤ | ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ᠂ ᠠᠵᠢᠯ ᠲᠦᠷᠦᠯ ᠤᠨ ᠨᠡᠶᠢᠭᠡᠮᠯᠢᠭ᠂ ᠠᠵᠢᠯ ᠲᠦᠷᠦᠯ ᠤᠨ ᠡᠷᠳᠡᠮᠲᠡᠨ | ᠮᠡᠷᠭᠡᠳ ᠵᠡᠷᠭᠡ ᠶᠢ ᠪᠠᠭᠲᠠᠭᠠᠵᠤ ᠠᠩᠬᠠᠨ ᠤ ᠬᠤᠭᠤᠴᠠᠭᠠᠨ ᠳᠤ1200 ᠭᠠᠷᠤᠢ ᠬᠡᠰᠢᠭᠦᠨ ᠪᠠᠶᠢᠭᠤᠯᠭ᠎ᠠ ᠪᠠᠭᠲᠠᠭᠰᠠᠨ | ᠪᠠᠶᠢᠨ᠎ᠠ᠃ | 2017ᠣᠨ ᠠᠴᠠ ᠡᠬᠢᠯᠡᠭᠡᠳ ᠲᠠᠪᠤᠳᠤᠭᠠᠷ ᠰᠠᠷ᠎ᠠ ᠶᠢᠨ10 ᠤ ᠡᠳᠦᠷ ᠢ ︽ᠲᠤᠮᠲᠠᠲᠤ ᠤᠯᠤᠰ ᠤᠨ ᠨᠡᠷᠡᠲᠤ | ᠲᠡᠮᠳᠡᠭ ᠤᠨ ᠡᠳᠦᠷ︾ ᠪᠣᠯᠭᠠᠨ᠂ ᠮᠠᠨ ᠤ ᠣᠯᠣᠰ ᠤᠨ ᠨᠡᠷᠡᠲᠤ ᠲᠡᠮᠳᠡᠭ ᠤᠨ ᠪᠠᠶᠢᠯᠳᠤᠬᠤ ᠪᠣᠳᠤᠯᠭ᠎ᠠ ᠶᠢ | ᠬᠡᠷᠡᠭᠵᠢᠭᠦᠯᠬᠦ ᠶᠢᠨ ᠡᠷᠡᠰ ᠴᠢᠩᠭ᠎ᠠ ᠰᠢᠢᠳᠪᠦᠷᠢ ᠵᠣᠷᠢᠭ ᠢ ᠬᠠᠷᠠᠭᠤᠯᠤᠭᠰᠠᠨ ᠶᠠᠪᠤᠳᠠᠯ ᠨᠢ ᠦᠨᠳᠦᠰᠦᠲᠡᠨ ᠤ ᠨᠡᠷᠡᠲᠤ | ᠲᠡᠮᠳᠡᠭ ᠤᠨ ᠤᠬᠠᠮᠰᠠᠷ ᠢ ᠲᠡᠭᠡᠭᠰᠢᠯᠡᠬᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃ | ᠲᠥᠪ ᠤᠨ ᠤᠬᠠᠭᠤᠯᠬᠤ ᠬᠡᠯᠳᠡᠰ ᠤᠨ ᠳᠡᠳ᠋ ᠳᠠᠷᠤᠭ᠎ᠠ᠂ ᠲᠥᠪ ᠤᠨ ᠷᠠᠳᠢᠤ᠋ ᠲᠧᠯᠸᠢᠰ ᠤᠨ ᠶᠡᠷᠦᠩᠬᠡᠢ | ᠬᠤᠷᠢᠶᠠᠨ ᠤ ᠲᠠᠷᠤᠭ᠎ᠠ ᠱᠧᠨ ᠬᠠᠢ ᠱᠢᠤᠩ ᠢᠯᠡᠷᠬᠡᠶᠢᠯᠡᠬᠦ ᠳᠡᠭᠡᠨ᠄ ᠲᠤᠮᠲᠠᠲᠤ ᠣᠯᠣᠰ ᠤᠨ ᠨᠡᠷᠡᠲᠤ ᠲᠡᠮᠳᠡᠭ ᠢ | ᠪᠦᠲᠦᠭᠡᠵᠤ᠂ ᠤᠯᠠᠨ ᠤᠯᠤᠰ ᠲᠠᠬᠢ ᠨᠦᠯᠦᠭᠡᠯᠡᠬᠦ ᠬᠦᠴᠦᠨ ᠢ ᠡᠷᠴᠢᠮᠵᠢᠭᠦᠯᠵᠦ᠂ ᠲᠤᠮᠲᠠᠲᠤ ᠤᠯᠤᠰ ᠤᠨ ᠨᠡᠷᠡᠲᠤ | ᠲᠡᠮᠳᠡᠭ ᠢ ᠲᠠᠮᠵᠢᠭᠤᠯᠵᠤ ᠤᠬᠠᠭᠤᠯᠬᠤ ᠬᠦᠴᠦᠷᠬᠡᠭ ᠶᠡᠭᠡ ᠶᠡᠷᠢᠶ᠎ᠠ ᠬᠡᠯᠡᠯᠴᠡᠬᠡᠨ ᠤ ᠣᠷᠴᠢᠨ ᠢ ᠪᠦᠷᠢᠯᠳᠦᠬᠦᠯᠬᠦ ᠪᠣᠯ | ᠲᠥᠪ ᠤᠨ ᠷᠠᠳᠢᠤ᠋ ᠲᠧᠯᠸᠢᠰ ᠤᠨ ᠶᠡᠷᠦᠩᠬᠡᠢ ᠬᠤᠷᠢᠶᠠᠨ ᠤ ᠨᠡᠷᠡᠲᠤ ᠲᠡᠮᠳᠡᠭ ᠤᠨ ᠪᠠᠶᠢᠭᠤᠯᠤᠯᠲᠠ ᠶᠢ ᠠᠬᠢᠭᠤᠯᠵᠤ ︽ | ᠭᠤᠷᠪᠠ ᠶᠢ ᠬᠤᠪᠢᠷᠠᠭᠤᠯᠬᠤ︾ ᠴᠢᠬᠤᠯᠠ ᠡᠭᠦᠷᠭᠡ ᠬᠠᠷᠢᠭᠤᠴᠠᠯᠭ᠎ᠠ ᠶᠤᠮ ᠭᠡᠵᠡᠢ᠃ | ᠢᠷᠡᠯᠲᠡ᠄ ᠲᠤᠮᠲᠠᠲᠤ ᠣᠯᠣᠰ ᠤᠨ ᠮᠣᠩᠭᠤᠯ ᠷᠠᠳᠢᠤ᠋ ᠨᠡᠪᠲᠡᠷᠡᠭᠦᠯᠭᠡ ᠶᠢᠨ ᠰᠦᠯᠵᠢᠶ᠎ᠡ | ᠪᠡᠯᠡᠳᠭᠡᠭᠰᠡᠨ ᠨᠢ ᠄ ᠪᠣᠣ ᠬᠤᠩ ᠯᠢᠶᠠᠩ |