ᠣᠳᠠᠭᠠᠨ ᠰᠠᠭᠤᠬᠤ ᠨᠢ ᠬᠢᠷᠢ ᠵᠡᠷᠭᠡ ᠲᠦᠭᠰᠢᠬᠦᠷᠢ ᠲᠠᠢ ᠪᠣᠢ︖ ᠲᠡᠷᠡ ᠨᠢ ᠦᠬᠦᠬᠦᠯᠬᠦ ᠲᠦᠭᠰᠢᠭᠦᠷᠢ  ᠲᠠᠢ ᠬᠤᠯᠪᠣᠭ᠎ᠠ ᠲᠠᠢ ᠪᠠᠶᠢᠵᠦ ᠮᠡᠳᠡᠨ᠎ᠡ︕
ᠨᠡᠶᠢᠲᠡᠯᠡᠭᠰᠡᠨ ᠴᠠᠭ᠄
2019-05-22
       ︽ᠬᠦᠳᠡᠯᠬᠦ ᠦᠬᠡᠢ ᠣᠳᠠᠭᠠᠨ ᠰᠠᠭᠤᠬᠤ︾ ᠨᠢ ᠡᠷᠡᠭᠦᠯ ᠴᠢᠬᠢᠷᠠᠭ ᠲᠤ ᠠᠮᠠᠷᠬᠠᠨ ᠬᠤᠤᠷ ᠬᠦᠨᠦᠭᠡᠯ ᠣᠴᠠᠷᠠᠭᠤᠯᠤᠨ᠎ᠠ᠃ ᠵᠠᠷᠢᠮ ᠰᠣᠳᠣᠯᠣᠯᠳᠡ ᠶᠢᠨ ᠦᠵᠡᠬᠦ ᠪᠠᠷ᠂ ᠣᠳᠠᠭᠠᠨ ᠰᠠᠭᠤᠪᠠᠯ ᠬᠥᠯ ᠨᠢᠷᠣᠭᠤᠨ ᠤ ᠡᠪᠡᠳᠴᠢᠨ ᠢ ᠡᠬᠦᠰᠭᠡᠵᠦ᠂ ᠵᠢᠷᠦᠬᠡᠨ ᠡᠪᠡᠳᠴᠢᠨ ᠵᠡᠷᠭᠡ ᠴᠢᠰᠤᠨ ᠰᠣᠳᠡᠯ ᠤᠨ ᠡᠪᠡᠳᠴᠢᠨ ᠣᠯᠬᠤ ᠲᠦᠭᠰᠢᠭᠦᠷᠢ ᠶᠢ ᠨᠡᠮᠡᠭᠳᠡᠭᠦᠯᠦᠨ᠎ᠡ᠃ ᠬᠦᠳᠡᠯᠬᠦ ᠦᠭᠡᠢ ᠪᠠᠷ 60 ᠮᠢᠨᠦ᠋ᠲ ᠰᠠᠭᠤᠪᠠᠯ ᠦᠬᠦᠬᠦᠯᠬᠦ ᠲᠦᠭᠰᠢᠭᠦᠷᠢ ᠶᠢ ᠲᠠᠬᠢᠨ ᠢᠶᠠᠷ ᠨᠡᠮᠡᠭᠳᠡᠭᠦᠯᠭᠦ ᠪᠠᠷ ᠪᠠᠷᠠᠬᠤ ᠦᠭᠡᠢ ᠲᠠᠷᠠᠭᠠᠴᠢ ᠪᠠᠷ ᠬᠦᠳᠡᠯᠭᠡᠭᠡᠨ ᠬᠢᠭᠰᠡᠨ ᠴᠦ ᠡᠨᠡ ᠬᠦ ᠦᠷ᠎ᠡ ᠳ᠋ᠦᠩ ᠢ ᠬᠤᠪᠢᠷᠠᠭᠤᠯᠵᠦ ᠴᠢᠳᠠᠬᠤ ᠦᠭᠡᠢ ᠭᠡᠵᠡᠢ᠃        ᠺᠤᠯᠦ᠋ᠮᠪᠢᠶ᠎ᠠ ᠶᠡᠭᠡ ᠰᠣᠷᠭᠠᠭᠤᠯᠢ ᠶᠢᠨ ᠡᠮᠨᠡᠯᠬᠡ ᠶᠢᠨ ᠲᠡᠭᠡᠳᠣ ᠰᠣᠷᠭᠠᠭᠤᠯᠢ ᠶᠢᠨ ᠰᠣᠳᠣᠯᠭᠠᠨ ᠤ ᠳ᠋ᠦᠩ ᠳᠤ ᠢᠯᠡᠷᠡᠭᠦᠯᠦᠭᠰᠡᠨ ᠢᠶᠠᠷ᠂ ᠰᠣᠳᠣᠯᠣᠨᠨᠳᠠᠬᠤ ᠡᠳᠡᠭᠡᠳ ᠤᠨ ᠲᠠᠶᠢᠪᠣᠩ ᠰᠠᠭᠤᠬᠤ ᠴᠠᠭ ᠨᠢ ᠰᠡᠷᠡᠭᠦᠨ ᠪᠠᠶᠢᠬᠤ ᠴᠠᠭ ᠤᠨ 77% ᠶᠢ ᠡᠵᠡᠯᠡᠵᠦ ᠪᠠᠶᠢᠨ᠎ᠠ᠂ ᠡᠨᠡ ᠨᠢ ᠡᠳᠣᠷ ᠪᠦᠷᠢ 12 ᠴᠠᠭ ᠲᠠᠶᠢᠪᠤᠩ ᠰᠠᠭᠤᠵᠦ ᠪᠠᠶᠢᠨ᠎ᠠ ᠭᠡᠰᠡᠨ ᠦᠭᠡ ᠪᠣᠯᠣᠨ᠎ᠠ᠃ ᠰᠣᠳᠣᠯᠭᠠᠨ ᠤ ᠲᠤᠭ᠎ᠠ ᠪᠠᠷᠢᠮᠲᠠ ᠳᠤ ᠡᠴᠦᠰ ᠲᠡᠭᠡᠨ ᠬᠠᠷᠠᠭᠤᠯᠤᠨᠨᠰᠠᠨ ᠨᠢ᠄ ᠡᠳᠣᠷ ᠪᠦᠷᠢ ᠬᠦᠳᠡᠯᠬᠦ ᠦᠭᠡᠢ ᠣᠳᠠᠭᠠᠨ ᠰᠠᠭᠤᠬᠤ ᠴᠠᠭ ᠨᠢ ᠦᠬᠦᠬᠦᠯᠬᠦ ᠲᠣᠬᠢᠶᠠᠯᠳᠣᠮᠵᠢ ᠲᠠᠢ ᠰᠢᠭᠤᠳ ᠬᠤᠯᠪᠤᠨᠨᠳᠠᠨ᠎ᠠ᠃       ᠰᠣᠳᠣᠯᠭᠠᠨ ᠤ ᠬᠦᠮᠦᠰ ᠰᠣᠳᠣᠯᠣᠨᠨᠳᠠᠬᠤ ᠡᠳᠡᠭᠡᠳ ᠤᠨ ᠲᠠᠶᠢᠪᠣᠩ ᠰᠠᠭᠤᠬᠤ ᠴᠠᠭ ᠤᠨ ᠤᠷᠳᠣ ᠪᠠ ᠲᠠᠶᠢᠪᠣᠩ ᠰᠠᠭᠤᠬᠤ ᠮᠠᠶ᠋ᠢᠭ ᠢ ᠶᠡᠷᠦᠩᠭᠡᠶᠢᠯᠡᠨ ᠬᠠᠷᠢᠴᠠᠭᠤᠯᠤᠨᠨᠰᠠᠨ ᠤ ᠲᠠᠷᠠᠭ᠎ᠠ ᠣᠯᠵᠦ ᠮᠡᠳᠡᠭᠰᠡᠨ ᠨᠢ᠂ ᠡᠳᠣᠷ ᠪᠦᠷᠢ ᠲᠠᠶᠢᠪᠣᠩ ᠰᠠᠭᠤᠬᠤ ᠴᠠᠭ ᠨᠢ 13 ᠴᠠᠭ ᠢ ᠬᠡᠳᠣᠷᠡᠬᠦ ᠰᠣᠳᠣᠯᠣᠨᠨᠳᠠᠬᠤ ᠡᠳᠡᠭᠡᠳ ᠪᠤᠯᠤᠨ ᠨᠢᠭᠡ ᠤᠳᠠᠭ᠎ᠠ ᠳᠤ ᠲᠠᠶᠢᠪᠤᠩ ᠰᠠᠭᠤᠬᠤ ᠴᠠᠭ ᠨᠢ 60 ᠮᠢᠨᠦ᠋ᠲ ᠠᠴᠠ ᠲᠡᠭᠡᠭᠰᠢᠬᠢ ᠰᠣᠳᠣᠯᠣᠨᠨᠳᠠᠬᠤ ᠡᠳᠡᠭᠡᠳ ᠤᠨ ᠦᠬᠦᠬᠦᠯᠬᠦ ᠲᠦᠭᠰᠢᠬᠦᠷᠢ ᠨᠢ ᠡᠳᠣᠷ ᠪᠦᠷᠢ ᠲᠠᠶᠢᠪᠣᠩ ᠰᠠᠭᠤᠬᠤ ᠴᠠᠭ ᠤᠨ ᠣᠷᠳᠣ ᠨᠢ ᠬᠠᠮᠤᠭ ᠤᠨ ᠣᠬᠤᠷ ᠵᠢᠴᠢ ᠨᠢᠭᠡ ᠤᠳᠠᠭ᠎ᠠ ᠳᠤ ᠲᠠᠶᠢᠪᠣᠩ ᠰᠠᠭᠤᠬᠤ ᠴᠠᠭ ᠨᠢ ᠬᠠᠮᠤᠭ ᠤᠨ ᠣᠬᠤᠷ ᠰᠣᠳᠣᠯᠣᠨᠨᠳᠠᠬᠤ ᠡᠳᠡᠭᠡᠳ ᠤᠨ ᠦᠬᠦᠬᠦᠯᠬᠦ ᠨᠤᠷᠮ᠎ᠠ ᠠᠴᠠ ᠬᠤᠶᠡᠷ ᠲᠠᠬᠢᠨ ᠦᠨᠳᠣᠷ ᠪᠠᠶᠢᠳᠠᠭ᠃ ᠡᠭᠦᠨ ᠳᠤ ᠨᠢᠭᠡ ᠤᠳᠠᠭ᠎ᠠ ᠳᠤ ᠲᠠᠶᠢᠪᠣᠩ ᠰᠠᠭᠤᠬᠤ ᠴᠠᠭ ᠨᠢ 30 ᠮᠢᠨᠦ᠋ᠲ ᠠᠴᠠ ᠴᠦᠬᠡᠨ ᠰᠣᠳᠣᠯᠣᠨᠨᠳᠠᠬᠤ ᠡᠳᠡᠭᠡᠳ ᠤᠨ ᠦᠬᠦᠬᠦᠯᠬᠦ ᠨᠤᠷᠮ᠎ᠠ ᠨᠢ ᠬᠠᠮᠤᠭ ᠤᠨ ᠲᠣᠣᠷ᠎ᠡ ᠪᠠᠶᠢᠳᠠᠭ᠃        ᠡᠭᠦᠨ ᠠᠴᠠ ᠭᠠᠳᠡᠨ᠎ᠡ᠂ ᠰᠣᠳᠣᠯᠬᠤ ᠬᠦᠮᠦᠰ ᠪᠠᠰᠠ ᠣᠯᠵᠦ ᠮᠡᠳᠡᠭᠰᠡᠨ ᠨᠢ᠂ ᠢᠯᠡᠭᠦᠴᠡ ᠬᠦᠳᠡᠯᠭᠡᠭᠡᠨ ᠬᠢᠬᠦ ᠨᠢ ᠶᠡᠷᠦᠩᠭᠡᠢ ᠲᠠᠶᠢᠪᠣᠩ ᠰᠠᠭᠤᠬᠤ ᠴᠠᠭ ᠨᠢ ᠭᠡᠳᠣ ᠣᠷᠳᠣ ᠪᠣᠶᠣ ᠨᠢᠭᠡ ᠤᠳᠠᠭ᠎ᠠ ᠳᠤ ᠲᠠᠶᠢᠪᠣᠩ ᠰᠠᠭᠤᠬᠤ ᠴᠠᠭ ᠨᠢ ᠬᠡᠳᠣ ᠣᠷᠳᠣ ᠠᠴᠠ ᠪᠣᠯᠬᠤ ᠦᠬᠦᠬᠦᠯᠬᠦ ᠲᠦᠭᠰᠢᠭᠦᠷᠢ ᠶᠢ ᠪᠠᠭᠤᠷᠠᠭᠤᠯᠵᠦ ᠴᠢᠳᠠᠬᠤ ᠦᠭᠡᠢ ᠶᠤᠮ᠃        ᠡᠶᠢᠮᠦ ᠠᠴᠠ ᠰᠣᠳᠣᠯᠬᠤ ᠬᠦᠮᠦᠰ ᠰᠠᠨᠠᠭᠤᠯᠤᠨᠨᠰᠠᠨ ᠨᠢ᠂ 30 ᠮᠢᠨᠦ᠋ᠲ ᠲᠠᠶᠢᠪᠣᠩ ᠰᠠᠭᠤᠬᠤ ᠪᠦᠷᠢ 5 ᠮᠢᠨᠦ᠋ᠲ ᠬᠦᠳᠡᠯᠭᠡᠭᠡᠨ ᠬᠢᠪᠡᠯ ᠬᠠᠮᠤᠭ ᠤᠨ ᠰᠠᠶᠢᠨ᠃ ᠡᠭᠦᠨ ᠠᠴᠠ ᠭᠠᠳᠡᠨ᠎ᠡ᠂ ᠦᠷᠬᠦᠯᠵᠢ ᠰᠢᠯᠪᠢ ᠪᠠ ᠬᠥᠯ ᠤᠨ ᠬᠡᠰᠡᠭ ᠤᠨ ᠬᠦᠳᠡᠯᠭᠡᠭᠡᠨ ᠬᠢᠵᠦ᠂ ᠲᠣᠣᠷ᠎ᠡ ᠮᠦᠴᠢ ᠪᠠᠨ ᠰᠠᠨᠠᠭᠠᠴᠢᠯᠠᠭ᠎ᠠ ᠲᠠᠢ ᠪᠠᠷ ᠰᠣᠩᠭᠠᠵᠦ ᠵᠢᠬᠢᠯᠬᠡᠬᠦ ᠪᠠ ᠣᠴᠣᠶᠢᠬᠤ ᠵᠡᠷᠭᠡ ᠬᠦᠳᠡᠯᠭᠡᠭᠡᠨ ᠬᠢᠪᠡᠯ ᠲᠤᠤᠷᠠᠳᠤ ᠮᠦᠴᠢ ᠶᠢᠨ ᠴᠢᠰᠣᠨ ᠤ ᠡᠷᠭᠢᠯᠲᠡ ᠶᠢ ᠬᠤᠷᠳᠤᠳᠬᠠᠵᠦ᠂ ᠵᠢᠷᠦᠬᠡ ᠴᠢᠰᠤᠨ ᠰᠣᠳᠡᠯ ᠵᠡᠷᠭᠡ ᠣᠯᠡᠨ ᠵᠦᠢᠯ ᠤᠨ ᠡᠪᠡᠳᠴᠢᠨ ᠢ ᠪᠠᠭᠠᠰᠬᠠᠬᠤ ᠶᠢᠨ ᠣᠯᠡᠮ ᠠᠴᠠ ᠦᠬᠦᠬᠦᠯᠬᠦ ᠲᠦᠭᠰᠢᠭᠦᠷᠢ ᠶᠢ ᠪᠠᠭᠤᠷᠠᠭᠤᠯᠵᠦ ᠪᠤᠯᠤᠨ᠎ᠠ᠃                            ᠢᠷᠡᠯᠳᠡ᠄ ᠠᠷᠡᠳ ᠤᠨ ᠰᠦᠯᠵᠢᠶ᠎ᠡ                            ᠪᠡᠯᠡᠳᠭᠡᠭᠰᠡᠨ ᠨᠢ᠄ ᠭᠧ ᠲᠣᠸᠠᠨ ᠯᠢᠶᠡᠨ
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号