5 ᠳ᠋ᠤᠭᠠᠷ ᠰᠠᠷ᠎ᠠ ᠶᠢᠨ 22 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠠᠷᠤᠭ᠎ᠠ ᠪᠠᠶ ᡁᠢ ᠵᠢᠶᠦ᠋ᠨ᠂ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ ᠶᠢᠨ ᠡᠷᠬᠢᠯᠡᠭᠴᠢ ᠭᠦᠸᠧ ᠶᠠ ᠨᠠᠨ ᠨᠠᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ᠂ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠵᠡᠷᠭᠡ ᠠᠵᠢᠯ ᠳᠤ | ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠡᠷᠬᠢᠯᠡᠭᠴᠢ ᠬᠠᠨ ᠰᠦᠸᠧ ᠵᠢᠶᠦ᠋ᠨ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠳᠠᠷᠤᠭ᠎ᠠ ᠸᠠᠩ ᠬᠤᠸᠠᠨ | ᠶᠦᠨ ᠪᠠᠷ᠎ᠠ ᠪᠣᠯᠪᠠ᠃ | ᠬᠤᠰᠢᠭᠤᠨ ᠡᠮᠨᠡᠯᠭᠡ ᠶᠢᠨ ᠬᠤᠷᠢᠶ᠎ᠠ᠂ ᠬᠤᠩ ᠫᠠᠨ ᠰᠢᠶᠠᠩ ᠤᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ᠂ | ᠰᠠᠨ ᠳ᠋ᠤᠤ ᠭᠸᠦ ᠡᠷᠡᠭᠦᠯ ᠬᠠᠮᠠᠭᠠᠯᠠᠯ ᠤᠨ ᠲᠠᠰᠤᠭ᠂ 2 ᠤᠳᠠᠭᠠᠨ ᠴᠢᠨᠠᠷᠲᠠᠶ ᠡᠪᠡᠳᠴᠢᠨ ᠳᠤ ᠡᠮ ᠬᠦᠷᠭᠡᠬᠦ ᠶᠠᠳᠠᠭᠤ | ᠬᠦᠴᠢᠷᠳᠡᠯᠲᠡᠶ ᠡᠷᠦᠬᠡ ᠪᠠ ᠡᠮ ᠡᠮᠨᠡᠯᠭᠡ ᠶᠢᠨ ᠳᠠᠭᠠᠳᠬᠠᠯ ᠤᠨ ︽ᠨᠢᠭᠡ ᠥᠷᠲᠡᠭᠡ ᠶᠢᠨ ᠮᠠᠶ᠋ᠢᠭ︾ ᠤᠨ ᠳᠠᠩᠰᠠ | ᠲᠠᠶᠢᠯᠬᠤ ᠴᠣᠩᠬᠤ ᠪᠠᠷ ᠳᠠᠮᠵᠢᠭᠤᠯᠤᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ | ᠦᠵᠡᠬᠦ᠂ ᠰᠤᠷᠪᠤᠯᠵᠢᠯᠠᠨ ᠠᠰᠠᠭᠤᠬᠤ ᠪᠠᠷ ᠳᠠᠮᠵᠢᠭᠤᠯᠤᠨ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠡᠮᠴᠢᠯᠡᠭᠡᠨ ᠤ | ᠦᠨᠳᠦᠰᠦᠨ ᠵᠦᠶᠯ ᠢ ᠪᠠᠲᠤᠯᠠᠬᠤ ᠳᠦᠷᠢᠮ ᠢ ᠨᠠᠶᠢᠳᠠᠪᠤᠷᠢᠵᠢᠭᠤᠯᠤᠭᠰᠠᠨ᠂ ᠬᠤᠰᠢᠭᠤᠨ ᠡᠮᠨᠡᠯᠭᠡ ᠶᠢᠨ ᠬᠤᠷᠢᠶ᠎ᠠ ᠶᠢᠨ | ︽ᠨᠢᠭᠡ ᠥᠷᠲᠡᠭᠡ ᠶᠢᠨ ᠮᠠᠶ᠋ᠢᠭ︾ ᠤᠨ ᠳᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ᠂ | ᠬᠦᠨᠳᠦ ᠡᠪᠡᠳᠴᠢᠨ ᠢ ᠲᠤᠰᠬᠠᠶ ᠵᠦᠶᠯ ᠢᠶᠠᠷ ᠡᠮᠨᠡᠨ ᠵᠠᠰᠠᠭᠰᠠᠨ᠂ ᠭᠡᠷ ᠪᠦᠯᠢ ᠶᠢᠨ ᠡᠮᠴᠢ ᠶᠢᠨ ᠭᠡᠷ ᠲᠤ | ᠦᠶᠯᠡᠴᠢᠯᠡᠭᠡ ᠬᠢᠵᠤ᠂ ᠱᠠᠲᠤ ᠬᠤᠪᠢᠶᠠᠨ ᠣᠨᠣᠰᠢᠯᠠᠨ ᠵᠠᠰᠠᠭᠰᠠᠨ᠂ ᠦᠨᠳᠦᠰᠦᠨ ᠱᠠᠲᠤᠨ ᠤ ᠠᠵᠢᠯᠲᠠᠨ ᠤ ᠶᠠᠳᠠᠭᠤ | ᠬᠦᠴᠢᠷᠳᠡᠯᠲᠡᠶ ᠬᠥᠮᠥᠨ ᠠᠮᠠ ᠶᠢᠨ ᠰᠠᠭᠤᠷᠢ ᠲᠤᠭ᠎ᠠ ᠪᠠ ᠲᠥᠷᠥ ᠶᠢᠨ ᠪᠣᠳᠣᠯᠭ᠎ᠠ ᠶᠢ ᠣᠶᠢᠯᠠᠭᠠᠭᠰᠠᠨ ᠪᠠᠶᠢᠳᠠᠯ ᠵᠡᠷᠭᠡ | ᠠᠵᠢᠯ ᠢ ᠣᠶᠢᠯᠠᠭᠠᠪᠠ᠃ | ᠶᠠᠳᠠᠭᠤ ᠬᠦᠴᠢᠷᠳᠡᠯᠲᠡᠢ ᠡᠷᠦᠬᠡ ᠶᠢᠨ ᠭᠡᠷ ᠲᠤ᠂ ᠪᠠᠢ ᡁᠢ ᠵᠢᠶᠦ᠋ᠨ ᠳᠠᠷᠤᠭ᠎ᠠ᠂ ᠭᠦᠸᠧ ᠶᠠ ᠨᠠᠨ | ᠡᠷᠬᠢᠯᠡᠭᠴᠢ ᠶᠠᠳᠠᠭᠤ ᠬᠦᠴᠢᠷᠳᠡᠯᠲᠡᠢ ᠡᠷᠦᠬᠡ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ᠂ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠡᠳ᠋ᠯᠡᠬᠦ ᠡᠰᠡᠬᠦ ᠵᠢᠴᠢ ᠡᠮ ᠡᠮᠨᠡᠯᠭᠡ ᠶᠢᠨ | ᠳᠠᠭᠠᠳᠬᠠᠯ ᠤᠨ ᠳᠠᠩᠰᠠ ᠲᠠᠶᠢᠯᠬᠤ ᠶᠢᠨ ᠬᠠᠨᠤᠮᠵᠢ ᠶᠢᠨ ᠬᠡᠮᠵᠢᠶ᠎ᠡ ᠵᠡᠷᠭᠡ ᠠᠰᠠᠭᠤᠳᠠᠯ ᠢ ᠨᠠᠷᠢᠨ ᠣᠶᠢᠯᠠᠭᠠᠪᠠ᠃ | ᠪᠠᠢ ᡁᠢ ᠵᠢᠶᠦ᠋ᠨ ᠳᠠᠷᠤᠭ᠎ᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠷᠡᠭᠦᠯ ᠮᠡᠨᠲᠤ ᠪᠠᠷ | ᠶᠠᠳᠠᠭᠤ ᠶᠢ ᠲᠡᠳᠬᠦᠬᠦ ᠠᠵᠢᠯ ᠢ ᠭᠦᠢᠴᠡᠳ ᠨᠤᠲᠠᠯᠠᠵᠤ᠂ ᠡᠷᠡᠭᠦᠯ ᠮᠡᠨᠲᠤ ᠪᠠᠷ ᠶᠠᠳᠠᠭᠤ ᠶᠢ ᠲᠡᠳᠬᠦᠬᠦ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠨᠡᠯᠢᠶᠡᠳ ᠰᠠᠶᠢᠨ ᠪᠠᠶᠢᠵᠤ᠂ ᠡᠷᠡᠭᠦᠯ | ᠮᠡᠨᠲᠤ ᠪᠠᠷ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠪᠣᠯᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠴᠠ | ᠡᠷᠡᠭᠦᠯ ᠮᠡᠨᠲᠤ ᠪᠠᠷ ᠶᠠᠳᠠᠭᠤ ᠶᠢ ᠲᠡᠳᠬᠦᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ | ᠦᠨᠳᠦᠰᠦᠨ ᠱᠠᠲᠤᠨ ᠤ ᠰᠠᠭᠤᠷᠢ ᠠᠵᠢᠯ ᠢ ᠯᠠᠪᠳᠠᠭᠤᠨ ᠪᠠᠲᠤᠲᠠᠢ ᠬᠢᠵᠦ᠂ ᠡᠷᠡᠭᠦᠯ ᠮᠡᠨᠲᠤ ᠪᠠᠷ ᠶᠠᠳᠠᠭᠤ ᠶᠢ | ᠲᠡᠳᠬᠦᠬᠦ ᠠᠵᠢᠯ ᠢ ᠬᠦᠴᠦᠲᠡᠢ ᠠᠬᠢᠭᠤᠯᠪᠠ᠃ ᠡᠭᠦᠨ ᠤ ᠬᠠᠮᠲᠤ ᠲᠠᠷᠠᠭᠠᠴᠢ ᠶᠢᠨ ᠠᠯᠬᠤᠮ ᠳᠤ ᠪᠥᠬᠦ ᠣᠷᠣᠨ᠂ | ᠪᠥᠬᠦ ᠬᠤᠲᠠ ᠶᠢᠨ ᠡᠷᠡᠭᠦᠯ ᠮᠡᠨᠲᠤ ᠪᠠᠷ ᠶᠠᠳᠠᠭᠤ ᠶᠢ ᠲᠡᠳᠬᠦᠬᠦ ᠠᠵᠢᠯ ᠤᠨ ᠡᠯ᠎ᠡ ᠵᠦᠶᠯ ᠤᠨ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠬᠤ᠂ ᠣᠯᠵᠤ ᠮᠡᠳᠡᠭᠰᠡᠨ ᠠᠰᠠᠭᠤᠳᠠᠯ ᠢ ᠳᠠᠷᠤᠶᠢᠬᠠᠨ | ᠬᠡᠷᠡᠭᠵᠢᠭᠦᠯᠵᠦ ᠳᠠᠷᠤᠶᠢᠬᠠᠨ ᠥᠭᠡᠷᠡᠴᠢᠯᠡᠵᠦ᠂ ᠡᠷᠡᠭᠦᠯ ᠮᠡᠨᠲᠤ ᠪᠠᠷ ᠶᠠᠳᠠᠭᠤ ᠶᠢ ᠲᠡᠳᠬᠦᠬᠦ ᠠᠵᠢᠯ ᠤᠨ ᠰᠢᠨ᠎ᠡ | ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ | ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠵᠣᠬᠢᠶᠠᠭᠴᠢ᠄ ᠴᠠᠩ ᠸᠧᠶ ᠭᠤᠸᠠᠩ | ᠣᠷᠴᠢᠭᠤᠯᠤᠭᠴᠢ᠄ ᠪᠣᠣ ᠬᠤᠩ ᠯᠢᠶᠠᠩ |