ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠬᠦᠬᠡᠬᠤᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠬᠤᠪᠢᠶᠠᠷᠢ ᠬᠤᠷᠢᠶᠠᠨ ᠤ ᠪᠠᠶᠢᠴᠠᠭᠠᠬᠤ ᠳᠠᠷᠤᠭ᠎ᠠ ᠰᠦᠩ ᠸᠧᠢ ᠶᠠᠨ ᠪᠣᠭᠤ ᠲᠣᠰᠬᠤᠨ ᠳᠤ ᠭᠦᠨᠵᠡᠭᠡᠶᠢᠷᠡᠨ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019-05-29
    5 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠦᠬᠡᠬᠤᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠬᠤᠪᠢᠶᠠᠷᠢ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠰᠦᠩ ᠸᠧᠢ ᠶᠠᠨ ᠲᠤ ᠴᠧᠩ ᠽᠢ ᠰᠢᠶᠠᠩ ᠤᠨ ᠪᠤᠭᠤ ᠲᠣᠰᠬᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ᠂ ᠲᠤᠰ ᠪᠡᠶ᠎ᠡ ᠶᠢᠨ ᠴᠢᠷᠮᠠᠶᠢᠯᠭ᠎ᠠ ᠪᠠᠷ ᠳᠠᠮᠵᠢᠨ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠲᠤᠬᠠᠢ ᠭᠦᠨᠵᠡᠭᠡᠢ ᠪᠠᠶᠢᠴᠠᠭᠠᠨ ᠰᠤᠳᠤᠯᠤᠯᠲᠠ ᠬᠢᠪᠡ᠃    ᠰᠦᠩ ᠸᠧᠢ ᠶᠠᠨ ᠡᠩ ᠲᠡᠷᠢᠭᠦᠨ ᠳᠤ᠂ ᠪᠣᠭᠤ ᠲᠣᠰᠬᠤᠨ ᠤ ᠪᠣᠯᠪᠠᠰᠤᠨ ᠤ ᠱᠠᠩᠨᠠᠯ ᠤᠨ ᠬᠡᠲᠦ ᠳᠡᠯᠭᠡᠭᠦᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠪᠣᠭᠤ ᠲᠣᠰᠬᠤᠨ ᠤᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠶᠠᠳᠠᠭᠤ ᠠᠴᠠ  ᠠᠩᠬᠢᠵᠢᠷᠡᠨ ᠪᠠᠶᠠᠵᠢᠨ ᠴᠢᠨᠡᠭᠡᠯᠢᠭᠵᠢᠬᠦ ᠶᠢᠨ ᠪᠡᠶᠡᠴᠢ ᠴᠢᠳᠠᠮᠠᠭᠠᠢ ᠴᠢᠨᠠᠷ ᠢ ᠴᠢᠩᠭᠠᠳᠬᠠᠬᠤ ᠶᠢᠨ ᠲᠥᠯᠥᠭᠡ᠂ ᠤᠯᠠᠨ ᠲᠠᠯ᠎ᠠ ᠶᠢᠨ ᠳᠡᠮᠵᠢᠯᠭᠡ ᠪᠠ ᠬᠠᠪᠰᠤᠷᠤᠯᠭ᠎ᠠ ᠪᠠᠷ ᠨᠢᠳᠤᠨᠤᠨ ᠲᠣᠮᠣ ᠬᠡᠯᠪᠡᠷᠢ ᠶᠢᠨ ᠪᠣᠯᠪᠠᠰᠤᠨ ᠤ ᠱᠠᠩᠨᠠᠯ ᠤᠨ ᠬᠡᠳᠦ ᠳᠡᠯᠭᠡᠭᠦᠷ ᠢ ᠪᠠᠶᠢᠭᠤᠯᠪᠠ᠃ ᠪᠦᠬᠦ ᠰᠢᠶᠠᠩ ᠤᠨ ᠡᠯ᠎ᠡ ᠭᠠᠴᠠᠭᠠᠨ ᠤ ᠠᠷᠠᠳ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ ᠶᠢ ᠵᠢᠷᠤᠮᠯᠠᠨ ᠰᠠᠬᠢᠵᠤ᠂ ᠬᠠᠮᠲᠤ ᠶᠢᠨ ᠬᠥᠳᠡᠯᠮᠦᠷᠢ ᠳᠤ ᠢᠳᠡᠪᠬᠢᠲᠡᠶ ᠣᠷᠣᠯᠴᠠᠵᠤ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠨᠠᠰᠤᠲᠠᠨ ᠢᠶᠠᠨ ᠠᠴᠢᠯᠠᠨ ᠲᠡᠵᠢᠭᠡᠬᠦ᠂ ᠦᠨᠡᠨᠴᠢ ᠢᠲᠡᠭᠡᠮᠵᠢᠲᠡᠶ ᠪᠠᠶᠢᠬᠤ᠂ ᠪᠣᠯᠪᠠᠰᠤᠨ ᠢ ᠳᠡᠭᠡᠳᠦᠯᠡᠳᠡᠭ ᠯᠠ ᠶᠤᠮ ᠪᠣᠯ ᠴᠥᠮ ᠵᠣᠬᠢᠬᠤ ᠬᠤᠪᠢ ᠲᠡᠮᠳᠡᠭᠯᠡᠵᠦ᠂ ᠳᠠᠷᠠᠭ᠎ᠠ ᠨᠢ ᠬᠤᠪᠢ ᠲᠡᠮᠳᠡᠭᠯᠡᠵᠦ ᠰᠣᠯᠢᠬᠤ ᠲᠡᠩᠴᠡᠭᠦᠦ ᠥᠷᠲᠡᠭ ᠪᠦᠬᠦᠢ ᠡᠳ᠋ ᠪᠣᠳᠠᠰ ᠢ ᠣᠯᠵᠤ ᠪᠣᠯᠤᠨ᠎ᠠ᠃    ᠰᠦᠩ ᠸᠧᠢ ᠶᠠᠨ ᠨᠥᠬᠦᠷ ᠪᠣᠯᠪᠠᠰᠤᠨ ᠢᠶᠠᠷ ᠱᠠᠩᠨᠠᠨ ᠬᠥᠬᠢᠭᠦᠯᠬᠦ ᠬᠡᠳᠦ ᠳᠡᠯᠭᠡᠭᠦᠷ ᠤᠨ ᠠᠵᠢᠯᠯᠠᠭ᠎ᠠ᠂ ᠬᠠᠮᠢᠶᠠᠷᠤᠯᠲᠠ᠂ ᠬᠤᠪᠢ ᠬᠤᠷᠠᠮᠳᠤᠭᠤᠯᠬᠤ᠂ ᠰᠣᠯᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠤ ᠴᠧᠩ ᠽᠢ ᠰᠢᠶᠠᠩ ᠤᠨ ᠪᠣᠳᠠᠲᠤ ᠪᠠᠶᠢᠳᠠᠯ ᠢ ᠪᠠᠶᠢᠴᠠᠭᠠᠨ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠬᠦᠴᠦ ᠭᠠᠷᠭᠠᠵᠤ᠂ ᠪᠣᠳᠠᠲᠤ ᠪᠦᠲᠦᠮᠵᠢ ᠭᠠᠷᠭᠠᠵᠤ᠂ ᠪᠣᠯᠪᠠᠰᠤᠨ ᠢᠶᠠᠷ ᠱᠠᠩᠨᠠᠨ ᠬᠥᠬᠢᠭᠦᠯᠬᠦ ᠬᠡᠳᠦ ᠳᠡᠯᠭᠡᠭᠦᠷ ᠢᠶᠠᠷ ᠳᠠᠮᠵᠢᠭᠤᠯᠤᠨ ᠤᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠠᠷᠭ᠎ᠠ ᠬᠢᠳᠡᠯ ᠢ ᠭᠦᠢᠴᠡᠳ ᠨᠤᠲᠠᠯᠠᠪᠠ᠃ ᠲᠡᠷᠡ᠂ ᠤᠯᠠᠨ ᠲᠦᠮᠡᠨ ᠤ ᠮᠡᠳᠡᠷᠡᠨ ᠵᠥᠪᠰᠢᠶᠡᠷᠡᠬᠦ ᠠᠷᠭ᠎ᠠ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠲᠤᠰ ᠪᠡᠶ᠎ᠡ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢᠶᠠᠨ ᠭᠦᠢᠴᠡᠳ ᠪᠠᠳᠠᠷᠠᠭᠤᠯᠵᠤ᠂ ︽ᠬᠦᠯᠢᠶᠡᠬᠦ ᠲᠦᠰᠢᠭᠯᠡᠬᠦ ᠠᠪᠬᠤ︾ ᠠᠯᠵᠠᠭᠤ ᠬᠤᠶᠢᠷᠭᠤ ᠦᠵᠡᠯ ᠰᠠᠨᠠᠭ᠎ᠠ ᠶᠢ ᠢᠯᠠᠨ ᠳᠠᠪᠠᠵᠤ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠲᠤᠰ ᠪᠡᠶ᠎ᠡ ᠳᠡᠭᠡᠨ ᠰᠠᠭᠤᠷᠢᠯᠠᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃     ᠰᠦᠩ ᠸᠧᠶ ᠶᠠᠨ ᠨᠥᠬᠦᠷ ᠬᠦᠬᠡᠬᠤᠲᠠ ᠶᠢᠨ ᠲᠡᠮᠦᠷ ᠵᠠᠮ ᠤᠨ ᠲᠡᠭᠡᠭᠡᠪᠦᠷᠢ ᠶᠢᠨ ᠬᠤᠪᠢᠶᠠᠷᠢ ᠬᠤᠷᠢᠶ᠎ᠠ ᠶᠢ ᠲᠥᠯᠥᠭᠡᠯᠡᠨ ᠪᠣᠯᠪᠠᠰᠤᠨ ᠱᠠᠩᠨᠠᠯ ᠤᠨ ᠬᠡᠲᠦ ᠳᠡᠯᠭᠡᠭᠦᠷ ᠲᠤ ᠬᠤᠶᠠᠷ ᠲᠦᠮᠡ ᠭᠠᠷᠤᠶ ᠲᠥᠭᠦᠷᠢᠭ ᠤᠨ ᠥᠷᠲᠡᠭ ᠲᠠᠢ ᠲᠤᠲᠤᠷᠭ᠎ᠠ᠂ ᠴᠠᠭᠠᠨ ᠭᠤᠯᠢᠷ᠂ ᠢᠳᠡᠰᠢᠨ ᠲᠣᠰᠣ ᠵᠡᠷᠭᠡ ᠶᠢ ᠬᠠᠨᠳᠢᠪᠯᠠᠵᠤ᠂ ᠬᠡᠲᠦ ᠳᠡᠯᠭᠡᠭᠦᠷ ᠤᠨ ᠱᠠᠩᠨᠠᠯ ᠤᠨ ᠡᠳ᠋ ᠪᠣᠳᠠᠰ ᠲᠤ ᠬᠡᠷᠡᠭᠯᠡᠵᠡᠶ᠃     ᠰᠦᠩ ᠸᠧᠢ ᠶᠠᠨ ᠨᠥᠬᠦᠷ ᠪᠠᠰᠠ ᠪᠣᠭᠤ ᠲᠣᠰᠬᠤᠨ ᠤ ᠰᠢᠨ᠎ᠡ ᠴᠠᠭ ᠦᠶ᠎ᠡ ᠶᠢᠨ ᠲᠠᠷᠢᠶᠠᠴᠢᠳ ᠤᠨ ᠳᠠᠪᠲᠠᠨ ᠪᠣᠯᠪᠠᠰᠤᠷᠠᠬᠤ ᠭᠠᠵᠠᠷ ᠢ ᠲᠣᠭᠤᠷᠢᠨ ᠦᠵᠡᠵᠦ᠂ ᠲᠣᠪᠶᠤᠭ ᠤᠨ ᠬᠡᠯᠪᠡᠷᠢ ᠪᠠᠷ ᠲᠠᠷᠢᠶᠠᠴᠢᠳ ᠤᠨ ᠳᠠᠪᠲᠠᠨ ᠪᠣᠯᠪᠠᠰᠤᠷᠠᠬᠤ ᠳᠤ ᠲᠤᠶᠢᠯ ᠤᠨ ᠶᠡᠭᠡ ᠨᠤᠲᠠᠯᠠᠯᠲᠠ ᠥᠭᠴᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠬᠤ ᠲᠤᠬᠠᠢ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠠᠢ᠃ ᠪᠠᠰᠠ ᠪᠣᠭᠤ ᠲᠣᠰᠬᠤᠨ ᠤ ᠶᠠᠭ ᠰᠠᠶᠢᠬᠠᠨ ᠪᠠᠶᠢᠭᠤᠯᠵᠤ ᠪᠠᠶᠢᠭ᠎ᠠ ᠮᠢᠬᠠᠨ ᠤ ᠲᠠᠭᠲᠠᠭ᠎ᠠ ᠲᠡᠵᠢᠭᠡᠨ ᠦᠷᠡᠵᠢᠭᠦᠯᠬᠦ ᠲᠠᠯᠠᠪᠠᠢ ᠪᠣᠯᠤᠨ ᠲᠤ ᠴᠧᠩ ᠽᠢ ᠰᠢᠶᠠᠩ ᠤᠨ ᠹᠧᠩ ᠬᠥ᠋ ᠰᠠᠭᠤᠷᠢᠨ ᠭᠠᠵᠠᠷ ᠤᠨ ᠼᠤᠤ ᠪᠣᠯᠪᠠᠰᠤᠷᠠᠭᠤᠯᠬᠤ ᠦᠢᠯᠡᠳᠪᠦᠷᠢ ᠶᠢ ᠰᠢᠨᠵᠢᠯᠡᠨ ᠪᠠᠶᠢᠴᠠᠭᠠᠪᠠ᠃      ᠲᠤ ᠴᠧᠩ ᠽᠢ ᠰᠢᠶᠠᠩ ᠤᠨ ᠨᠠᠮ ᠤᠨ ᠬᠤᠷᠢᠶᠠᠨ ᠤ ᠱᠦᠵᠢ ᠵᠠᠩ ᠵᠢᠶᠦ᠋ᠨ ᠨᠥᠬᠦᠷ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠵᠤᠤ ᠸᠧᠢ ᠨᠥᠬᠦᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃                                ᠵᠣᠬᠢᠶᠠᠭᠴᠢ᠄ ᠲᠤ ᠴᠧᠩ ᠽᠢ ᠰᠢᠶᠠᠩ                                ᠣᠷᠴᠢᠭᠤᠯᠤᠭᠴᠢ᠄ ᠪᠣᠣ ᠬᠤᠩ ᠯᠢᠶᠠᠩ
 
ᠢᠷᠡᠯᠲᠡ᠄  ᠲᠤ ᠴᠧᠩ ᠽᠢ ᠰᠢᠶᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号