ᠭᠠᠷᠠᠭ ᠪᠦᠷᠢ 3 ᠴᠠᠭ ᠲᠦᠷᠭᠡᠨ ᠠᠯᠬᠤᠪᠡᠯ  ᠤᠷᠢᠲᠤ ᠪᠣᠯᠴᠢᠷᠬᠠᠢ ᠶᠢᠨ ᠦᠮᠡᠨ ᠢ ᠰᠡᠷᠬᠡᠶᠢᠯᠡᠨ᠎ᠡ
ᠨᠡᠶᠢᠲᠡᠯᠡᠭᠰᠡᠨ ᠴᠠᠭ᠄
2019-06-11
    ᠨᠢᠭᠡ ᠵᠦᠢᠯ ᠤᠨ ᠰᠢᠨ᠎ᠡ ᠰᠣᠳᠤᠯᠭᠠᠨ ᠳᠤ ᠢᠯᠡᠷᠡᠭᠦᠯᠦᠭᠰᠡᠨ ᠢᠶᠠᠷ᠂ ᠭᠠᠷᠠᠭ ᠪᠦᠷᠢ ᠠᠳᠠᠭ ᠲᠤ ᠪᠠᠨ 3 ᠴᠠᠭ ᠲᠦᠷᠭᠡᠨ ᠠᠯᠬᠤᠪᠡᠯ᠂ ᠤᠷᠢᠲᠤ ᠪᠣᠯᠴᠢᠷᠬᠠᠢ ᠶᠢᠨ ᠦᠮᠡᠨ ᠤ ᠲᠠᠷᠬᠠᠬᠤ ᠶᠢ ᠤᠳᠠᠭᠠᠰᠢᠷᠠᠭᠤᠯᠬᠤ ᠪᠣᠶᠤ ᠴᠢᠨᠠᠭᠰᠢᠯᠠᠭᠠᠳ ᠤᠷᠢᠲᠤ ᠪᠣᠯᠴᠢᠷᠬᠠᠢ ᠶᠢᠨ ᠦᠮᠡᠨ ᠢ ᠰᠡᠷᠬᠡᠶᠢᠯᠡᠬᠦ ᠪᠣᠯᠤᠨ᠎ᠠ᠃     ᠰᠣᠳᠤᠯᠭᠠᠨ ᠢᠶᠠᠷ ᠢᠯᠡᠷᠡᠭᠦᠯᠦᠭᠰᠡᠨ ᠨᠢ᠂ ᠵᠦᠪᠬᠡᠨ ᠲᠦᠷᠬᠡᠨ ᠠᠯᠬᠤᠪᠡᠯ ᠰᠠᠶ᠋ᠢ ᠡᠨᠡ ᠬᠦ ᠦᠷ᠎ᠡ ᠪᠦᠲᠦᠮᠵᠢ ᠶᠢ ᠠᠪᠴᠢᠷᠠᠬᠤ ᠪᠣᠯᠤᠨ᠎ᠠ᠃ ᠬᠡᠷᠪᠡ ᠤᠷᠢᠲᠤ ᠪᠣᠯᠴᠢᠷᠬᠠᠢ ᠶᠢᠨ ᠦᠮᠡᠨ ᠳᠤ ᠨᠡᠷᠪᠡᠭᠳᠡᠭᠰᠡᠳ ᠰᠢᠯᠡᠬᠦᠨ ᠲᠠᠪᠠᠲᠠᠢ ᠠᠯᠬᠤᠭ᠎ᠠ ᠪᠠᠷ ᠰᠤᠯᠠ ᠠᠯᠬᠤᠯᠠᠬᠤ ᠳᠤ ᠬᠦᠷᠪᠡᠯ᠂ ᠡᠨᠡ ᠬᠦ ᠦᠷ᠎ᠡ ᠪᠦᠲᠦᠮᠵᠢ ᠳᠤ ᠬᠦᠷᠴᠤ ᠲᠡᠶᠢᠯᠬᠦ ᠦᠬᠡᠢ ᠪᠠᠶᠢᠳᠠᠭ᠃ ᠠᠮᠧᠷᠢᠺᠠ ᠶᠢᠨ ᠺᠠᠯᠢᠫᠤᠷᠨᠢᠶ᠎ᠠ ᠵᠸᠤ ᠵᠢᠨ‌‍ᠶᠡᠭᠡ ᠰᠤᠷᠭᠠᠭᠤᠯᠢ ᠵᠢᠨ‌‍ᠰᠠᠨ ᠹᠷᠡᠨᠰᠢᠰᠺᠦ ᠬᠤᠪᠢᠶᠠᠷᠢ ᠰᠤᠷᠭᠠᠭᠤᠯᠢ ᠶᠢᠨ ᠰᠤᠳᠤᠯᠭᠠᠲᠡᠳ1455 ᠤᠷᠢᠲᠤ ᠪᠣᠯᠴᠢᠷᠬᠠᠢ ᠶᠢᠨ ᠦᠮᠡᠨ ᠳᠤ ᠨᠡᠷᠪᠡᠭᠳᠡᠭᠰᠡᠨ ᠢᠶᠠᠷ ᠣᠨᠣᠰᠢᠯᠠᠭᠳᠠᠭᠰᠠᠨ ᠪᠣᠯᠪᠠᠴᠤ ᠡᠬᠢᠯᠡᠨ ᠲᠠᠷᠬᠠᠭᠠᠳᠤᠢ ᠡᠷᠡᠭᠲᠡᠶᠢᠴᠤᠤᠯ ᠳᠤ ᠰᠣᠳᠤᠯᠭᠠᠨ ᠬᠢᠭᠰᠡᠨ ᠪᠠᠶᠢᠨ᠎ᠠ᠃     ᠰᠣᠳᠤᠯᠭᠠᠳᠡᠳ ᠠᠴᠠ ᠡᠪᠡᠳᠴᠢᠳᠡᠳ ᠤᠨ ᠤᠷᠢᠲᠤ ᠪᠣᠯᠴᠢᠷᠬᠠᠢ ᠶᠢᠨ ᠦᠮᠡᠨ ᠳᠤ ᠨᠡᠷᠪᠡᠭᠳᠡᠭᠰᠡᠨ ᠢᠶᠠᠷ ᠣᠨᠣᠰᠢᠯᠠᠭᠳᠠᠭᠰᠠᠨ ᠪᠣᠯᠤᠨ ᠠᠩᠬ᠎ᠠ ᠠᠯᠬᠤᠮ ᠤᠨ ᠡᠮᠨᠡᠨ ᠵᠠᠰᠠᠯᠲᠠ ᠬᠢᠭᠰᠡᠨ ᠤ ᠲᠠᠷᠠᠭᠠᠬᠢ ᠬᠤᠶᠠᠷ ᠵᠢᠯ ᠤᠨ ᠪᠡᠶ᠎ᠡ ᠮᠠᠬᠠᠪᠤᠳ ᠤᠨ ᠬᠦᠳᠡᠯᠭᠡᠭᠡᠨ ᠤ ᠬᠡᠮᠵᠢᠶ᠎ᠡ ᠳᠤ ᠦᠨᠡᠯᠡᠯᠲᠡ ᠬᠢᠵᠠᠢ᠃117 ᠡᠪᠡᠳᠴᠢᠳᠡᠨ ᠤᠷᠢᠲᠤ ᠪᠣᠯᠴᠢᠷᠬᠠᠢ ᠶᠢᠨ ᠦᠮᠡᠨ ᠠᠴᠠ ᠪᠣᠯᠤᠭᠰᠠᠨ ᠪᠣᠯᠤᠨ ᠦᠬᠦᠭᠰᠡᠨ ᠪᠠᠶᠢᠳᠠᠯ ᠢᠯᠡᠷᠡᠵᠡᠢ᠃ ᠭᠡᠲᠡᠯ᠎ᠡ ᠲᠡᠳᠡᠭᠡᠷ ᠭᠠᠷᠠᠭ ᠪᠦᠷᠢ ᠠᠳᠠᠭ ᠲᠤ ᠪᠠᠨ 3 ᠴᠠᠭ ᠲᠦᠷᠬᠡᠨ ᠠᠯᠬᠤᠳᠠᠭ ᠡᠪᠡᠳᠴᠢᠲᠡᠳ ᠤᠨ ᠡᠪᠡᠳᠴᠢᠨ ᠤ ᠪᠠᠶᠢᠳᠠᠯ ᠤᠨ ᠲᠠᠷᠬᠠᠬᠤ ᠬᠤᠷᠳᠤᠴᠠ ᠨᠢ ᠰᠡᠯᠡᠭᠦᠦ ᠲᠠᠪᠠᠲᠠᠢ ᠠᠯᠬᠤᠳᠠᠭ ᠮᠦᠷᠲᠡᠬᠡᠨ ᠬᠦᠳᠡᠯᠭᠡᠭᠡᠨ ᠬᠢᠬᠦ ᠴᠠᠭ ᠨᠢ ᠨᠡᠯᠢᠶᠡᠳ ᠪᠠᠭ᠎ᠠ ᠡᠪᠡᠳᠴᠢᠳᠡᠳ ᠤᠨ ᠬᠢ ᠠᠴᠠ 57% ᠬᠠᠰᠤᠭᠳᠠᠭᠰᠠᠨ ᠢ ᠲᠡᠳᠡ ᠣᠯᠵᠤ ᠮᠡᠳᠡᠵᠡᠢ᠃     ᠣᠶᠢᠷ᠎ᠠ ᠳᠤ ᠬᠡᠪᠯᠡᠭᠳᠡᠭᠰᠡᠨ᠂ ︽ᠦᠮᠡᠨ ᠡᠪᠡᠳᠴᠢᠨ ᠤ ᠰᠣᠳᠤᠯᠤᠯ︾ ᠰᠡᠳᠭᠦᠯ ᠲᠡᠭᠡᠷ᠎ᠡ ᠨᠡᠶᠢᠳᠡᠯᠡᠭᠳᠡᠭᠰᠡᠨ ᠲᠤᠰ ᠰᠤᠳᠤᠯᠭᠠᠨ ᠳᠤ ᠬᠡᠯᠡᠭᠰᠡᠨ ᠨᠢ᠂ ᠲᠤᠰ ᠰᠣᠳᠤᠯᠭᠠᠨ ᠤ ᠦᠷ᠎ᠡ ᠳ᠋ᠦᠩ ᠨᠢ ︽ᠵᠢᠮ᠎ᠡ ᠶᠣᠰᠤ ᠲᠠᠢ ᠬᠦᠳᠡᠯᠭᠡᠭᠡᠨ ᠬᠢᠪᠡᠯ ᠮᠠᠰᠢ ᠤᠯᠠᠨ ᠡᠪᠡᠳᠴᠢᠨ ᠡᠮᠬᠡᠭ ᠢ ᠡᠰᠡᠷᠭᠦᠴᠡᠵᠦ ᠪᠣᠯᠤᠨ᠎ᠠ᠂ ᠵᠢᠱᠢᠶᠡᠯᠡᠪᠡᠯ ᠵᠢᠷᠦᠭᠡ ᠶᠢᠨ ᠡᠪᠡᠳᠴᠢᠨ ᠪᠣᠯᠤᠨ ᠵᠠᠷᠢᠮ ᠦᠮᠡᠨ ᠡᠪᠡᠳᠴᠢᠨ ᠵᠡᠷᠭᠡ︾ ᠬᠡᠰᠡᠨ ᠡᠨᠡ ᠬᠦ ᠣᠨᠤᠯ ᠢ ᠭᠡᠷᠡᠴᠢᠯᠡᠬᠦ ᠰᠢᠨ᠎ᠡ ᠭᠡᠷᠡᠴᠢ ᠬᠠᠩᠭᠠᠵᠠᠢ ᠭᠡᠪᠡ᠃     ᠰᠣᠳᠤᠯᠭᠠᠳᠡᠳ ᠵᠢᠭᠠᠵᠤ ᠭᠠᠷᠭᠠᠭᠰᠠᠨ ᠨᠢ᠂ ᠤᠷᠢᠲᠤ ᠪᠣᠯᠴᠢᠷᠬᠠᠢ ᠶᠢᠨ ᠦᠮᠡᠨ ᠳᠤ ᠨᠡᠷᠪᠡᠭᠳᠡᠭᠰᠡᠨ ᠢᠶᠠᠷ ᠣᠨᠤᠰᠢᠯᠠᠭᠳᠠᠭᠰᠠᠨ ᠡᠪᠡᠳᠴᠢᠳᠡᠳ ᠲᠦᠷᠬᠡᠨ ᠠᠯᠬᠤᠬᠤ ᠬᠦᠳᠡᠯᠭᠡᠭᠡᠨ ᠬᠢᠭᠰᠡᠨ ᠤ ᠲᠠᠷᠠᠭ᠎ᠠ᠂ ᠤᠷᠢᠲᠤ ᠪᠣᠯᠴᠢᠷᠬᠠᠢ ᠶᠢᠨ ᠦᠮᠡᠨ ᠤ ᠲᠠᠷᠬᠠᠬᠤ ᠨᠢ ᠬᠤᠶᠢᠰᠢᠯᠠᠭᠤᠯᠬᠤ ᠪᠣᠶᠤ ᠴᠢᠨᠠᠭᠰᠢᠯᠠᠭᠠᠳ ᠤᠷᠢᠲᠤ ᠪᠣᠯᠴᠢᠷᠬᠠᠢ ᠶᠢᠨ ᠦᠮᠡᠨ ᠢ ᠤᠴᠢᠳᠴᠢᠯᠡᠨ ᠰᠡᠷᠬᠡᠶᠢᠯᠡᠬᠦ ᠪᠤᠯᠤᠨ᠎ᠠ ᠭᠡᠪᠡ᠃     ᠲᠠᠭᠠᠤ ᠳᠤᠨᠢ ᠰᠠᠨᠠᠭᠤᠯᠬᠤ ᠨᠢ ᠡᠷᠡᠭᠦᠯ ᠮᠡᠨᠲᠤ ᠠᠯᠬᠤᠬᠤ ᠶᠢᠨ 8 ᠠᠷᠭ᠎ᠠ ᠶᠢ ᠵᠥᠪ ᠬᠡᠷᠡᠭᠯᠡᠪᠡᠯ ᠲᠠᠨ ᠤ ᠨᠢᠭᠡ ᠨᠠᠰᠦᠨ ᠤ ᠣᠯᠵᠠ ᠪᠣᠯᠤᠨ᠎ᠠ᠃    1.ᠶᠡᠭᠡ ᠠᠯᠬᠤᠮ ᠢᠶᠠᠷ ᠠᠯᠬᠤᠬᠤ᠄ ᠬᠤᠶᠢᠲᠤ ᠬᠥᠯ ᠢᠶᠠᠨ ᠬᠦᠴᠦᠯᠡᠵᠤ᠂ ᠡᠮᠤᠨ᠎ᠡ ᠬᠥᠯ ᠢᠶᠠᠨ ᠲᠡᠭᠡᠭᠡᠰᠢ ᠡᠷᠬᠦᠵᠤ᠂ ᠬᠥᠯ ᠤᠨ ᠪᠤᠯᠴᠢᠩ ᠢᠶᠠᠷ ᠢᠶᠠᠨ ᠬᠦᠴᠦᠯᠡᠨ᠎ᠡ᠃ ᠡᠨᠡ ᠪᠣᠯ ᠨᠡᠷ᠎ᠡ ᠳᠡᠭᠡᠨ ᠲᠣᠬᠢᠷᠠᠭᠰᠠᠨ ᠬᠦᠴᠢᠯᠳᠦ᠋ᠷᠦᠭᠴᠢᠲᠤ ᠬᠦᠳᠡᠯᠭᠡᠭᠡᠨ ᠪᠣᠯᠤᠨ᠎ᠠ᠃    2. ᠮᠠᠷᠢᠶ᠎ᠠ ᠰᠢᠭᠤᠷᠠᠭᠤᠯᠬᠤ ᠳᠤ ᠵᠤᠬᠢᠬᠤ ᠠᠯᠬᠤᠬᠤ ᠠᠷᠭ᠎ᠠ᠄ ᠬᠤᠶᠠᠷ ᠭᠠᠷ ᠢᠶᠠᠨ ᠲᠣᠯᠤᠭᠠᠢ ᠶᠢᠨ ᠠᠷᠤ  ᠳᠠᠭᠠᠨ ᠰᠣᠯᠪᠢᠴᠠᠭᠤᠯᠵᠤ ᠲᠠᠯᠪᠢᠨ᠂ ᠴᠡᠭᠡᠵᠢ ᠪᠠᠨ ᠲᠡᠨᠢᠭᠦᠨ ᠪᠠᠶᠢᠯᠭᠠᠵᠤ᠂ ᠦᠰᠦᠬᠡᠢ ᠪᠠᠷ ᠢᠶᠠᠨ ᠶᠠᠪᠣᠨ᠂ ᠬᠥᠯ ᠤᠨ ᠬᠤᠷᠤᠭᠤᠨ ᠦᠵᠦᠭᠦᠷ ᠢᠶᠠᠨ ᠲᠡᠭᠡᠭᠡᠰᠢ ᠡᠷᠬᠦᠵᠦ ᠶᠠᠪᠤᠨ᠎ᠠ᠃ ᠡᠬᠢᠯᠡᠵᠤ ᠬᠢᠬᠦ ᠳᠤ ᠦᠰᠦᠬᠡᠢ ᠡᠪᠡᠳᠬᠦ ᠪᠠᠶᠢᠳᠠᠯ ᠢᠯᠡᠷᠡᠪᠡᠯ᠂ ᠡᠨᠡᠬᠦ ᠬᠦᠳᠡᠯᠭᠡᠭᠡᠨ ᠢ ᠲᠠ ᠨᠡᠩ ᠬᠢᠬᠦ ᠴᠢᠬᠤᠯᠠᠲᠠᠢ ᠬᠡᠰᠡᠨ ᠢ ᠬᠠᠷᠠᠭᠤᠯᠵᠤ ᠪᠠᠶᠢᠨ᠎ᠠ᠃    3.ᠭᠠᠷ ᠢᠶᠠᠨ ᠡᠷᠭᠦᠵᠦ ᠶᠠᠪᠤᠬᠤ᠄ ᠬᠤᠶᠠᠷ ᠭᠠᠷ ᠢᠶᠠᠨ ᠳᠡᠭᠡᠭᠰᠢ ᠪᠠᠭ᠎ᠠ ᠲᠡᠯᠭᠡᠨ ᠡᠷᠭᠦᠵᠦ ᠠᠯᠬᠤᠬᠤ᠂ ᠡᠨᠡᠬᠦ ᠬᠦᠳᠡᠯᠭᠡᠭᠡᠨ ᠨᠢ ᠬᠦᠵᠦᠭᠦᠨ ᠤ ᠬᠡᠰᠡᠭ ᠤᠨ ᠪᠣᠯᠴᠢᠩ ᠢ ᠪᠣᠯᠪᠠᠰᠤᠷᠠᠭᠤᠯᠵᠤ᠂ ᠬᠦᠵᠦᠭᠦᠦ ᠡᠪᠡᠳᠬᠦ ᠶᠢ ᠰᠡᠷᠬᠡᠶᠢᠯᠡᠨ᠎ᠡ    4.ᠬᠥᠯ ᠢᠶᠠᠨ ᠲᠡᠭᠡᠭᠡᠰᠢ ᠡᠷᠭᠦᠵᠤ ᠠᠯᠬᠤᠬᠤ᠄ ᠠᠯᠬᠤᠬᠤ ᠪᠦᠷᠢ ᠡᠪᠦᠳᠦᠭ ᠨᠤᠭᠤᠷᠠᠵᠤ᠂ ᠭᠤᠶ᠎ᠠ ᠪᠠᠨ ᠲᠡᠭᠡᠭᠡᠰᠢ ᠡᠷᠭᠦᠨ ᠶᠠᠪᠤᠨ᠎ᠠ᠃ ᠡᠨᠡ ᠨᠢ ᠨᠢᠷᠤᠭᠤᠨ ᠤ ᠪᠣᠯᠴᠢᠩ ᠢ ᠪᠣᠯᠪᠠᠰᠤᠷᠠᠭᠤᠯᠵᠤ᠂ ᠨᠢᠷᠤᠭᠤᠨ ᠤ ᠶᠠᠩᠵᠤ ᠶᠢ ᠭᠤᠶᠤ ᠪᠣᠯᠭᠠᠬᠤ ᠦᠢᠯᠡᠳᠦᠯ ᠲᠠᠢ ᠶᠤᠮ᠃    5.ᠦᠨᠳᠡᠶᠢᠵᠤ ᠠᠯᠬᠤᠬᠤ᠄ ᠬᠥᠯ ᠤᠨ ᠬᠤᠷᠤᠭᠤ ᠪᠠᠷ ᠢᠶᠠᠨ ᠬᠦᠴᠦᠯᠡᠵᠤ᠂ ᠪᠡᠶ᠎ᠡ ᠪᠠᠨ ᠦᠨᠳᠠᠶᠢᠰᠬᠢᠨ ᠠᠯᠬᠤᠨ᠎ᠠ᠃ ᠢᠩᠬᠢᠵᠤ ᠠᠯᠬᠤᠬᠤ ᠨᠢ ᠪᠡᠶ᠎ᠡ ᠶᠢᠨ ᠲᠤᠳᠤᠭᠠᠲᠤ ᠶᠢᠨ ᠪᠢᠴᠢᠯ ᠣᠷᠴᠢᠯ ᠳᠤ ᠲᠤᠰᠠᠲᠠᠢ ᠶᠤᠮ᠃    6.ᠮᠣᠰᠬᠢᠷᠠᠵᠤ ᠠᠯᠬᠤᠬᠤ᠄ ᠮᠣᠰᠬᠢᠷᠠᠵᠤ ᠠᠯᠬᠤᠬᠤ ᠨᠢ ᠭᠡᠳᠡᠰᠦ ᠶᠢ ᠢᠯᠢᠬᠦ ᠦᠢᠯᠡᠳᠦᠯ ᠲᠠᠢ᠂ ᠭᠡᠳᠡᠰᠦ ᠬᠤᠳᠤᠭᠤᠲᠤ ᠶᠢᠨ ᠬᠦᠳᠡᠯᠭᠡᠭᠡᠨ ᠢ ᠰᠠᠶᠢᠵᠢᠷᠠᠭᠤᠯᠤᠨ᠂ ᠢᠳᠡᠭᠡᠨ ᠢ ᠰᠢᠩᠭᠡᠭᠡᠵᠤ ᠭᠠᠳᠠᠭᠰᠢᠯᠠᠭᠤᠯᠵᠤ᠂ ᠬᠤᠷᠭᠤᠰᠤ ᠬᠠᠳᠠᠬᠤ ᠶᠢ ᠰᠡᠷᠭᠡᠶᠢᠯᠡᠬᠦ ᠪᠠ ᠬᠤᠰᠬᠢᠨᠠᠭ ᠤᠨ ᠦᠮᠡᠨ ᠣᠷᠤᠬᠤ ᠶᠢ ᠰᠡᠷᠭᠡᠶᠢᠯᠡᠨ᠎ᠡ᠃    7.ᠠᠯᠬᠤᠬᠤ ᠶᠢᠨ ᠲᠠᠭᠠᠤ ᠴᠣᠬᠢᠯᠠᠬᠤ᠄ ᠠᠯᠬᠤᠬᠤ ᠦᠶᠡᠰ ᠬᠤᠶᠠᠷ ᠭᠠᠷ ᠢᠶᠠᠷ ᠢᠶᠠᠨ ᠭᠡᠳᠡᠰᠦᠨ ᠤ ᠬᠤᠶᠠᠷ ᠲᠠᠯ᠎ᠠ ᠪᠠᠨ ᠴᠣᠬᠢᠯᠠᠵᠤ ᠶᠠᠪᠤᠪᠡᠯ᠂ ᠪᠦᠰᠡᠯᠡᠭᠦᠷ ᠤᠨ ᠬᠡᠰᠡᠭ ᠤᠨ ᠮᠠᠷᠢᠶ᠎ᠠ ᠶᠢ ᠰᠢᠭᠤᠷᠠᠭᠤᠯᠬᠤ ᠦᠢᠯᠡᠳᠦᠯ ᠲᠠᠢ ᠶᠤᠮ᠃    8.ᠤᠬᠤᠷᠢᠵᠤ ᠠᠯᠬᠤᠬᠤ᠄ ᠨᠢᠷᠤᠭᠤ ᠭᠡᠳᠡᠰᠦᠨ ᠤ ᠪᠣᠯᠴᠢᠩ ᠢ ᠴᠢᠬᠢᠷᠠᠭᠵᠢᠭᠤᠯᠵᠤ᠂ ᠲᠡᠩᠴᠡᠭᠦᠷᠢᠰᠢᠯ ᠢ ᠨᠡᠮᠡᠭᠳᠡᠭᠦᠯᠵᠦ᠂ ᠵᠦᠬᠡᠷ ᠠᠯᠬᠤᠬᠤ ᠠᠴᠠ ᠢᠯᠡᠭᠦᠦ ᠬᠦᠴᠢᠯᠳᠦ᠋ᠷᠥᠭᠴᠢᠲᠤ ᠬᠦᠳᠡᠯᠭᠡᠭᠡᠨ ᠪᠣᠯᠬᠤ ᠶᠤᠮ᠃ ᠪᠡᠶ᠎ᠡ ᠪᠣᠯᠪᠠᠰᠤᠷᠠᠬᠤ ᠨᠢ ᠰᠡᠳᠭᠢᠯ ᠠᠴᠠ ᠪᠡᠶ᠎ᠡ ᠳᠤ ᠬᠦᠷᠬᠦ ᠶᠠᠪᠤᠴᠠ ᠶᠤᠮ᠃ ᠪᠡᠶ᠎ᠡ ᠪᠠᠨ ᠪᠣᠯᠪᠠᠰᠤᠷᠠᠬᠤ ᠨᠢ ᠤᠷᠲᠤ ᠤᠳᠠᠭᠠᠨ ᠴᠠᠭ ᠤᠨ ᠰᠢᠷᠭᠠᠭᠤ ᠪᠣᠯᠪᠠᠰᠤᠷᠠᠯ ᠲᠡᠭᠡᠷ᠎ᠡ ᠪᠠᠶᠢᠨ᠎ᠠ᠃                                                                    ᠪᠡᠯᠡᠳᠭᠡᠭᠰᠡᠨ ᠨᠢ᠄ ᠪᠣᠣ ᠬᠤᠩ ᠯᠢᠶᠠᠩ
 
ᠢᠷᠡᠯᠲᠡ᠄ ᠰᠢᠲᠦᠭᠡᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号