ᠤᠶᠢᠷ᠎ᠠ ᠶᠢᠨ ᠡᠳᠤᠷ ︽ᠬᠠᠶᠢᠷ᠎ᠠ ᠬᠠᠯᠠᠮᠵᠢ ᠶᠢᠨ ᠨᠤᠮ ᠪᠢᠴᠢᠭ ᠬᠠᠨᠳᠢᠪᠯᠠᠵᠤ᠂ ᠶᠠᠳᠠᠭᠤ ᠶᠢ ᠲᠡᠳᠬᠦᠵᠦ | ᠰᠤᠷᠤᠯᠭ᠎ᠠ ᠶᠢ ᠲᠡᠳᠬᠦᠬᠦ︾ ᠠᠵᠢᠯᠯᠠᠭ᠎ᠠ ᠮᠠᠨ ᠤ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ | ᠶᠠᠪᠤᠭᠳᠠᠪᠠ᠃ | | | | | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠬᠤᠰᠢᠭᠤᠨ ᠳᠠᠷᠤᠭ᠎ᠠ ᠯᠢᠦ ᠰᠢᠤ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠧᠩ ᠳ᠋ᠦᠩ ᠫᠢᠩ᠂ | ᠪᠡᠭᠡᠵᠢᠩ ᠬᠤᠳᠡ ᠶᠢᠨ ᠹᠦ᠋ ᠳ᠋ᠧ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠭᠢᠯᠡᠭᠴᠢ ᠶᠢᠨ ᠳᠠᠷᠤᠭ᠎ᠠ ᠸᠠᠩ ᠯᠦ | ᠵᠢᠶᠠ᠂ ᠴᠢᠯᠥᠭᠡᠯᠡᠬᠦ ᠴᠡᠷᠢᠭ ᠤᠨ ᠨᠠᠢᠮᠠᠳᠤᠭᠠᠷ ᠠᠩᠭᠢ ᠶᠢᠨ ᠤᠤᠯ ᠤᠨ ᠬᠦᠨᠳᠦ ᠡᠷᠭᠦᠭᠴᠢ ᠶᠢᠨ ᠠᠪᠤᠷᠭᠤ ᠮᠠ ᠷᠦᠨ | ᠮᠧᠶ᠂ ᠥᠪᠥᠷ ᠮᠣᠩᠭᠤᠯ ᠤᠨ ᠸᠠᠨ ᠯᠢ ᠰᠢᠩ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠤᠨ ᠨᠠᠮ ᠤᠨ ᠬᠤᠷᠢᠶ᠎ᠠ ᠶᠢᠨ | ᠱᠦᠵᠢ ᠳ᠋ᠤᠸᠠᠨ ᠳ᠋ᠧᠩ ᠵᠢᠤᠢ ᠵᠢᠴᠢ ᠬᠤᠰᠢᠭᠤ ᠰᠢᠶᠠᠨ ᠤ ᠬᠠᠮᠢᠶ᠎ᠠ ᠪᠦᠬᠦᠢ ᠬᠥᠮᠦᠰ ᠠᠵᠢᠯᠯᠠᠭ᠎ᠠ ᠳᠤ ᠣᠷᠣᠯᠴᠠᠪᠠ᠃ | | | | | ᠠᠵᠢᠯᠯᠠᠭ᠎ᠠ ᠳᠤᠮᠳᠠ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠨᠠᠶᠢᠷᠠᠯ ᠳᠠᠭᠤᠤ ᠶᠢᠨ ᠪᠦᠯᠬᠦᠮ ︽ | ᠨᠦᠭᠦᠷ ᠯᠧᠢ ᠹᠧᠩ ᠠᠴᠠ ᠰᠤᠷᠤᠯᠴᠠᠶ᠎ᠠ︾᠂ ᠪᠠᠭᠰᠢ ᠨᠠᠷ ᠤᠨ ᠨᠠᠶᠢᠷᠠᠯ ᠳᠠᠭᠤᠤ ᠶᠢᠨ ᠪᠦᠯᠬᠦᠮ ︽ᠬᠠᠶᠢᠷ᠎ᠠ ᠶᠢᠨ | ᠨᠡᠮᠡᠷᠢ ᠬᠠᠨᠳᠢᠪᠯᠠᠯ︾᠂ ᠪᠠᠭᠰᠢ ᠰᠤᠷᠤᠭᠴᠢᠳ ᠤᠨ ᠨᠠᠶᠢᠷᠠᠯ ᠳᠠᠭᠤᠤ ᠶᠢᠨ ᠪᠦᠯᠬᠦᠮ ᠤᠨ ︽ᠪᠢ ᠡᠬᠡ ᠤᠷᠤᠨ ᠲᠠᠢ | ᠪᠠᠨ︾ ᠭᠡᠭᠦ ᠲᠠᠭᠤᠤ ᠲᠠᠭᠤᠯᠠᠵᠦ᠂ ᠬᠡᠦᠬᠡᠳ ᠤᠳ ᠭᠠᠷ ᠲᠤ ᠪᠠᠨ ᠲᠠᠪᠤᠨ ᠣᠳᠣᠲᠤ ᠤᠯᠠᠭᠠᠨ ᠲᠤᠭ ᠢᠶᠠᠨ ᠡᠷᠭᠦᠨ | ᠬᠤᠷᠤᠶᠢᠯᠠᠵᠦ᠂ ᠰᠡᠳᠬᠢᠯ ᠳᠠᠬᠢ ᠳᠤᠮᠳᠠᠳᠤ ᠶᠢᠨ ᠬᠦᠮᠦᠨ ᠪᠣᠯᠣᠨᠨᠰᠠᠨ ᠣᠮᠣᠭᠰᠢᠯ ᠢᠶᠠᠨ ᠲᠠᠭᠤᠯᠠᠵᠦ᠂ ᠠᠴᠢᠯᠠᠯᠲᠤ | ᠰᠡᠳᠬᠢᠯ ᠡᠪᠤᠷᠯᠠᠨ᠂ ᠰᠢᠷᠭᠠᠭᠤ ᠴᠢᠷᠮᠠᠶᠢᠨ ᠰᠤᠷᠤᠯᠴᠠᠵᠤ᠂ ᠡᠬᠡ ᠤᠷᠤᠨ ᠤ ᠬᠥᠭᠵᠢᠯ ᠪᠠᠳᠠᠷᠡᠯ ᠳᠤ ᠨᠢᠭᠡ ᠬᠤᠪᠢ | ᠬᠦᠴᠦᠨ ᠴᠢᠳᠠᠯ ᠢᠶᠠᠨ ᠡᠷᠭᠦᠨ᠎ᠡ᠃ | | | | | | | | | | | | | | ᠪᠡᠭᠡᠵᠢᠩ ᠤᠨ ᠹᠦ᠋ ᠳ᠋ᠧ ᠰᠠᠭᠤᠷᠢ ᠮᠥᠩᠭᠦᠨ ᠤ ᠨᠡᠶᠢᠭᠡᠮᠯᠢᠭ ᠬᠤᠰᠢᠭᠤᠨ ᠤ ᠬᠤᠶᠠᠳᠤᠭᠠᠷ ᠳᠤᠮᠳᠠᠳᠤ | ᠰᠤᠷᠭᠠᠭᠤᠯᠢ ᠳᠤ 10 ᠲᠦᠮᠡ ᠭᠠᠷᠤᠶ ᠲᠥᠭᠦᠷᠢᠭ ᠤᠨ ᠥᠷᠲᠡᠭ ᠪᠦᠬᠦᠢ 80 ᠭᠠᠷᠤᠶ ᠬᠠᠶᠢᠷᠴᠠᠭ ᠬᠢᠴᠢᠶᠡᠯ ᠤᠨ | ᠭᠠᠳᠠᠨᠠᠬᠢ ᠨᠣᠮ ᠪᠢᠴᠢᠭ ᠬᠠᠨᠳᠢᠪᠯᠠᠪᠠ᠃ ᠬᠡᠦᠬᠡᠳ ᠤᠳ ᠦᠪᠡᠷ ᠤᠨ ᠠᠯᠢ ᠲᠤᠷᠠᠳᠠᠢ ᠨᠤᠮ ᠪᠢᠴᠢᠭ ᠢᠶᠠᠨ ᠰᠤᠩᠭᠤᠨ | ᠰᠤᠨᠢᠷᠬᠠᠵᠦ᠂ ᠬᠦᠰᠡᠯ ᠵᠡᠭᠦᠳᠦ ᠡᠪᠦᠷᠯᠡᠵᠦ ᠠᠮᠳᠠᠷᠬᠠᠨ ᠤᠩᠰᠢᠨ ᠰᠤᠨᠢᠷᠬᠠᠵᠠᠭᠠᠨᠠ᠃ | | | ᠨᠠᠶᠢᠷᠠᠭᠤᠯᠣᠨᠨᠴᠢ᠄ ᠭᠧ ᠲᠣᠸᠠᠨ ᠯᠢᠶᠡᠨ | | |