ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-07-01
    6 ᠰᠠᠷ᠎ᠠ ᠶᠢᠨ 18 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠦᠬᠦ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠬᠡᠦᠬᠡᠳ ᠤᠨ ᠴᠡᠴᠡᠷᠯᠢᠭ ᠤᠨ ᠳᠠᠷᠤᠭ᠎ᠠ ᠪᠣᠯᠤᠨ ᠡᠯ᠎ᠡ ᠰᠤᠷᠭᠠᠭᠤᠯᠢ ᠶᠢᠨ ᠬᠤᠪᠢᠳᠠᠨ ᠬᠠᠮᠢᠶᠠᠷᠴᠤ ᠪᠦᠬᠦᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠬᠦ ᠪᠦᠷᠢᠯᠳᠦᠬᠦᠨ ᠪᠣᠯᠤᠨ ᠲᠣᠪᠴᠢᠶᠠᠨ ᠤ ᠡᠯ᠎ᠡ ᠲᠠᠰᠤᠭ ᠤᠨ ᠬᠠᠷᠢᠭᠤᠴᠠᠯᠭᠠᠲᠠᠨ ᠪᠠᠰᠠ ᠬᠤᠷᠠᠯ ᠳᠤ ᠣᠷᠣᠯᠴᠠᠪᠠ᠃ ᠲᠤᠰ ᠤᠳᠠᠭᠠᠨ ᠤ ᠬᠤᠷᠠᠯ ᠪᠣᠯ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠵᠠᠩᠭᠢᠯᠠᠭ᠎ᠠ ᠶᠢᠨ ᠴᠠᠭ ᠣᠶᠢᠶ᠎ᠠ ᠳᠤ ᠣᠷᠣᠭᠰᠠᠨ ᠨᠢᠭᠡ ᠤᠳᠠᠭᠠᠨ ᠤ ᠲᠤᠶᠢᠯ ᠤᠨ ᠴᠢᠬᠤᠯᠠ ᠬᠤᠷᠠᠯ ᠪᠣᠯᠤᠨ᠎ᠠ᠂ ᠬᠤᠷᠠᠯ ᠨᠢ ᠪᠥᠬᠦ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠬᠥᠭᠵᠢᠭᠡᠬᠦ ᠳᠤ ᠢᠳᠡᠪᠬᠢᠲᠡᠶ ᠦᠶᠯᠡᠳᠦᠯ ᠦᠵᠡᠭᠦᠯᠵᠡᠢ᠃

    ᠬᠤᠷᠠᠯ ᠠᠴᠠ ᠣᠳᠣᠬᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠶᠠᠳᠠᠭᠤ ᠠᠴᠠ

ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ︽ᠠᠷᠪᠠᠨ ᠭᠤᠷᠪᠠᠨ ᠵᠦᠢᠯ ᠢ ᠲᠣᠳᠣᠷᠬᠠᠶ ᠶᠠᠷᠢᠭᠰᠠᠨ︾

ᠲᠤᠬᠠᠢ ᠲᠣᠳᠣᠷᠬᠠᠶᠢᠯᠠᠯᠲᠠ ᠬᠢᠭᠰᠡᠨ ᠪᠥᠭᠡᠳ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ︿ᠬᠤᠶᠠᠷ ᠢ

ᠬᠡᠯᠲᠦᠷᠢᠭᠦᠯᠵᠦ ᠬᠤᠶᠠᠷ ᠢ ᠨᠥᠬᠦᠪᠥᠷᠢᠯᠡᠬᠦ﹀ ᠲᠥᠷᠥ ᠶᠢᠨ ᠪᠣᠳᠣᠯᠭ᠎ᠠ︾᠂ ︽ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ︾᠂ ︽ᠡᠩ ᠤᠨ ᠥᠨᠳᠥᠷ ᠵᠡᠷᠭᠡ ᠶᠢᠨ ᠳᠤᠮᠳᠠᠳᠤ

ᠰᠤᠷᠭᠠᠭᠤᠯᠢ ᠵᠢᠴᠢ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ

ᠲᠤᠰᠠᠯᠠᠬᠤ ᠲᠥᠷᠥ ᠶᠢᠨ ᠪᠣᠳᠣᠯᠭ᠎ᠠ︾᠂ ︽ᠤᠯᠠᠭᠠᠨᠴᠠᠪ ᠬᠤᠲᠠ ᠶᠢᠨ ︿ᠰᠤᠷᠭᠠᠨ ᠬᠥᠮᠦᠵᠢᠯ ᠢ ᠬᠥᠭᠵᠢᠭᠦᠯᠵᠦ

ᠨᠢᠭᠡ ᠪᠦᠯᠦᠭ ᠬᠥᠮᠦᠰ ᠢ ᠶᠠᠳᠠᠭᠤ ᠠᠴᠠ ᠠᠩᠭᠢᠵᠢᠷᠠᠭᠤᠯᠬᠤ﹀ ᠲᠥᠷᠥ ᠶᠢᠨ ᠪᠣᠳᠣᠯᠭ᠎ᠠ︾᠂ ︽2019 ᠣᠨ ᠤ

ᠰᠤᠷᠤᠭᠴᠢ ᠶᠢᠨ ᠢᠷᠡᠯᠲᠡ ᠶᠢᠨ ᠣᠷᠣᠨ ᠤ ᠰᠤᠷᠤᠯᠭ᠎ᠠ ᠲᠡᠳᠬᠦᠬᠦ ᠵᠢᠭᠡᠯᠡᠯᠭᠡ ᠵᠢᠴᠢ ᠶᠡᠭᠡ ᠰᠤᠷᠭᠠᠭᠤᠯᠢ ᠶᠢᠨ ᠰᠢᠨ᠎ᠡ

ᠰᠤᠷᠤᠭᠴᠢ ᠶᠢ ᠲᠤᠰᠠᠯᠠᠬᠤ ᠲᠥᠷᠥᠯ ᠵᠦᠶᠯ︾ ᠵᠡᠷᠭᠡ ᠣᠳᠣ ᠶᠢᠨ ᠬᠡᠷᠡᠭᠵᠢᠭᠦᠯᠵᠦ ᠪᠠᠶᠢᠭ᠎ᠠ ᠰᠤᠷᠭᠠᠨ ᠬᠥᠮᠦᠵᠢᠯ ᠤᠨ

ᠲᠤᠰᠠᠯᠠᠬᠤ ᠲᠥᠷᠥ ᠶᠢᠨ ᠪᠣᠳᠣᠯᠭ᠎ᠠ ᠳᠤ ᠨᠠᠷᠢᠨ ᠲᠠᠶᠢᠯᠤᠮᠵᠢ ᠬᠢᠭᠰᠡᠨ ᠪᠥᠭᠡᠳ ᠲᠠᠷᠠᠭᠠᠴᠢ ᠶᠢᠨ ᠠᠯᠬᠤᠮ ᠤᠨ ᠪᠥᠬᠦ

ᠬᠤᠰᠢᠭᠤᠨ ᠤ ᠰᠤᠷᠭᠠᠨ ᠬᠥᠮᠦᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ

ᠠᠵᠢᠯ ᠳᠤ ᠪᠣᠳᠠᠲᠠᠶ ᠲᠣᠬᠢᠷᠠᠭᠤᠯᠤᠯᠲᠠ ᠬᠢᠭᠰᠡᠨ ᠪᠠᠶᠢᠨ᠎ᠠ᠃

    ᠬᠤᠷᠠᠯ ᠳᠤ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠥᠷᠭᠡᠨ ᠤᠯᠠᠨ ᠺᠠᠳ᠋ᠷ ᠪᠠᠭᠰᠢ ᠨᠠᠷ

ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ

᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠬᠦᠴᠢᠷ ᠠᠴᠠ ᠠᠶᠤᠬᠤ ᠦᠭᠡᠢ ᠳᠠᠶᠢᠨ ᠠᠴᠠ ᠬᠠᠯᠠᠰᠢᠷᠠᠬᠤ ᠦᠭᠡᠢ᠂

ᠢᠳᠡᠪᠬᠢᠲᠡᠢ ᠪᠠᠷ ᠬᠥᠳᠡᠯᠦᠯᠴᠡᠵᠦ᠂ ᠪᠣᠳᠠᠲᠠᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠪᠦᠲᠦᠮᠵᠢᠲᠡᠢ ᠠᠷᠭ᠎ᠠ

ᠬᠡᠮᠵᠢᠶ᠎ᠡ ᠠᠪᠴᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠣᠭᠲᠠᠭᠰᠠᠨ ᠬᠤᠭᠤᠴᠠᠭᠠᠨ ᠳᠤ

ᠶᠠᠳᠠᠭᠤ ᠠᠴᠠ ᠠᠩᠭᠢᠵᠢᠷᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ

ᠱᠠᠭᠠᠷᠳᠠᠪᠠ᠃

    ᠬᠤᠷᠠᠯ ᠳᠡᠭᠡᠷ᠎ᠡ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠡᠯ᠎ᠡ ᠳᠤᠮᠳᠠᠳᠤ ᠪᠠᠭ᠎ᠠ

ᠰᠤᠷᠭᠠᠭᠤᠯᠢ ᠬᠡᠦᠬᠡᠳ ᠤᠨ ᠴᠡᠴᠡᠷᠯᠢᠭ ᠪᠠᠰᠠ ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ

ᠬᠥᠮᠦᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠵᠠᠷᠯᠢᠭ ᠤᠨ ᠪᠢᠴᠢᠭ︾

 ᠢ ᠲᠣᠭᠲᠠᠭᠠᠵᠤ᠂ ︽ᠵᠠᠷᠯᠢᠭ ᠤᠨ ᠪᠢᠴᠢᠭ︾ ᠤᠨ ᠬᠡᠯᠪᠡᠷᠢ ᠪᠠᠷ ᠰᠤᠷᠭᠠᠨ ᠬᠥᠮᠦᠵᠢᠯ ᠤᠨ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠠᠷᠠᠯᠲᠠ ᠡᠭᠦᠷᠭᠡ ᠶᠢ ᠲᠣᠭᠲᠠᠭᠰᠠᠨ

ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠪᠠ᠃

                                       ᠵᠣᠬᠢᠶᠠᠭᠴᠢ᠄ ᠰᠤᠷᠭᠠᠨ ᠬᠥᠮᠦᠵᠢᠯ ᠤᠨ ᠲᠣᠪᠴᠢᠶ᠎ᠠ

                                       ᠣᠷᠴᠢᠭᠤᠯᠤᠭᠴᠢ᠄ ᠪᠣᠣ ᠬᠤᠩ ᠯᠢᠶᠠᠩ

 
ᠢᠷᠡᠯᠲᠡ᠄ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号