ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠴᠢᠬᠤᠯᠠ ᠶᠡᠭᠡ ᠠᠴᠢ | ᠬᠤᠯᠪᠣᠭᠳᠠᠯ ᠢ ᠥᠷᠭᠡᠨ ᠢᠶᠠᠷ ᠤᠬᠠᠭᠤᠯᠬᠤ ᠶᠢᠨ ᠲᠥᠯᠥᠭᠡ᠂ ᠥᠷᠭᠡᠨ ᠣᠯᠠᠨ ᠨᠠᠮ ᠤᠨ ᠭᠡᠰᠢᠭᠦᠨ ᠪᠣᠯᠤᠨ ᠣᠯᠠᠨ | ᠲᠦᠮᠡᠨ ᠤ ᠤᠯᠤᠰ ᠲᠥᠷᠦ ᠶᠢᠨ ᠵᠣᠭᠰᠤᠴᠠ ᠶᠢ ᠦᠨᠳᠦᠷᠵᠢᠭᠦᠯᠬᠦ ᠶᠢ ᠰᠤᠷᠭᠠᠨ ᠬᠦᠮᠦᠵᠢᠭᠦᠯᠵᠦ ᠬᠦᠲᠦᠯᠵᠡᠢ᠃ 6 | ᠰᠠᠷ᠎ᠠ ᠶᠢᠨ 18 ᠤ ᠡᠳᠦᠷ ᠠᠴᠠ ᠡᠬᠢᠯᠡᠨ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠵᠠᠩ ᠰᠦᠸᠧ ᠯᠢᠨ | ᠂ ᠵᠣᠬᠢᠶᠠᠨ ᠪᠠᠶᠢᠭᠤᠯᠬᠤ ᠭᠡᠰᠢᠭᠦᠨ ᠳ᠋ᠤᠸᠠᠨ ᠯᠢᠨ ᠰᠢ᠂ ᠤᠬᠠᠭᠤᠯᠬᠤ ᠭᠡᠰᠢᠭᠦᠨ ᠯᠦ ᠵᠢᠶᠠᠨ ᠹᠧᠩ ᠭᠤᠷᠪᠠᠨ | ᠳᠤᠭᠤᠶᠢᠯᠠᠩ ᠬᠤᠪᠢᠶᠠᠨ ᠡᠯ᠎ᠡ ᠵᠠᠰᠠᠭ ᠵᠠᠬᠢᠷᠭ᠎ᠠ ᠳᠤ ᠬᠦᠷᠴᠦ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ︾ ᠲᠤᠰᠬᠠᠶ ᠲᠡᠮᠡᠴᠡᠯ ᠤᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠶᠢᠨ ᠳᠤᠮᠳᠠ᠂ ᠡᠯ᠎ᠡ ᠳᠤᠭᠤᠶᠢᠯᠠᠩ ᠤᠨ ᠬᠢᠨ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠤᠨ ᠴᠢᠬᠤᠯᠠ ᠠᠴᠢ ᠬᠤᠯᠪᠣᠭᠳᠠᠯ᠂ ᠶᠡᠷᠦᠩᠬᠡᠶ ᠱᠠᠭᠠᠷᠳᠠᠯᠭ᠎ᠠ᠂ ᠬᠠᠷᠠᠯᠲᠠ ᠡᠭᠦᠷᠭᠡ᠂ | ᠴᠣᠬᠢᠯᠲᠠ ᠥᠭᠬᠦ ᠭᠤᠤᠯᠳᠠᠯᠭ᠎ᠠ ᠵᠡᠷᠭᠡ ᠲᠠᠯ᠎ᠠ ᠪᠠᠷ ᠭᠤᠤᠯᠳᠠᠭᠤᠯᠵᠤ᠂ ᠮᠠᠨ ᠤ ᠪᠠᠯᠭᠠᠰᠤᠨ ᠤ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠲᠠᠢ | ᠤᠶᠠᠯᠳᠤᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠳᠤ ᠪᠦᠬᠦ ᠲᠠᠯ᠎ᠠ ᠪᠠᠷ | ᠨᠠᠷᠢᠨ ᠨᠢᠮᠪᠠᠶ ᠴᠣᠬᠢᠯᠲᠠ ᠥᠭᠴᠡᠶ᠃ ᠲᠡᠷᠡᠴᠢᠯᠡᠨ ᠥᠷᠭᠡᠨ ᠣᠯᠠᠨ ᠬᠥᠳᠡᠭᠡ ᠲᠣᠰᠬᠤᠨ ᠤ ᠨᠠᠮ ᠤᠨ ᠭᠡᠰᠢᠭᠦᠨ | ᠺᠠᠳ᠋ᠷ ᠵᠢᠱᠢᠶᠡᠴᠢ ᠳᠠᠭᠠᠭᠤᠯᠬᠤ ᠦᠶᠯᠡᠳᠦᠯ ᠢᠶᠠᠨ ᠰᠠᠶᠢᠲᠤᠷ ᠪᠠᠳᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠨᠡᠶᠢᠭᠡᠮ ᠤᠨ ᠡᠶ᠎ᠡ | ᠵᠣᠬᠢᠴᠠᠩᠭᠤᠶ ᠲᠣᠭᠲᠠᠭᠤᠨ ᠢ ᠬᠠᠮᠠᠭᠠᠯᠠᠵᠤ᠂ ᠥᠷᠭᠡᠨ ᠣᠯᠠᠨ ᠠᠷᠠᠳ ᠲᠦᠮᠡᠨ ᠤ ᠵᠣᠯ ᠵᠢᠷᠭᠠᠯᠲᠤ ᠲᠥᠷᠥᠭᠳᠡᠯ᠂ | ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ | ᠦᠵᠡᠭᠦᠯᠰᠦᠭᠡᠶ ᠭᠡᠵᠦ ᠤᠷᠢᠶᠠᠯᠠᠪᠠ᠃ | | | | | ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠲᠣᠰᠬᠤᠨ ᠤ | ᠠᠷᠠᠳ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨᠠᠵᠢᠯ ᠳᠤ ᠨᠠᠩ ᠭᠦᠨᠵᠡᠭᠡᠶ | ᠣᠶᠢᠯᠠᠭᠠᠯᠲᠠ ᠲᠠᠢ ᠪᠣᠯᠵᠤ᠂ ᠲᠣᠰ ᠪᠡᠶ᠎ᠡ ᠶᠢᠨ ᠶᠡᠷᠦᠩᠬᠡᠶᠢᠯᠡᠭᠰᠡᠨ ᠬᠡᠪ ᠴᠢᠨᠠᠷ ᠢᠶᠠᠨ ᠳᠡᠭᠡᠭᠰᠢᠯᠡᠭᠦᠯᠵᠡᠶ ᠭᠡᠵᠦ | ᠢᠯᠡᠳᠬᠡᠵᠡᠭᠡᠪᠡ᠃ ᠪᠠᠰᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠳᠤ ᠣᠷᠣᠯᠴᠠᠬᠤ ᠡᠷᠡᠰ ᠵᠣᠷᠢᠭ | ᠪᠣᠯᠤᠨ ᠢᠲᠡᠭᠡᠯ ᠢᠶᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠯᠠᠪᠲᠠᠶ ᠴᠤᠤᠷᠢᠶᠠᠲᠤᠨ | ᠳᠠᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠢ ᠡᠷᠡᠰ ᠳᠠᠮᠵᠢᠨ᠎ᠠ | ᠭᠡᠵᠡᠢ᠃ | | ᠵᠣᠬᠢᠶᠠᠭᠴᠢ᠄ ᠯᠢᠦ ᠯᠢ ᠰᠢᠩ | ᠣᠷᠴᠢᠭᠤᠯᠤᠭᠴᠢ᠄ ᠪᠣᠣ ᠬᠤᠩ ᠯᠢᠶᠠᠩ | |