ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠵᠢᠯ ᠪᠠ ᠪᠦᠲᠦᠭᠡᠯᠴᠢ ᠴᠢᠨᠠᠷ ᠢ ᠤᠯᠠᠮ ᠨᠢᠭᠡ | ᠠᠯᠬᠤᠮ ᠬᠥᠭᠵᠢᠭᠡᠨ ᠳᠠᠶᠢᠴᠢᠯᠠᠬᠤ ᠶᠢᠨ ᠲᠥᠯᠥᠭᠡ᠂ 7 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠲᠤ | ᠴᠧᠩ ᠽᠢ ᠰᠢᠶᠠᠩ ᠨᠠᠮ ᠪᠠᠶᠢᠭᠤᠯᠤᠭᠳᠠᠭᠰᠠᠨ 98 ᠵᠢᠯ ᠤᠨ ᠣᠢ ᠶᠢ ᠪᠡᠯᠭᠡᠯᠡᠬᠦ ᠵᠢᠴᠢ ︽7.1︾ ᠤ ᠨᠠᠮ ᠤᠨ | ᠡᠳᠦᠷ ᠤᠨ ᠭᠤᠤᠯ ᠰᠡᠳᠦᠪᠲᠦ ᠠᠵᠢᠯᠯᠠᠭ᠎ᠠ ᠶᠢ ᠰᠠᠶᠢᠰᠢᠶᠠᠨ ᠬᠥᠬᠢᠭᠦᠯᠵᠦ᠂ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠨᠠᠮ ᠤᠨ ᠰᠤᠷᠲᠠᠯ ᠪᠠᠶᠢᠴᠠᠭᠠᠬᠤ ᠲᠠᠰᠤᠭ ᠤᠨ ᠡᠷᠬᠢᠯᠡᠭᠴᠢ ᠬᠤᠸᠠᠩ ᠰᠢᠤᠢ ᠴᠢᠨ᠂ | ᠬᠤᠲᠠ ᠶᠢᠨ ᠨᠠᠮ ᠤᠨ ᠬᠤᠷᠢᠶ᠎ᠠ ᠠᠴᠠ ᠲᠤ ᠴᠧᠩ ᠽᠢ ᠰᠢᠶᠠᠩ ᠳᠤ ᠲᠣᠮᠢᠯᠠᠨ ᠰᠠᠭᠤᠯᠭᠠᠭᠰᠠᠨ ᠬᠢᠨᠠᠨ ᠵᠢᠯᠣᠭᠤᠳᠬᠤ | ᠳᠤᠭᠤᠶᠢᠯᠠᠩ ᠤᠨ ᠪᠦᠷᠢᠯᠳᠦᠬᠦᠨ᠂ ᠪᠥᠬᠦ ᠰᠢᠶᠠᠩ ᠤᠨ ᠺᠠᠳ᠋ᠷ᠂ ᠡᠯ᠎ᠡ ᠲᠣᠰᠬᠤᠨ ᠤ ᠱᠦᠵᠢ᠂ ᠡᠷᠬᠢᠯᠡᠭᠴᠢ᠂ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃ ᠰᠤᠮᠤ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠤᠤ ᠸᠧᠶ ᠨᠥᠬᠦᠷ ᠬᠤᠷᠠᠯ ᠡᠷᠬᠢᠯᠡᠪᠡ᠃ | | | | | ᠬᠤᠷᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ ᠶᠠᠩ ᠢᠦᠶ ᠯᠢᠶᠠᠩ ᠨᠥᠬᠦᠷ | ᠰᠢᠶᠠᠩ ᠤᠨ ᠨᠠᠮ ᠤᠨ ᠬᠤᠷᠢᠶᠠᠨ ᠤ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃ ᠪᠠᠶ ᠶᠠᠩ᠂ | ᠯᠢ ᠰᠧ ᠬᠤ᠋᠂ ᠵᠠᠩ ᡁᠢ ᠹᠧᠶ ᠵᠡᠷᠭᠡ 24 ᠨᠥᠬᠦᠳ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠳᠤ ᠢᠷᠠᠭᠤ | ᠠᠯᠳᠠᠷ ᠤᠨ ᠴᠣᠯᠠ ᠣᠯᠭᠤᠪᠠ᠃ | | | | | ᠬᠤᠲᠠ ᠶᠢᠨ ᠨᠠᠮ ᠤᠨ ᠬᠤᠷᠢᠶᠠᠨ ᠤ ᠲᠣᠮᠢᠯᠠᠨ ᠰᠠᠭᠤᠯᠭᠠᠭᠰᠠᠨ ᠲᠤ ᠴᠧᠩ ᠽᠢ ᠰᠢᠶᠠᠩ ᠤᠨ ᠱᠠᠯᠠᠪᠳᠠᠭᠤᠯᠤᠨ | ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠧᠤ ᠰᠢ ᠣᠯᠠᠨ ᠳᠤ ᠨᠢᠭᠡᠨ ᠭᠦᠨᠵᠡᠭᠡᠶ ᠨᠠᠮ ᠤᠨ ᠬᠢᠴᠢᠶᠡᠯ ᠵᠢᠭᠠᠵᠤ᠂ | ᠳᠤᠮᠳᠠᠳᠤ ᠤᠯᠤᠰ ᠠᠴᠠ ᠡᠪ ᠬᠠᠮᠲᠤ ᠨᠠᠮ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯ ᠳᠠᠷᠤᠶ | ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ | ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ ᠭᠡᠵᠦ ᠲᠣᠳᠣᠷᠬᠠᠶᠢᠯᠠᠨ ᠥᠭᠦᠯᠡᠪᠡ᠃ ᠪᠢᠳᠡ ᠨᠠᠮ ᠪᠠᠶᠢᠭᠤᠯᠬᠤ | ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠶᠢᠨ ᠲᠡᠮᠡᠴᠡᠯ ᠤᠨ ᠵᠣᠷᠢᠭ ᠰᠠᠨᠠᠭ᠎ᠠ ᠶᠢ ᠡᠭᠦᠷᠢᠳᠡ ᠪᠠᠷᠢᠮᠲᠠᠯᠠᠵᠤ᠂ | ᠥᠨᠢᠳᠡ ᠪᠠᠯᠠᠷᠠᠰᠢ ᠦᠭᠡᠢ ᠣᠶᠤᠨ ᠰᠠᠨᠠᠭᠠᠨ ᠤ ᠳᠦᠷᠰᠦ ᠪᠠᠶᠢᠳᠠᠯ ᠪᠠ ᠲᠡᠮᠡᠴᠡᠯ ᠤᠨ ᠳᠦᠷᠰᠦ ᠪᠠᠶᠢᠳᠠᠯ ᠢᠶᠠᠨ | ᠡᠭᠦᠷᠢᠳᠡ ᠪᠠᠷᠢᠮᠲᠠᠯᠠᠬᠤ ᠬᠡᠷᠡᠭᠲᠡᠶ ᠭᠡᠵᠡᠢ᠃ | ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠮ ᠤᠨ ᠰᠤᠷᠲᠠᠯ ᠪᠠᠶᠢᠴᠠᠭᠠᠬᠤ ᠲᠠᠰᠤᠭ ᠤᠨ | ᠡᠷᠬᠢᠯᠡᠭᠴᠢ ᠬᠤᠸᠠᠩ ᠰᠢᠣᠢ ᠴᠢᠨ ᠨᠠᠮ ᠤᠨ ᠰᠤᠷᠲᠠᠯ ᠴᠢᠬᠡᠴᠢ ᠵᠠᠰᠠᠭ ᠤᠨ ᠲᠤᠰᠬᠠᠶ ᠰᠡᠳᠦᠪᠲᠦ ᠶᠠᠷᠢᠶ᠎ᠠ ᠢᠯᠡᠳᠬᠡᠯ | ᠬᠢᠵᠦ᠂ ᠨᠠᠮ ᠤᠨ ᠭᠡᠷᠡᠯ ᠰᠠᠴᠤᠷᠠᠩᠭᠤᠶ ᠳᠦᠷᠢ ᠲᠥᠷᠬᠦ ᠶᠢ ᠨᠠᠮ ᠤᠨ ᠭᠡᠰᠢᠭᠦᠨ ᠤ ᠬᠠᠮᠲᠤ ᠶᠢᠨ ᠴᠢᠷᠮᠠᠶᠢᠯᠭ᠎ᠠ ᠳᠤ | ᠲᠦᠰᠢᠭᠯᠡᠨ ᠮᠠᠭᠲᠠᠨ ᠰᠠᠶᠢᠰᠢᠶᠠᠵᠤ᠂ ᠨᠠᠮ ᠤᠨ ᠠᠰᠢᠭ ᠲᠤᠰᠠ ᠶᠢ ᠪᠢᠳᠡ ᠬᠠᠮᠲᠤᠪᠠᠷ ᠬᠠᠮᠠᠭᠠᠯᠠᠬᠤ ᠶᠢ ᠱᠠᠭᠠᠷᠳᠠᠵᠤ | ᠪᠠᠶᠢᠨ᠎ᠠ ᠭᠡᠵᠡᠢ᠃ ᠪᠢᠳᠡ ᠥᠪᠡᠷ ᠢ ᠪᠠᠨ ᠰᠡᠷᠡᠮᠵᠢᠯᠡᠭᠦᠯᠵᠦ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠰᠡᠷᠡᠮᠵᠢ ᠶᠢᠨ | ᠬᠤᠩᠬᠤ ᠶᠢ ᠪᠠᠶᠢᠩᠭᠤ ᠳᠤᠤᠭᠠᠷᠭᠠᠵᠤ᠂ ᠠᠷᠠᠳ ᠤᠨ ᠲᠥᠯᠥᠭᠡ ᠠᠷᠢᠭᠤᠨ ᠴᠢᠬᠡᠴᠢ ᠪᠠᠷ ᠵᠠᠰᠠᠭ ᠪᠠᠷᠢᠬᠤ ᠬᠡᠷᠡᠭᠲᠡᠶ | ᠭᠡᠵᠡᠢ᠃ | ᠬᠤᠷᠠᠯ ᠤᠨ ᠡᠴᠦᠰ ᠲᠤ᠂ ᠰᠢᠶᠠᠩ ᠤᠨ ᠨᠠᠮ ᠤᠨ ᠬᠤᠷᠢᠶᠠᠨ ᠤ ᠱᠦᠵᠢ ᠵᠠᠩ ᠵᠢᠶᠦ᠋ᠨ ᠳ᠋ᠦᠩᠨᠡᠯᠲᠡ ᠶᠢᠨ | ᠶᠠᠷᠢᠶ᠎ᠠ ᠲᠠᠯᠪᠢᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠢᠶᠠᠷ ᠰᠢᠨ᠎ᠡ ᠡᠬᠢᠯᠡᠯᠲᠡ | ᠪᠣᠯᠭᠠᠵᠤ᠂ ᠢᠷᠠᠭᠤ ᠠᠯᠳᠠᠷ ᠢᠶᠠᠨ ᠨᠠᠨᠳᠢᠩᠨᠠᠨ᠂ ᠬᠥᠬᠢᠭᠦᠯᠦᠭᠳᠡᠨ ᠰᠠᠶᠢᠰᠢᠶᠠᠭᠳᠠᠭᠰᠠᠨ ᠦᠭᠡᠢ ᠨᠥᠬᠦᠳ | ᠦᠷᠭᠦᠯᠵᠢᠯᠡᠨ ᠴᠢᠷᠮᠠᠶᠢᠵᠤ᠂ ᠲᠡᠷᠢᠭᠦᠨ ᠤ ᠬᠢ ᠠᠴᠠ ᠰᠤᠷᠤᠯᠴᠠᠬᠤ ᠶᠢ ᠬᠦᠰᠡᠪᠡ᠃ | | ᠵᠣᠬᠢᠶᠠᠭᠴᠢ᠄ ᠲᠤ ᠴᠧᠩ ᠽᠢ ᠰᠢᠶᠠᠩ | ᠣᠷᠴᠢᠭᠤᠯᠤᠭᠴᠢ᠄ ᠪᠣᠣ ᠬᠤᠩ ᠯᠢᠶᠠᠩ | |