7 ᠰᠠᠷ᠎ᠠ ᠶᠢᠨ 5 ᠤ ᠦᠳᠡ ᠶᠢᠨ ᠡᠮᠦᠨ᠎ᠡ᠂ ᠴᠠᠬᠠᠷ ᠪᠠᠷᠠᠭᠤᠨ ᠭᠠᠷᠤᠨᠲ᠋ᠤᠮᠲᠠᠲᠤ ᠬᠤᠰᠢᠭᠤᠨ ᠤ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ ︽ᠳᠣᠯᠣᠭᠠᠨ ᠰᠠᠷ᠎ᠠ ᠶᠢᠨ ᠨᠢᠭᠡᠨ ᠢ ᠪᠡᠯᠭᠡᠯᠡᠬᠦ ᠨᠠᠮ ᠤᠨ ᠬᠢᠴᠢᠶᠡᠯ︾ ᠭᠡᠬᠦ | ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭ᠎ᠠ ᠶᠢ | ᠨᠠᠮ ᠤᠨ ᠡᠭᠦᠷ ᠤᠨ ᠱᠦᠵᠢ ᠸᠠᠩ ᠯᠢ ᠹᠠᠩ ᠨᠥᠬᠦᠷ ᠡᠷᠬᠢᠯᠡᠵᠦ᠂ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠶᠢᠨ ᠪᠦᠬᠦ ᠺᠠᠳ᠋ᠷ ᠲᠣᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠪᠠ᠃ | ᠲᠣᠰ ᠤᠳᠠᠭ᠎ᠠ ᠶᠢᠨ ᠭᠤᠤᠯ ᠰᠡᠳᠦᠪᠲᠦ ᠨᠠᠮ ᠤᠨ ᠡᠳᠦᠷ ᠤᠨ ᠳᠦᠷᠪᠡᠨ ᠵᠥᠪᠯᠡᠬᠦ ᠵᠦᠶᠯ᠄ ᠨᠢᠭᠡ ᠳᠤ ᠪᠦᠬᠦ | ᠨᠠᠮ ᠤᠨ ᠭᠡᠰᠢᠭᠦᠨ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠡᠷᠭᠢᠴᠡᠭᠦᠯᠬᠦ ᠠᠵᠢᠯᠯᠠᠭ᠎ᠠ ᠥᠷᠨᠢᠭᠦᠯᠪᠡ | ︔ ᠬᠤᠶᠠᠷ ᠲᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠬᠠᠮᠲᠤ ᠪᠠᠷ ᠰᠤᠷᠤᠯᠴᠠᠬᠤ ᠲᠤᠬᠠᠶ ᠨᠢᠭᠡᠳᠦᠭᠡᠷ ᠶᠠᠷᠢᠶ᠎ᠠ — ︽ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠨᠠᠮ ᠪᠣᠯᠤᠨ | ᠤᠯᠤᠰ ᠠᠴᠠ ᠡᠷᠬᠡᠪᠰᠢ ᠤᠷᠲᠤ ᠬᠤᠭᠤᠴᠠᠭ᠎ᠠ ᠪᠠᠷ ᠪᠠᠷᠢᠮᠲᠠᠯᠠᠬᠤ ᠵᠢᠯᠣᠭᠤᠳᠬᠤ ᠦᠵᠡᠯ ᠰᠠᠨᠠᠭ᠎ᠠ ᠮᠥᠨ︾᠃ | ᠭᠤᠷᠪᠠ ᠳᠤ᠂ ᠨᠠᠮ ᠤᠨ ᠡᠭᠦᠷ ᠤᠨ ᠱᠦᠵᠢ ᠪᠦᠬᠦ ᠨᠠᠮ ᠤᠨ ᠭᠡᠰᠢᠭᠦᠨ ᠳᠤ ︽︿ᠳᠥᠷᠪᠡᠨ ᠤᠬᠠᠮᠰᠠᠷ﹀ ᠢ ᠡᠷᠡᠰ | ᠦᠶᠯᠡᠳᠦᠯᠭᠡᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠤᠶ᠎ᠠ︾ | ︔ ᠳᠥᠷᠪᠡ ᠳᠤ᠂ ᠪᠦᠬᠦ ᠨᠠᠮ ᠤᠨ ᠭᠡᠰᠢᠭᠦᠨ ᠨᠠᠮ ᠤᠨ ᠰᠦᠶᠳᠬᠡᠯ ᠲᠤᠰᠢᠶᠠᠨ᠎ᠠ᠃ | ᠲᠣᠰ ᠤᠳᠠᠭ᠎ᠠ ᠶᠢᠨ ᠱᠦᠵᠢ ᠶᠢᠨ ᠨᠠᠮ ᠤᠨ ᠬᠢᠴᠢᠶᠡᠯ ᠣᠷᠣᠬᠤ ᠠᠵᠢᠯᠯᠠᠭ᠎ᠠ ᠪᠠᠷ ᠳᠠᠮᠵᠢᠨ᠂ ᠪᠦᠬᠦ ᠨᠠᠮ ᠤᠨ | ᠭᠡᠰᠢᠭᠦᠨ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠡᠷᠬᠡᠪᠰᠢ ︽ᠳᠥᠷᠪᠡᠨ ᠤᠬᠠᠮᠰᠠᠷ︾ ᠢ ᠪᠠᠲᠤ ᠪᠣᠶ | ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠥᠷᠥ | ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠲᠡᠭᠡᠲᠤ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠲᠣᠰ ᠪᠡᠶ᠎ᠡ ᠶᠢᠨ ᠡᠭᠦᠷᠭᠡᠯᠡᠵᠦ ᠪᠠᠶᠢᠭ᠎ᠠ | ᠬᠠᠷᠢᠭᠤᠴᠠᠯᠭ᠎ᠠ ᠪᠠᠨ ᠡᠭᠦᠷᠭᠡᠯᠡᠵᠦ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠨ ᠶᠡᠭᠡ ᠲᠠᠯ᠎ᠠ ᠪᠠᠷ ᠠᠵᠢᠯ ᠢᠶᠠᠨ ᠬᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ | ᠪᠣᠳᠠᠲᠤ ᠱᠠᠭᠠᠷᠳᠠᠯᠭ᠎ᠠ ᠶᠣᠰᠣᠭᠠᠷ᠂ ᠦᠵᠡᠯ ᠰᠠᠨᠠᠭ᠎ᠠ ᠪᠠᠨ ᠴᠢᠯᠥᠭᠡᠯᠡᠨ᠂ ᠦᠵᠡᠯᠲᠡ ᠪᠠᠨ ᠰᠢᠨᠡᠳᠬᠡᠵᠦ᠂ ᠡᠯ᠎ᠡ | ᠵᠦᠶᠯ ᠤᠨ ᠭᠤᠤᠯᠳᠠᠯᠭ᠎ᠠ ᠲᠠᠢ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ᠂ ᠠᠷᠭ᠎ᠠ ᠶᠢᠨ ᠰᠢᠨ᠎ᠡ ᠶᠢ ᠡᠭᠦᠳᠬᠦ | ᠪᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠳ᠋ᠦᠩᠨᠡᠵᠦ᠂ ᠬᠠᠮᠢᠶᠠᠷᠤᠯᠲᠠ ᠶᠢᠨ ᠬᠢᠷᠢ | ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠬᠦ ᠶᠢ | ᠳᠣᠪᠤᠶᠢᠯᠭᠠᠵᠤ᠂ ᠪᠣᠳᠠᠲᠤ ᠦᠷ᠎ᠡ ᠪᠦᠲᠦᠮᠵᠢ ᠶᠢ ᠴᠢᠷᠮᠠᠶᠢᠨ ᠬᠢᠵᠤ᠂ ᠪᠣᠳᠠᠲᠤ ᠬᠡᠷᠡᠭᠯᠡᠭᠡᠨ ᠢ ᠴᠢᠷᠮᠠᠶᠢᠨ ᠬᠢᠵᠤ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ | ᠬᠡᠷᠡᠭᠲᠡᠶ ᠭᠡᠵᠡᠢ᠃ | ᠵᠣᠬᠢᠶᠠᠭᠴᠢ᠄ ᠯᠢᠦ ᠮᠧᠶ ᠶᠦᠨ | ᠣᠷᠴᠢᠭᠤᠯᠤᠭᠴᠢ᠄ ᠪᠣᠣ ᠬᠤᠩ ᠯᠢᠶᠠᠩ |