ᠴᠠᠬᠠᠷ ᠪᠠᠷᠠᠭᠤᠨ ᠭᠠᠷᠤᠨ‌‍ᠲ᠋ᠤᠮᠲᠠᠲᠤ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ︽ᠳᠣᠯᠣᠭᠠᠨ ᠰᠠᠷ᠎ᠠ ᠶᠢᠨ ᠨᠢᠭᠡᠨ ᠢ ᠪᠡᠯᠭᠡᠯᠡᠬᠦ ᠨᠠᠮ ᠤᠨ ᠬᠢᠴᠢᠶᠡᠯ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-07-11
     7 ᠰᠠᠷ᠎ᠠ ᠶᠢᠨ 5 ᠤ ᠦᠳᠡ ᠶᠢᠨ ᠡᠮᠦᠨ᠎ᠡ᠂ ᠴᠠᠬᠠᠷ ᠪᠠᠷᠠᠭᠤᠨ ᠭᠠᠷᠤᠨ‌‍ᠲ᠋ᠤᠮᠲᠠᠲᠤ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ︽ᠳᠣᠯᠣᠭᠠᠨ ᠰᠠᠷ᠎ᠠ ᠶᠢᠨ ᠨᠢᠭᠡᠨ ᠢ ᠪᠡᠯᠭᠡᠯᠡᠬᠦ ᠨᠠᠮ ᠤᠨ ᠬᠢᠴᠢᠶᠡᠯ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭ᠎ᠠ ᠶᠢ ᠨᠠᠮ ᠤᠨ ᠡᠭᠦᠷ ᠤᠨ ᠱᠦᠵᠢ ᠸᠠᠩ ᠯᠢ ᠹᠠᠩ ᠨᠥᠬᠦᠷ ᠡᠷᠬᠢᠯᠡᠵᠦ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠪᠦᠬᠦ ᠺᠠᠳ᠋ᠷ ᠲᠣᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠪᠠ᠃      ᠲᠣᠰ ᠤᠳᠠᠭ᠎ᠠ ᠶᠢᠨ ᠭᠤᠤᠯ ᠰᠡᠳᠦᠪᠲᠦ ᠨᠠᠮ ᠤᠨ ᠡᠳᠦᠷ ᠤᠨ ᠳᠦᠷᠪᠡᠨ ᠵᠥᠪᠯᠡᠬᠦ ᠵᠦᠶᠯ᠄ ᠨᠢᠭᠡ ᠳᠤ ᠪᠦᠬᠦ ᠨᠠᠮ ᠤᠨ ᠭᠡᠰᠢᠭᠦᠨ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠡᠷᠭᠢᠴᠡᠭᠦᠯᠬᠦ ᠠᠵᠢᠯᠯᠠᠭ᠎ᠠ ᠥᠷᠨᠢᠭᠦᠯᠪᠡ ︔ ᠬᠤᠶᠠᠷ ᠲᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠠᠮᠲᠤ ᠪᠠᠷ ᠰᠤᠷᠤᠯᠴᠠᠬᠤ ᠲᠤᠬᠠᠶ ᠨᠢᠭᠡᠳᠦᠭᠡᠷ ᠶᠠᠷᠢᠶ᠎ᠠ — ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠨᠠᠮ ᠪᠣᠯᠤᠨ ᠤᠯᠤᠰ ᠠᠴᠠ ᠡᠷᠬᠡᠪᠰᠢ ᠤᠷᠲᠤ ᠬᠤᠭᠤᠴᠠᠭ᠎ᠠ ᠪᠠᠷ ᠪᠠᠷᠢᠮᠲᠠᠯᠠᠬᠤ ᠵᠢᠯᠣᠭᠤᠳᠬᠤ ᠦᠵᠡᠯ ᠰᠠᠨᠠᠭ᠎ᠠ ᠮᠥᠨ︾᠃ ᠭᠤᠷᠪᠠ ᠳᠤ᠂ ᠨᠠᠮ ᠤᠨ ᠡᠭᠦᠷ ᠤᠨ ᠱᠦᠵᠢ ᠪᠦᠬᠦ ᠨᠠᠮ ᠤᠨ ᠭᠡᠰᠢᠭᠦᠨ ᠳᠤ ︽︿ᠳᠥᠷᠪᠡᠨ ᠤᠬᠠᠮᠰᠠᠷ﹀ ᠢ ᠡᠷᠡᠰ ᠦᠶᠯᠡᠳᠦᠯᠭᠡᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠤᠶ᠎ᠠ︾ ︔ ᠳᠥᠷᠪᠡ ᠳᠤ᠂ ᠪᠦᠬᠦ ᠨᠠᠮ ᠤᠨ ᠭᠡᠰᠢᠭᠦᠨ ᠨᠠᠮ ᠤᠨ ᠰᠦᠶᠳᠬᠡᠯ ᠲᠤᠰᠢᠶᠠᠨ᠎ᠠ᠃      ᠲᠣᠰ ᠤᠳᠠᠭ᠎ᠠ ᠶᠢᠨ ᠱᠦᠵᠢ ᠶᠢᠨ ᠨᠠᠮ ᠤᠨ ᠬᠢᠴᠢᠶᠡᠯ ᠣᠷᠣᠬᠤ ᠠᠵᠢᠯᠯᠠᠭ᠎ᠠ ᠪᠠᠷ ᠳᠠᠮᠵᠢᠨ᠂ ᠪᠦᠬᠦ ᠨᠠᠮ ᠤᠨ ᠭᠡᠰᠢᠭᠦᠨ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠡᠷᠬᠡᠪᠰᠢ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠲᠡᠭᠡᠲᠤ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠲᠣᠰ ᠪᠡᠶ᠎ᠡ ᠶᠢᠨ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠᠨ ᠡᠭᠦᠷᠭᠡᠯᠡᠵᠦ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠨ ᠶᠡᠭᠡ ᠲᠠᠯ᠎ᠠ ᠪᠠᠷ ᠠᠵᠢᠯ ᠢᠶᠠᠨ ᠬᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠣᠳᠠᠲᠤ ᠱᠠᠭᠠᠷᠳᠠᠯᠭ᠎ᠠ ᠶᠣᠰᠣᠭᠠᠷ᠂ ᠦᠵᠡᠯ ᠰᠠᠨᠠᠭ᠎ᠠ ᠪᠠᠨ ᠴᠢᠯᠥᠭᠡᠯᠡᠨ᠂ ᠦᠵᠡᠯᠲᠡ ᠪᠠᠨ ᠰᠢᠨᠡᠳᠬᠡᠵᠦ᠂ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ᠂ ᠠᠷᠭ᠎ᠠ ᠶᠢᠨ ᠰᠢᠨ᠎ᠡ ᠶᠢ ᠡᠭᠦᠳᠬᠦ ᠪᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠳ᠋ᠦᠩᠨᠡᠵᠦ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠬᠦ ᠶᠢ ᠳᠣᠪᠤᠶᠢᠯᠭᠠᠵᠤ᠂ ᠪᠣᠳᠠᠲᠤ ᠦᠷ᠎ᠡ ᠪᠦᠲᠦᠮᠵᠢ ᠶᠢ ᠴᠢᠷᠮᠠᠶᠢᠨ ᠬᠢᠵᠤ᠂ ᠪᠣᠳᠠᠲᠤ ᠬᠡᠷᠡᠭᠯᠡᠭᠡᠨ ᠢ ᠴᠢᠷᠮᠠᠶᠢᠨ ᠬᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠡᠢ᠃                                              ᠵᠣᠬᠢᠶᠠᠭᠴᠢ᠄ ᠯᠢᠦ ᠮᠧᠶ ᠶᠦᠨ                                             ᠣᠷᠴᠢᠭᠤᠯᠤᠭᠴᠢ᠄ ᠪᠣᠣ ᠬᠤᠩ ᠯᠢᠶᠠᠩ
 
ᠢᠷᠡᠯᠲᠡ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号