ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠣᠬᠠᠢ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠬᠢᠭᠰᠡᠨ ᠨᠢ
ᠨᠡᠶᠢᠲᠡᠯᠡᠭᠰᠡᠨ ᠴᠠᠭ᠄
2019-07-11
    ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠴᠢᠬᠤᠯᠠ ᠶᠡᠭᠡ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠬᠤ ᠶᠢᠨ ᠲᠥᠯᠥᠭᠡ᠂ ᠥᠷᠭᠡᠨ ᠣᠯᠠᠨ ᠨᠠᠮ ᠤᠨ ᠭᠡᠰᠢᠭᠦᠨ ᠪᠣᠯᠤᠨ ᠣᠯᠠᠨ ᠲᠦᠮᠡᠨ ᠤ ᠤᠯᠤᠰ ᠲᠥᠷᠦ ᠶᠢᠨ ᠵᠣᠭᠰᠤᠴᠠ ᠶᠢ ᠦᠨᠳᠦᠷᠵᠢᠭᠦᠯᠬᠦ ᠶᠢ ᠰᠤᠷᠭᠠᠨ ᠬᠦᠮᠦᠵᠢᠭᠦᠯᠵᠦ ᠬᠦᠲᠦᠯᠵᠡᠢ᠃ 6 ᠰᠠᠷ᠎ᠠ ᠶᠢᠨ 18 ᠤ ᠡᠳᠦᠷ ᠠᠴᠠ ᠡᠬᠢᠯᠡᠨ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠵᠠᠩ ᠰᠦᠸᠧ ᠯᠢᠨ ᠂ ᠵᠣᠬᠢᠶᠠᠨ ᠪᠠᠶᠢᠭᠤᠯᠬᠤ ᠭᠡᠰᠢᠭᠦᠨ ᠳ᠋ᠤᠸᠠᠨ ᠯᠢᠨ ᠰᠢ᠂ ᠤᠬᠠᠭᠤᠯᠬᠤ ᠭᠡᠰᠢᠭᠦᠨ ᠯᠦ ᠵᠢᠶᠠᠨ ᠹᠧᠩ ᠭᠤᠷᠪᠠᠨ ᠳᠤᠭᠤᠶᠢᠯᠠᠩ ᠬᠤᠪᠢᠶᠠᠨ ᠡᠯ᠎ᠡ ᠵᠠᠰᠠᠭ ᠵᠠᠬᠢᠷᠭ᠎ᠠ ᠳᠤ ᠬᠦᠷᠴᠦ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︾ ᠲᠤᠰᠬᠠᠶ ᠲᠡᠮᠡᠴᠡᠯ ᠤᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃

    ᠠᠵᠢᠯᠯᠠᠭ᠎ᠠ ᠶᠢᠨ ᠳᠤᠮᠳᠠ᠂ ᠡ᠊‍ᠯ᠎ᠡ ᠳᠤᠭᠤᠶᠢᠯᠠᠩ ᠤᠨ ᠬᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ

ᠲᠤᠰᠬᠠᠶ ᠲᠡᠮᠡᠴᠡᠯ ᠤᠨ ᠴᠢᠬᠤᠯᠠ ᠠᠴᠢ ᠬᠤᠯᠪᠣᠭᠳᠠᠯ᠂ ᠶᠡᠷᠦᠩᠬᠡᠶ ᠱᠠᠭᠠᠷᠳᠠᠯᠭ᠎ᠠ᠂ ᠬᠠᠷᠠᠯᠲᠠ ᠡᠭᠦᠷᠭᠡ᠂ ᠴᠣᠬᠢᠯᠲᠠ

ᠥᠭᠬᠦ ᠭᠤᠤᠯᠳᠠᠯᠭ᠎ᠠ ᠵᠡᠷᠭᠡ ᠲᠠᠯ᠎ᠠ ᠪᠠᠷ ᠭᠤᠤᠯᠳᠠᠭᠤᠯᠵᠤ᠂ ᠮᠠᠨ ᠤ ᠪᠠᠯᠭᠠᠰᠤᠨ ᠤ ᠬᠠᠷ᠎ᠠ ᠪᠦᠯᠦᠭᠲᠡᠨ ᠬᠠᠷᠭᠢᠰ

ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠲᠠᠢ

ᠤᠶᠠᠯᠳᠤᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠳᠤ ᠪᠦᠬᠦ ᠲᠠᠯ᠎ᠠ ᠪᠠᠷ

ᠨᠠᠷᠢᠨ ᠨᠢᠮᠪᠠᠶ ᠴᠣᠬᠢᠯᠲᠠ ᠥᠭᠴᠡᠶ᠃ ᠲᠡᠷᠡᠴᠢᠯᠡᠨ ᠥᠷᠭᠡᠨ ᠣᠯᠠᠨ ᠬᠥᠳᠡᠭᠡ ᠲᠣᠰᠬᠤᠨ ᠤ ᠨᠠᠮ ᠤᠨ ᠭᠡᠰᠢᠭᠦᠨ

ᠺᠠᠳ᠋ᠷ ᠵᠢᠱᠢᠶᠡᠴᠢ ᠳᠠᠭᠠᠭᠤᠯᠬᠤ ᠦᠶᠯᠡᠳᠦᠯ ᠢᠶᠠᠨ ᠰᠠᠶᠢᠲᠤᠷ ᠪᠠᠳᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ

ᠠᠷᠢᠯᠭᠠᠬᠤ ᠲᠤᠰᠬᠠᠶ ᠲᠡᠮᠡᠴᠡᠯ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠨᠡᠶᠢᠭᠡᠮ ᠤᠨ ᠡᠶ᠎ᠡ

ᠵᠣᠬᠢᠴᠠᠩᠭᠤᠶ ᠲᠣᠭᠲᠠᠭᠤᠨ ᠢ ᠬᠠᠮᠠᠭᠠᠯᠠᠵᠤ᠂ ᠥᠷᠭᠡᠨ ᠣᠯᠠᠨ ᠠᠷᠠᠳ ᠲᠦᠮᠡᠨ ᠤ ᠵᠣᠯ ᠵᠢᠷᠭᠠᠯᠲᠤ ᠲᠥᠷᠥᠭᠳᠡᠯ᠂

ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ

ᠦᠵᠡᠭᠦᠯᠰᠦᠭᠡᠶ ᠭᠡᠵᠦ ᠤᠷᠢᠶᠠᠯᠠᠪᠠ᠃

     ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠲᠣᠰᠬᠤᠨ ᠤ

ᠠᠷᠠᠳ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ‍ᠤᠨ‌ᠠᠵᠢᠯ ᠳᠤ ᠨᠠᠩ ᠭᠦᠨᠵᠡᠭᠡᠶ

ᠣᠶᠢᠯᠠᠭᠠᠯᠲᠠ ᠲᠠᠢ ᠪᠣᠯᠵᠤ᠂ ᠲᠣᠰ ᠪᠡᠶ᠎ᠡ ᠶᠢᠨ ᠶᠡᠷᠦᠩᠬᠡᠶᠢᠯᠡᠭᠰᠡᠨ ᠬᠡᠪ ᠴᠢᠨᠠᠷ ᠢᠶᠠᠨ ᠳᠡᠭᠡᠭᠰᠢᠯᠡᠭᠦᠯᠵᠡᠶ ᠭᠡᠵᠦ

ᠢᠯᠡᠳᠬᠡᠵᠡᠭᠡᠪᠡ᠃ ᠪᠠᠰᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠳᠤ ᠣᠷᠣᠯᠴᠠᠬᠤ ᠡᠷᠡᠰ ᠵᠣᠷᠢᠭ

ᠪᠣᠯᠤᠨ ᠢᠲᠡᠭᠡᠯ ᠢᠶᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠯᠠᠪᠲᠠᠶ ᠴᠤᠤᠷᠢᠶᠠᠲᠤᠨ

ᠳᠠᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠢ ᠡᠷᠡᠰ ᠳᠠᠮᠵᠢᠨ᠎ᠠ

ᠭᠡᠵᠡᠢ᠃

             

                                              ᠵᠣᠬᠢᠶᠠᠭᠴᠢ᠄ ᠯᠢᠦ ᠯᠢ ᠰᠢᠩ

                                              ᠣᠷᠴᠢᠭᠤᠯᠤᠭᠴᠢ᠄ ᠪᠣᠣ ᠬᠤᠩ ᠯᠢᠶᠠᠩ

 
ᠢᠷᠡᠯᠲᠡ᠄ ᠵᠡᠭᠡᠷᠡᠲᠤ ᠬᠤᠲᠠ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号