ᠲᠤ ᠴᠧᠩ ᠽᠢ ᠰᠢᠶᠠᠩ ᠨᠠᠮ ᠪᠠᠶᠢᠭᠤᠯᠤᠭᠳᠠᠭᠰᠠᠨ 98 ᠵᠢᠯ ᠤᠨ ᠣᠢ ᠶᠢ ᠪᠡᠯᠭᠡᠯᠡᠬᠦ ᠵᠢᠴᠢ ︽7 · 1 ︾ ᠤ ᠬᠥᠬᠢᠭᠦᠯᠦᠨ ᠰᠠᠶᠢᠰᠢᠶᠠᠬᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2019-07-11
    ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠵᠢᠯ ᠪᠠ ᠪᠦᠲᠦᠭᠡᠯᠴᠢ ᠴᠢᠨᠠᠷ ᠢ ᠤᠯᠠᠮ ᠨᠢᠭᠡ ᠠᠯᠬᠤᠮ ᠬᠥᠭᠵᠢᠭᠡᠨ ᠳᠠᠶᠢᠴᠢᠯᠠᠬᠤ ᠶᠢᠨ ᠲᠥᠯᠥᠭᠡ᠂ 7 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠲᠤ ᠴᠧᠩ ᠽᠢ ᠰᠢᠶᠠᠩ ᠨᠠᠮ ᠪᠠᠶᠢᠭᠤᠯᠤᠭᠳᠠᠭᠰᠠᠨ 98 ᠵᠢᠯ ᠤᠨ ᠣᠢ ᠶᠢ ᠪᠡᠯᠭᠡᠯᠡᠬᠦ ᠵᠢᠴᠢ ︽7.1︾ ᠤ ᠨᠠᠮ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠶᠢ ᠰᠠᠶᠢᠰᠢᠶᠠᠨ ᠬᠥᠬᠢᠭᠦᠯᠵᠦ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠨᠠᠮ ᠤᠨ ᠰᠤᠷᠲᠠᠯ ᠪᠠᠶᠢᠴᠠᠭᠠᠬᠤ ᠲᠠᠰᠤᠭ ᠤᠨ ᠡᠷᠬᠢᠯᠡᠭᠴᠢ ᠬᠤᠸᠠᠩ ᠰᠢᠤᠢ ᠴᠢᠨ᠂ ᠬᠤᠲᠠ ᠶᠢᠨ ᠨᠠᠮ ᠤᠨ ᠬᠤᠷᠢᠶ᠎ᠠ ᠠᠴᠠ ᠲᠤ ᠴᠧᠩ ᠽᠢ ᠰᠢᠶᠠᠩ ᠳᠤ ᠲᠣᠮᠢᠯᠠᠨ ᠰᠠᠭᠤᠯᠭᠠᠭᠰᠠᠨ ᠬᠢᠨᠠᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠪᠥᠬᠦ ᠰᠢᠶᠠᠩ ᠤᠨ ᠺᠠᠳ᠋ᠷ᠂ ᠡᠯ᠎ᠡ ᠲᠣᠰᠬᠤᠨ ᠤ ᠱᠦᠵᠢ᠂ ᠡᠷᠬᠢᠯᠡᠭᠴᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠤᠤ ᠸᠧᠶ ᠨᠥᠬᠦᠷ ᠬᠤᠷᠠᠯ ᠡᠷᠬᠢᠯᠡᠪᠡ᠃

    ᠬᠤᠷᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ ᠶᠠᠩ ᠢᠦᠶ ᠯᠢᠶᠠᠩ ᠨᠥᠬᠦᠷ

ᠰᠢᠶᠠᠩ ᠤᠨ ᠨᠠᠮ ᠤᠨ ᠬᠤᠷᠢᠶᠠᠨ ᠤ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃ ᠪᠠᠶ ᠶᠠᠩ᠂

ᠯᠢ ᠰᠧ ᠬᠤ᠋᠂ ᠵᠠᠩ ᡁᠢ ᠹᠧᠶ ᠵᠡᠷᠭᠡ 24 ᠨᠥᠬᠦᠳ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠳᠤ ᠢᠷᠠᠭᠤ

ᠠᠯᠳᠠᠷ ᠤᠨ ᠴᠣᠯᠠ ᠣᠯᠭᠤᠪᠠ᠃

   

    ᠬᠤᠲᠠ ᠶᠢᠨ ᠨᠠᠮ ᠤᠨ ᠬᠤᠷᠢᠶᠠᠨ ᠤ ᠲᠣᠮᠢᠯᠠᠨ ᠰᠠᠭᠤᠯᠭᠠᠭᠰᠠᠨ ᠲᠤ ᠴᠧᠩ ᠽᠢ ᠰᠢᠶᠠᠩ ᠤᠨ ᠱᠠᠯᠠᠪᠳᠠᠭᠤᠯᠤᠨ

ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠧᠤ ᠰᠢ ᠣᠯᠠᠨ ᠳᠤ ᠨᠢᠭᠡᠨ ᠭᠦᠨᠵᠡᠭᠡᠶ ᠨᠠᠮ ᠤᠨ ᠬᠢᠴᠢᠶᠡᠯ ᠵᠢᠭᠠᠵᠤ᠂

ᠳᠤᠮᠳᠠᠳᠤ ᠤᠯᠤᠰ ᠠᠴᠠ ᠡᠪ ᠬᠠᠮᠲᠤ  ᠨᠠᠮ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯ ᠳᠠᠷᠤᠶ

ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ

ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ ᠭᠡᠵᠦ ᠲᠣᠳᠣᠷᠬᠠᠶᠢᠯᠠᠨ ᠥᠭᠦᠯᠡᠪᠡ᠃ ᠪᠢᠳᠡ ᠨᠠᠮ ᠪᠠᠶᠢᠭᠤᠯᠬᠤ

ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠶᠢᠨ ᠲᠡᠮᠡᠴᠡᠯ ᠤᠨ ᠵᠣᠷᠢᠭ ᠰᠠᠨᠠᠭ᠎ᠠ ᠶᠢ ᠡᠭᠦᠷᠢᠳᠡ ᠪᠠᠷᠢᠮᠲᠠᠯᠠᠵᠤ᠂

ᠥᠨᠢᠳᠡ ᠪᠠᠯᠠᠷᠠᠰᠢ ᠦᠭᠡᠢ ᠣᠶᠤᠨ ᠰᠠᠨᠠᠭᠠᠨ ᠤ ᠳᠦᠷᠰᠦ ᠪᠠᠶᠢᠳᠠᠯ ᠪᠠ ᠲᠡᠮᠡᠴᠡᠯ ᠤᠨ ᠳᠦᠷᠰᠦ ᠪᠠᠶᠢᠳᠠᠯ ᠢᠶᠠᠨ

ᠡᠭᠦᠷᠢᠳᠡ ᠪᠠᠷᠢᠮᠲᠠᠯᠠᠬᠤ ᠬᠡᠷᠡᠭᠲᠡᠶ ᠭᠡᠵᠡᠢ᠃

    ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠮ ᠤᠨ ᠰᠤᠷᠲᠠᠯ ᠪᠠᠶᠢᠴᠠᠭᠠᠬᠤ ᠲᠠᠰᠤᠭ ᠤᠨ

ᠡᠷᠬᠢᠯᠡᠭᠴᠢ ᠬᠤᠸᠠᠩ ᠰᠢᠣᠢ ᠴᠢᠨ ᠨᠠᠮ ᠤᠨ ᠰᠤᠷᠲᠠᠯ ᠴᠢᠬᠡᠴᠢ ᠵᠠᠰᠠᠭ ᠤᠨ ᠲᠤᠰᠬᠠᠶ ᠰᠡᠳᠦᠪᠲᠦ ᠶᠠᠷᠢᠶ᠎ᠠ ᠢᠯᠡᠳᠬᠡᠯ

ᠬᠢᠵᠦ᠂ ᠨᠠᠮ ᠤᠨ ᠭᠡᠷᠡᠯ ᠰᠠᠴᠤᠷᠠᠩᠭᠤᠶ ᠳᠦᠷᠢ ᠲᠥᠷᠬᠦ ᠶᠢ ᠨᠠᠮ ᠤᠨ ᠭᠡᠰᠢᠭᠦᠨ ᠤ ᠬᠠᠮᠲᠤ ᠶᠢᠨ ᠴᠢᠷᠮᠠᠶᠢᠯᠭ᠎ᠠ ᠳᠤ

ᠲᠦᠰᠢᠭᠯᠡᠨ ᠮᠠᠭᠲᠠᠨ ᠰᠠᠶᠢᠰᠢᠶᠠᠵᠤ᠂ ᠨᠠᠮ ᠤᠨ ᠠᠰᠢᠭ ᠲᠤᠰᠠ ᠶᠢ ᠪᠢᠳᠡ ᠬᠠᠮᠲᠤᠪᠠᠷ ᠬᠠᠮᠠᠭᠠᠯᠠᠬᠤ ᠶᠢ ᠱᠠᠭᠠᠷᠳᠠᠵᠤ

ᠪᠠᠶᠢᠨ᠎ᠠ ᠭᠡᠵᠡᠢ᠃ ᠪᠢᠳᠡ ᠥᠪᠡᠷ ᠢ ᠪᠠᠨ ᠰᠡᠷᠡᠮᠵᠢᠯᠡᠭᠦᠯᠵᠦ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠰᠡᠷᠡᠮᠵᠢ ᠶᠢᠨ

ᠬᠤᠩᠬᠤ ᠶᠢ ᠪᠠᠶᠢᠩᠭᠤ ᠳᠤᠤᠭᠠᠷᠭᠠᠵᠤ᠂ ᠠᠷᠠᠳ ᠤᠨ ᠲᠥᠯᠥᠭᠡ ᠠᠷᠢᠭᠤᠨ ᠴᠢᠬᠡᠴᠢ ᠪᠠᠷ ᠵᠠᠰᠠᠭ ᠪᠠᠷᠢᠬᠤ ᠬᠡᠷᠡᠭᠲᠡᠶ

ᠭᠡᠵᠡᠢ᠃

    ᠬᠤᠷᠠᠯ ᠤᠨ ᠡᠴᠦᠰ ᠲᠤ᠂ ᠰᠢᠶᠠᠩ ᠤᠨ ᠨᠠᠮ ᠤᠨ ᠬᠤᠷᠢᠶᠠᠨ ᠤ ᠱᠦᠵᠢ ᠵᠠᠩ ᠵᠢᠶᠦ᠋ᠨ ᠳ᠋ᠦᠩᠨᠡᠯᠲᠡ ᠶᠢᠨ

ᠶᠠᠷᠢᠶ᠎ᠠ ᠲᠠᠯᠪᠢᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠢᠶᠠᠷ ᠰᠢᠨ᠎ᠡ ᠡᠬᠢᠯᠡᠯᠲᠡ

ᠪᠣᠯᠭᠠᠵᠤ᠂ ᠢᠷᠠᠭᠤ ᠠᠯᠳᠠᠷ ᠢᠶᠠᠨ ᠨᠠᠨᠳᠢᠩᠨᠠᠨ᠂ ᠬᠥᠬᠢᠭᠦᠯᠦᠭᠳᠡᠨ ᠰᠠᠶᠢᠰᠢᠶᠠᠭᠳᠠᠭᠰᠠᠨ ᠦᠭᠡᠢ ᠨᠥᠬᠦᠳ

ᠦᠷᠭᠦᠯᠵᠢᠯᠡᠨ ᠴᠢᠷᠮᠠᠶᠢᠵᠤ᠂ ᠲᠡᠷᠢᠭᠦᠨ ᠤ ᠬᠢ ᠠᠴᠠ ᠰᠤᠷᠤᠯᠴᠠᠬᠤ ᠶᠢ ᠬᠦᠰᠡᠪᠡ᠃

           

                                            ᠵᠣᠬᠢᠶᠠᠭᠴᠢ᠄ ᠲᠤ ᠴᠧᠩ ᠽᠢ ᠰᠢᠶᠠᠩ

                                            ᠣᠷᠴᠢᠭᠤᠯᠤᠭᠴᠢ᠄ ᠪᠣᠣ ᠬᠤᠩ ᠯᠢᠶᠠᠩ

 
ᠢᠷᠡᠯᠲᠡ᠄  ᠲᠤ ᠴᠧᠩ ᠽᠢ ᠰᠢᠶᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号