ᠬᠠᠣᠯᠢ ᠵᠦᠪᠯᠡᠯᠭᠡ --- ᠶᠠᠭᠤᠨ ᠳᠤ ᠴᠦᠭᠡᠨ ᠲᠣᠭᠠᠲᠣ ᠦᠨᠳᠣᠰᠦᠳᠡᠨ ᠤ ᠵᠠᠩ ᠦᠢᠯᠡ ᠶᠢ ᠬᠦᠨᠳᠣᠳᠭᠡᠬᠦ ᠬᠡᠷᠡᠭᠲᠡᠢ ᠪᠤᠢ︖
ᠨᠡᠶᠢᠲᠡᠯᠡᠭᠰᠡᠨ ᠴᠠᠭ᠄
2019-07-15
             ᠦᠨᠳᠣᠰᠣᠳᠡᠨ ᠤ ᠵᠠᠩ ᠦᠢᠯᠡ ᠪᠣᠯ ᠨᠢᠭᠡ ᠦᠨᠳᠣᠰᠣᠳᠡᠨ ᠤ ᠣᠷᠳᠣ ᠬᠤᠭᠤᠴᠠᠭᠠᠨ ᠤ ᠲᠡᠣᠭᠡ ᠶᠢᠨ ᠶᠡᠪᠣᠴᠠ ᠳᠤ ᠬᠡᠪᠰᠢᠨ ᠲᠣᠭᠳᠠᠪᠤᠷᠢᠵᠢᠭᠰᠠᠨ ᠵᠣᠷᠰᠢᠯ᠂ ᠵᠠᠩ ᠦᠢᠯᠡ᠂ ᠠᠯᠭᠤᠷ ᠠᠭᠠᠵᠢᠮ ᠢᠶᠠᠷ ᠪᠦᠷᠢᠯᠳᠦᠭᠰᠡᠨ ᠠᠮᠢᠳᠣᠷᠠᠯ ᠶᠢᠨ ᠠᠷᠭ᠎ᠠ ᠮᠠᠶ᠋ᠢᠭ ᠶᠤᠮ᠃ ᠲᠡᠷᠡ ᠨᠢ ᠬᠤᠪᠴᠠᠰᠣ ᠵᠠᠰᠠᠯ᠂ ᠢᠳᠡᠭᠡᠨ ᠣᠮᠳᠠᠭᠠᠨ᠂ ᠣᠷᠣᠨ ᠰᠠᠭᠤᠴᠠ᠂ ᠣᠷᠤᠭ ᠬᠤᠷᠢᠮ᠂ ᠶᠣᠰᠤ ᠵᠠᠩᠰᠢᠯ᠂ ᠣᠷᠣᠰᠢᠭᠤᠯᠭ᠎ᠠ ᠵᠢᠴᠢ ᠦᠢᠯᠡᠳᠪᠦᠷᠢᠯᠡᠯ ᠠᠮᠢᠳᠣᠷᠠᠯ ᠤᠨ ᠣᠯᠠᠨ ᠲᠠᠯ᠎ᠠ ᠳᠤ ᠢᠯᠡᠷᠡᠳᠡᠭ᠃ ᠵᠠᠩ ᠦᠢᠯᠡ ᠨᠢ ᠨᠡᠶᠢᠭᠡᠮᠴᠢ ᠰᠢᠨᠵᠢ᠂ ᠲᠦᠷᠢᠮᠵᠢᠭᠦᠨ ᠰᠢᠨᠵᠢ᠂ ᠭᠠᠵᠠᠷ ᠣᠷᠣᠨᠴᠢ ᠰᠢᠨᠵᠢ ᠪᠤᠯᠤᠨ ᠲᠣᠭᠳᠠᠪᠤᠷᠢᠲᠣ ᠰᠢᠨᠵᠢ ᠵᠡᠷᠭᠡ ᠶᠢᠨ ᠣᠨᠴᠠᠯᠢᠭ ᠲᠠᠢ᠃ ᠮᠦᠨ ᠴᠦ ᠠᠳᠠᠯᠢ ᠪᠤᠰᠣ ᠬᠡᠮᠵᠢᠶ᠎ᠡ ᠪᠠᠷ ᠦᠨᠳᠣᠰᠣᠳᠠᠨ ᠤ ᠵᠡᠷᠭᠡ ᠲᠡᠯ᠎ᠡ ᠳᠡᠭᠡᠷ᠎ᠡ ᠢᠯᠡᠷᠡᠵᠦ᠂ ᠦᠨᠳᠣᠰᠣᠳᠡᠨ ᠤ ᠣᠨᠴᠠᠯᠢᠭ ᠤᠨ ᠨᠢᠭᠡᠨ ᠴᠢᠬᠤᠯᠠ ᠠᠭᠤᠯᠭ᠎ᠠ ᠪᠤᠯᠵᠤ ᠪᠠᠶᠢᠳᠠᠭ᠃ ᠮᠠᠨ ᠤ ᠣᠯᠣᠰ ᠤᠨ ᠡᠯ᠎ᠡ ᠦᠨᠳᠣᠰᠣᠳᠡᠨ ᠤ ᠵᠠᠩ ᠦᠢᠯᠡ ᠶᠢᠨ ᠣᠯᠠᠮᠵᠢᠯᠠᠯ ᠣᠷᠳᠣ ᠣᠳᠠᠭᠠᠨ᠂ ᠦᠩᠭᠡ ᠪᠤᠳᠤᠭ ᠣᠯᠠᠨ᠂ ᠦᠨᠳᠣᠰᠣᠳᠡᠨ ᠤ ᠦᠪᠡᠷᠮᠢᠴᠡ ᠣᠨᠴᠠᠯᠢᠭ ᠲᠣᠪᠤᠶᠢᠮ᠎ᠠ ᠪᠠᠶᠢᠵᠤ᠂ ᠪᠤᠰᠣᠳ ᠦᠨᠳᠣᠰᠣᠳᠡᠨ ᠠᠴᠠ ᠢᠯᠭᠠᠭᠳᠠᠬᠤ ᠪᠡᠯᠭᠡ ᠳᠡᠮᠳᠡᠭ ᠪᠣᠯᠵᠤ ᠪᠠᠶᠢᠳᠠᠭ᠃ ᠡᠯ᠎ᠡ ᠦᠨᠳᠣᠰᠣᠳᠡᠨ ᠤ ᠵᠠᠩ ᠦᠢᠯᠡ ᠶᠢ ᠠᠳᠠᠯᠢ ᠲᠡᠭᠰᠢ ᠪᠠᠷ ᠬᠦᠨᠳᠣᠳᠭᠡᠨ ᠦᠵᠡᠪᠡᠯ ᠵᠣᠬᠢᠨ᠎ᠠ᠃ ᠡᠶᠢᠮᠤ ᠠᠴᠠ ᠴᠦᠭᠡᠨ ᠲᠣᠭᠠᠳᠣ ᠦᠨᠳᠣᠰᠣᠳᠡᠨ ᠤ ᠵᠠᠩ ᠦᠢᠯᠡ ᠶᠢ ᠬᠦᠨᠳᠣᠳᠭᠡᠬᠦ ᠨᠢ ᠴᠦᠭᠡᠨ ᠲᠣᠭᠠᠳᠣ ᠦᠨᠳᠣᠰᠣᠳᠡᠨ ᠤ ᠠᠷᠠᠳ ᠲᠦᠮᠡᠨ ᠢ ᠬᠦᠨᠳᠣᠳᠭᠡᠵᠦ᠂ ᠦᠨᠳᠣᠰᠣᠳᠡᠨ ᠤ ᠡᠷᠬᠡ ᠲᠡᠭᠰᠢ ᠶᠢ ᠬᠦᠨᠳᠣᠳᠭᠡᠵᠦ᠂ ᠦᠨᠳᠦᠰᠣᠳᠡᠨ ᠤ ᠬᠠᠶᠢᠷ᠎ᠠ ᠰᠡᠳᠬᠢᠯᠭᠡ ᠶᠢ ᠬᠦᠨᠳᠣᠳᠭᠡᠵᠦ ᠪᠠᠶᠢᠭ᠎ᠠ ᠲᠠᠢ ᠠᠳᠠᠯᠢ ᠶᠤᠮ᠃ ᠦᠨᠳᠣᠰᠣᠳᠡᠨ ᠤ ᠬᠠᠷᠢᠯᠴᠠᠭᠠᠨ ᠲᠣᠮᠳᠠ᠂ ᠪᠤᠰᠣᠳ ᠦᠨᠳᠣᠰᠦᠳᠡᠨ ᠤ ᠵᠠᠩ ᠦᠢᠯᠡ ᠶᠢ ᠬᠦᠨᠳᠣᠳᠭᠡᠵᠦ ᠪᠠᠶᠢᠭ᠎ᠠ ᠡᠰᠡᠬᠦ ᠨᠢ ᠦᠨᠳᠣᠰᠦᠳᠡᠨ ᠤ ᠡᠷᠭᠡ ᠲᠡᠭᠰᠢ ᠵᠠᠷᠴᠢᠮ ᠢ ᠪᠠᠷᠢᠮᠳᠠᠯᠠᠵᠤ ᠪᠠᠶᠢᠭ᠎ᠠ ᠡᠰᠡᠬᠦ᠂ ᠦᠨᠳᠦᠰᠣᠳᠡᠨ ᠤ ᠬᠠᠷᠢᠴᠠᠭ᠎ᠠ ᠶᠢ ᠵᠦᠪ ᠰᠢᠢᠳᠪᠦᠷᠢᠯᠡᠬᠦ ᠪᠠ ᠦᠨᠳᠣᠰᠣᠳᠡᠨ ᠤ ᠪᠦᠯᠬᠦᠮᠳᠠᠯ ᠢ ᠬᠠᠮᠠᠭᠠᠯᠠᠬᠤ ᠠᠵᠢᠯ ᠲᠠᠢ ᠰᠢᠭᠤᠳ ᠬᠤᠯᠪᠤᠭᠳᠠᠵᠤ᠂ ᠡᠷᠭᠡᠪᠰᠢ ᠨᠡᠷᠢᠨ ᠬᠢᠨᠡᠮᠠᠭᠠᠢ ᠬᠠᠨᠳᠣᠬᠤ ᠭᠡᠷᠡᠭᠲᠡᠢ᠃ ᠨᠠᠮ ᠪᠠ ᠣᠯᠣᠰ ᠠᠴᠠ ᠴᠦᠭᠡᠨ ᠲᠣᠭᠠᠲᠣ ᠦᠨᠳᠣᠰᠣᠳᠡᠨ ᠤ ᠵᠠᠩ ᠦᠢᠯᠡ ᠶᠢ ᠬᠦᠨᠳᠣᠳᠭᠡᠬᠦ ᠲᠦᠷᠦ ᠶᠢᠨ ᠪᠤᠳᠣᠯᠭ᠎ᠠ ᠶᠢ ᠬᠡᠷᠡᠭᠵᠢᠭᠦᠯᠵᠦ᠂ ᠦᠨᠳᠣᠰᠣᠳᠡᠨ ᠤ ᠡᠷᠭᠡ ᠲᠡᠭᠰᠢ ᠶᠢ ᠪᠡᠶᠡᠯᠡᠬᠦᠯᠬᠦ᠂ ᠦᠨᠳᠣᠰᠣᠳᠡᠨ ᠤ ᠪᠦᠯᠬᠦᠮᠳᠠᠯ ᠢ ᠴᠢᠩᠭᠠᠳᠬᠠᠬᠤ ᠴᠢᠬᠤᠯᠠ ᠠᠷᠭ᠎ᠠ ᠪᠠᠷᠢᠯ ᠪᠤᠯᠭᠠᠵᠤ ᠢᠷᠡᠵᠠᠢ᠃ ᠮᠠᠨ ᠤ ᠣᠯᠣᠰ ᠤᠨ ᠦᠨᠳᠣᠰᠣᠨ ᠬᠠᠣᠯᠢ ᠪᠤᠯᠤᠨ ᠦᠨᠳᠣᠰᠣᠳᠡᠨ ᠤ ᠣᠷᠣᠨ ᠤ ᠦᠪᠡᠷᠳᠡᠭᠡᠨ ᠵᠠᠰᠠᠬᠤ ᠬᠠᠣᠯᠢ ᠳᠤ ᠲᠣᠳᠣᠷᠬᠠᠢ ᠲᠣᠭᠳᠠᠭᠠᠭᠰᠠᠨ ᠢᠶᠠᠷ᠄ ᠴᠦᠬᠡᠨ ᠲᠣᠭᠠᠲᠣ ᠦᠨᠳᠣᠰᠣᠳᠡᠨ ᠤ ᠵᠠᠩ ᠦᠢᠯᠡ ᠶᠢ ᠬᠦᠨᠳᠣᠳᠭᠡᠵᠦ᠂ ᠡᠯ᠎ᠡ ᠦᠨᠳᠣᠰᠣᠳᠡᠨ ᠦᠪᠡᠷ ᠤᠨ ᠵᠠᠩ ᠦᠢᠯᠡ ᠪᠠᠨ ᠬᠠᠳᠠᠭᠠᠯᠠᠬᠤ ᠪᠤᠶᠤ ᠬᠤᠪᠢᠷᠠᠭᠤᠯᠬᠤ ᠡᠷᠬᠡ ᠲᠠᠢ᠃ ᠡᠨᠡ ᠨᠢ ᠬᠠᠤᠯᠢ ᠶᠢᠨ ᠪᠠᠳᠣᠯᠠᠭ᠎ᠠ ᠲᠠᠢ᠃ ᠴᠦᠭᠡᠨ ᠲᠣᠭᠠᠲᠣ ᠦᠨᠳᠣᠰᠣᠳᠡᠨ ᠤ ᠵᠠᠩ ᠦᠢᠯᠡ ᠶᠢ ᠬᠠᠷᠠᠭᠠᠯᠵᠠᠬᠤ ᠶᠢᠨ ᠲᠦᠯᠦᠭᠡ᠂ ᠨᠠᠮ ᠪᠠ ᠣᠯᠣᠰ ᠠᠴᠠ ᠪᠣᠳᠠᠰ ᠤᠨ ᠲᠠᠯ᠎ᠠ ᠪᠠᠷ ᠪᠠᠰᠠ ᠪᠠᠲᠣᠯᠠᠭ᠎ᠠ ᠬᠠᠩᠭᠠᠵᠤ ᠪᠠᠶᠢᠨ᠎ᠠ᠃ ᠴᠦᠭᠡᠨ ᠲᠣᠭᠠᠲᠣ ᠦᠨᠳᠣᠰᠣᠳᠡᠨ ᠳᠤ ᠲᠣᠰᠬᠠᠢ ᠵᠦᠪᠰᠢᠶᠡᠷᠡᠭᠰᠡᠨ ᠲᠠᠸᠠᠷ ᠤᠨ ᠦᠢᠯᠡᠳᠪᠦᠷᠢᠯᠡᠯ ᠪᠠ ᠬᠠᠩᠭᠠᠯᠭ᠎ᠠ ᠶᠢ ᠲᠣᠰᠬᠠᠢ ᠲᠣᠬᠢᠷᠠᠭᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠦᠨᠳᠣᠰᠣᠳᠡᠨ ᠤ ᠪᠠᠶᠠᠷ ᠳᠤᠷᠠᠰᠬᠠᠯ ᠤᠨ ᠡᠳᠦᠷ ᠤᠨ ᠠᠮᠠᠷᠠᠬᠤ ᠲᠦᠷᠢᠮ ᠢ ᠲᠣᠭᠳᠠᠭᠠᠵᠠᠢ᠃ ᠨᠠᠮ ᠪᠠ ᠣᠯᠣᠰ ᠠᠴᠠ ᠴᠦᠭᠡᠨ ᠲᠣᠭᠠᠲᠣ ᠦᠨᠳᠣᠰᠣᠳᠡᠨ ᠤ ᠵᠠᠩ ᠦᠢᠯᠡ ᠶᠢ ᠬᠦᠨᠳᠦᠳᠭᠡᠬᠦ ᠲᠦᠷᠦ ᠶᠢᠨ ᠪᠤᠳᠣᠯᠭ᠎ᠠ ᠲᠣᠭᠳᠠᠭᠠᠨ ᠬᠡᠷᠡᠭᠵᠢᠭᠦᠯᠵᠦ᠂ ᠡᠯ᠎ᠡ ᠦᠨᠳᠣᠰᠣᠳᠡᠨ ᠤ ᠠᠷᠠᠳ ᠲᠦᠮᠡᠨ ᠤ ᠬᠠᠯᠠᠭᠤᠨ ᠬᠦᠷᠢᠶᠠᠯᠠᠯ ᠢ ᠤᠯᠪᠠ᠃ ᠲᠡᠷᠡ ᠨᠢ ᠲᠡᠤᠭᠡᠨ ᠠᠴᠠ ᠦᠯᠡᠳᠡᠵᠦ ᠢᠷᠡᠭᠰᠡᠨ ᠦᠨᠳᠣᠰᠣᠳᠡᠨ ᠤ ᠬᠤᠭᠤᠷᠣᠨᠳᠣᠬᠢ ᠵᠡᠪᠰᠡᠷᠳᠡᠯ ᠢ ᠠᠷᠢᠯᠭᠠᠵᠤ᠂ ᠦᠨᠳᠣᠰᠣᠳᠡᠨ ᠤ ᠬᠠᠷᠢᠴᠠᠭ᠎ᠠ ᠶᠢ ᠰᠠᠶᠢᠵᠢᠷᠠᠭᠤᠯᠤᠨ᠂ ᠦᠨᠳᠣᠰᠣᠳᠡᠨ ᠤ ᠪᠦᠯᠬᠦᠮᠳᠡᠯ ᠢ ᠴᠢᠩᠭᠠᠳᠬᠠᠬᠤ ᠳᠤ ᠴᠢᠬᠤᠯᠠ ᠦᠢᠯᠡᠳᠣᠯ ᠦᠵᠡᠬᠦᠯᠵᠡᠢ᠃                                              ᠪᠡᠯᠡᠳᠭᠡᠭᠰᠡᠨ ᠨᠢ᠄   ᠭᠧ ᠲᠣᠸᠠᠨ ᠯᠢᠶᠡᠨ
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号