ᠴᠠᠬᠠᠷ ᠪᠠᠷᠠᠭᠤᠨ‌ᠭᠠᠷᠤᠨ‌‍ᠲ᠋ᠤᠮᠲᠠᠲᠤ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠨᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2019-07-17
     7 ᠰᠠᠷ᠎ᠠ ᠶᠢᠨ15 ᠤ ᠡᠳᠦᠷ᠂ ᠴᠠᠬᠠᠷ ᠪᠠᠷᠠᠭᠤᠨ ᠭᠠᠷᠤᠨ‌‍ᠲ᠋ᠤᠮᠲᠠᠲᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠭᠤᠤᠯ ᠰᠡᠳᠦᠪ ᠨᠢ᠄ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠬᠡᠪᠰᠢ ᠪᠠᠷᠢᠮᠲᠠᠯᠠᠬᠤ ᠬᠡᠷᠡᠭᠲᠡᠶ᠃     ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶᠠᠨ ᠳᠠᠭᠠᠨ ᠴᠢᠬᠤᠯᠠᠴᠢᠯᠠᠭᠰᠠᠨ᠄ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠬᠡᠪᠰᠢ ᠪᠠᠷᠢᠮᠲᠠᠯᠠᠵᠤ᠂ ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ︾᠂ ︽ᠥᠭᠡᠷᠡᠴᠢᠯᠡᠯᠲᠡ ᠨᠡᠭᠡᠭᠡᠯᠲᠡ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠨᠡᠶᠢᠭᠡᠮ ᠤᠨ ᠬᠤᠪᠢᠰᠬᠠᠯ ᠢ ᠤᠳᠤᠷᠢᠳᠬᠤ ᠶᠢᠨ ᠬᠠᠮᠲᠤ᠂ ᠨᠠᠮ ᠤᠨ ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠶ︾ ᠭᠡᠳᠡᠭ ᠦᠭᠡ ᠶᠢ ᠰᠤᠷᠤᠯᠴᠠᠵᠤ᠂ ᠠᠭᠤᠤ ᠶᠡᠭᠡ ᠥᠪᠡᠷ ᠪᠡᠶ᠎ᠡ ᠵᠢᠨ‌ᠬᠤᠪᠢᠰᠬᠠᠯ ᠬᠢᠵᠦ ᠠᠭᠤᠤ ᠶᠡᠭᠡ ᠨᠡᠶᠢᠭᠡᠮ ᠤᠨ ᠬᠤᠪᠢᠰᠬᠠᠯ ᠢ ᠠᠬᠢᠭᠤᠯᠬᠤ ᠢᠯᠠ ᠲᠣᠳᠣ ᠵᠣᠭᠰᠣᠯᠲᠠ ᠪᠣᠯᠤᠨ ᠡᠷᠡᠰ ᠪᠠᠲᠤ ᠵᠣᠷᠢᠭ ᠢ ᠳᠠᠬᠢᠨᠲᠠ ᠪᠣᠶ ᠪᠣᠯᠭᠠᠵᠤ᠂ ᠴᠢᠬᠤᠯᠠ ᠪᠣᠳᠠᠲᠤ ᠪᠠᠶᠢᠳᠠᠯ ᠲᠠᠢ ᠪᠣᠯᠭᠠᠵᠠᠶ᠃      ᠪᠦᠬᠦ ᠨᠠᠮ ᠤᠨ ᠭᠡᠰᠢᠭᠦᠨ ᠢ ᠰᠡᠩᠬᠡᠷᠡᠭᠦᠯᠵᠦ᠂ ᠭᠠᠭᠴᠠ ᠬᠦ ᠨᠠᠮ ᠤᠨ ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠢᠶᠠᠨ ᠨᠠᠩ ᠬᠦᠴᠦᠷᠬᠡᠭ ᠪᠣᠯᠭᠠᠨ ᠪᠠᠶᠢᠭᠤᠯᠪᠠᠯ ᠰᠠᠶ᠋ᠢ ᠠᠭᠤᠤ ᠶᠡᠭᠡ ᠨᠡᠶᠢᠭᠡᠮ ᠤᠨ ᠬᠤᠪᠢᠰᠬᠠᠯ ᠢ ᠰᠠᠶᠢᠲᠤᠷ ᠬᠢᠵᠦ ᠴᠢᠳᠠᠨ᠎ᠠ ᠭᠡᠵᠦ ᠰᠠᠨᠠᠯ ᠨᠢᠭᠡᠲᠡᠢ ᠦᠵᠡᠪᠡ᠃                                                                           ᠵᠣᠬᠢᠶᠠᠭᠴᠢ᠄ ᠴᠧᠨ ᠯᠧ ᠯᠧ                                             ᠣᠷᠴᠢᠭᠤᠯᠤᠭᠴᠢ᠄ ᠪᠣᠣ ᠬᠤᠩ ᠯᠢᠶᠠᠩ
 
ᠢᠷᠡᠯᠲᠡ᠄ ᠵᠠᠮ ᠬᠠᠷᠢᠯᠴᠠᠭᠠᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号