ᠴᠠᠬᠠᠷ ᠪᠠᠷᠠᠭᠤᠨ ᠭᠠᠷᠤᠨ‌‍ᠲ᠋ᠤᠮᠲᠠᠲᠤ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ︽ᠶᠡᠭᠡ ᠪᠠᠶᠢᠴᠠᠭᠠᠨ ᠰᠤᠳᠤᠯᠤᠯᠲᠠ᠂ ᠶᠡᠭᠡ ᠰᠤᠷᠤᠯᠴᠠᠯᠭ᠎ᠠ᠂ ᠶᠡᠭᠡ ᠶᠠᠷᠢᠯᠴᠠᠭ᠎ᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-07-17
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠦᠶᠯᠡᠳᠦᠯᠭᠡ ᠶᠢᠨ ᠳᠤᠮᠳᠠ᠂ ᠴᠠᠬᠠᠷ ᠪᠠᠷᠠᠭᠤᠨ ᠭᠠᠷᠤᠨ ᠲᠤᠮᠲᠠᠲᠤ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ︽ᠠᠷᠠᠳ ᠤᠨ ᠶᠠᠪᠤᠳᠠᠯ ᠤᠨ ᠴᠢᠳᠠᠮᠵᠢ ᠶᠢ ᠪᠠᠳᠠᠷᠠᠭᠤᠯᠵᠤ᠂ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠬᠦ᠂ ᠠᠷᠠᠳ ᠤᠨ ᠠᠮᠢᠳᠤᠷᠠᠯ ᠢ ᠪᠠᠲᠤᠯᠠᠬᠤ᠂ ᠠᠷᠠᠳ ᠤᠨ ᠠᠮᠢᠳᠤᠷᠠᠯ ᠳᠤ ᠦᠶᠯᠡᠴᠢᠯᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠲᠠᠢ ᠨᠢᠭᠲᠠ ᠤᠶᠠᠯᠳᠤᠭᠤᠯᠤᠨ᠂ ︽ᠶᠡᠭᠡ ᠪᠠᠷ ᠪᠠᠶᠢᠴᠠᠭᠠᠨ ᠰᠤᠳᠤᠯᠬᠤ᠂ ᠶᠡᠭᠡ ᠪᠠᠷ ᠰᠤᠷᠤᠯᠴᠠᠬᠤ᠂ ᠶᠡᠭᠡ ᠪᠠᠷ ᠶᠠᠷᠢᠯᠴᠠᠬᠤ︾ ᠠᠵᠢᠯᠯᠠᠭ᠎ᠠ ᠶᠢ ᠥᠷᠭᠡᠨ ᠳᠡᠯᠭᠡᠷ ᠭᠦᠨᠵᠡᠭᠡᠶ ᠥᠷᠨᠢᠭᠦᠯᠪᠡ᠃      ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠠᠵᠢᠯᠯᠠᠭ᠎ᠠ ᠶᠢᠨ ᠲᠥᠰᠦᠯ ᠲᠣᠭᠲᠠᠭᠠᠵᠤ᠂ ᠠᠷᠠᠳ ᠤᠨ ᠶᠠᠪᠤᠳᠠᠯ ᠤᠨ ᠰᠢᠰᠲ᠋ᠧᠮ ᠤᠨ ᠪᠦᠬᠦ ᠨᠠᠮ ᠤᠨ ᠭᠡᠰᠢᠭᠦᠨ ᠪᠣᠯᠤᠨ ᠺᠠᠳ᠋ᠷ ᠠᠵᠢᠯᠲᠠᠨ ᠠᠵᠢᠯᠲᠠᠨ ᠢ ᠵᠣᠬᠢᠶᠠᠨ ᠪᠠᠶᠢᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠭᠤᠯᠵᠤ᠂ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠵᠢᠭᠠᠪᠤᠷᠢ ᠶᠢ ᠰᠤᠷᠤᠯᠴᠠᠭᠤᠯᠵᠤ᠂ ᠭᠦᠨᠵᠡᠭᠡᠶ ᠰᠡᠳᠬᠢᠨ ᠰᠤᠷᠤᠯᠴᠠᠬᠤ ᠶᠢ ᠪᠠᠷᠢᠮᠲᠠᠯᠠᠵᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠵᠤ᠂ ᠰᠤᠷᠤᠯᠴᠠᠯᠭ᠎ᠠ ᠶᠢ ᠠᠷᠠᠳ ᠤᠨ ᠶᠠᠪᠤᠳᠠᠯ ᠲᠠᠢ ᠤᠶᠠᠯᠳᠤᠭᠤᠯᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠰᠤᠷᠤᠯᠴᠠᠪᠠ᠃ ᠰᠤᠷᠤᠯᠴᠠᠬᠤ ᠰᠡᠳᠬᠢᠬᠦ ᠦᠶᠯᠡᠳᠦᠯᠭᠡᠵᠢᠭᠦᠯᠬᠦ ᠣᠶᠢᠯᠠᠭᠠᠬᠤ᠂ ᠰᠤᠷᠤᠯᠴᠠᠬᠤ ᠶᠢᠨ ᠳᠠᠭᠠᠤ ᠵᠥᠪᠯᠡᠵᠦ᠂ ᠶᠠᠷᠢᠯᠴᠠᠨ ᠰᠣᠯᠢᠯᠴᠠᠵᠤ᠂ ︽ᠠᠷᠠᠳ ᠤᠨ ᠶᠠᠪᠤᠳᠠᠯ ᠤᠨ ᠠᠵᠢᠯ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠠᠷᠠᠳ ᠤᠨ ᠰᠡᠳᠬᠢᠯ ᠲᠠᠢ ᠬᠤᠯᠪᠣᠯᠳᠤᠵᠤ᠂ ᠨᠡᠶᠢᠭᠡᠮ ᠤᠨ ᠪᠠᠶᠢᠭᠤᠯᠤᠯᠲᠠ ᠶᠢᠨ ᠦᠨᠳᠦᠰᠦᠨ ᠵᠦᠶᠯ ᠢ ᠪᠠᠲᠤᠯᠠᠬᠤ ᠴᠢᠨᠠᠷᠲᠠᠶ ᠰᠠᠭᠤᠷᠢ ᠠᠵᠢᠯ︾ ᠤᠨ ᠭᠦᠨᠵᠡᠭᠡᠶ ᠠᠭᠤᠯᠭ᠎ᠠ ᠶᠢ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ᠠᠷᠠᠳ ᠤᠨ ᠶᠠᠪᠤᠳᠠᠯ ᠤᠨ ᠠᠵᠢᠯ ︽ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠭᠠᠢ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ︾ ᠴᠢᠬᠤᠯᠠ ᠡᠭᠦᠷᠭᠡ ᠶᠢ ᠴᠢᠨᠠᠭᠰᠢᠳᠠ ᠲᠣᠳᠣᠷᠬᠠᠶᠢᠯᠠᠪᠠ᠃ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠪᠠ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ᠂ ᠠᠷᠠᠳ ᠤᠨ ᠠᠮᠢᠳᠤᠷᠠᠯ ᠤᠨ ᠣᠶᠢᠯᠠᠭᠠᠭᠳᠠᠬᠤᠨ ᠢ ᠦᠶᠯᠡᠳᠦᠯᠭᠡᠵᠢᠭᠦᠯᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠵᠡᠢ᠃      ᠰᠤᠷᠤᠯᠴᠠᠯᠭ᠎ᠠ ᠬᠥᠮᠦᠵᠢᠯ ᠢ ᠠᠬᠢᠭᠤᠯᠬᠤ ᠶᠢᠨ ᠬᠠᠮᠲᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠦᠨᠳᠦᠰᠦᠨ ᠱᠠᠲᠤᠨ ᠤ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠪᠡ ᠃ ᠪᠠᠶᠢᠴᠠᠭᠠᠨ ᠰᠤᠳᠤᠯᠬᠤ ᠲᠥᠯᠥᠪᠯᠡᠭᠡ ᠶᠢ ᠨᠠᠷᠢᠨ ᠨᠢᠮᠪᠠᠶ ᠲᠣᠭᠲᠠᠭᠠᠵᠤ᠂ ᠪᠠᠶᠢᠴᠠᠭᠠᠨ ᠰᠤᠳᠤᠯᠬᠤ ᠲᠣᠪᠴᠢ ᠶᠢ ᠨᠠᠶᠢᠷᠠᠭᠤᠯᠤᠨ ᠪᠢᠴᠢᠵᠦ᠂ ᠨᠡᠶᠢᠭᠡᠮ ᠤᠨ ᠠᠪᠤᠷᠠᠨ ᠲᠤᠰᠠᠯᠠᠬᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ᠂ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡ᠂ ᠨᠡᠶᠢᠭᠡᠮ ᠲᠣᠭᠤᠷᠢᠭ ᠤᠨ ᠪᠠᠶᠢᠭᠤᠯᠤᠯᠲᠠ ᠪᠠ ᠦᠶᠯᠡᠴᠢᠯᠡᠭᠡ᠂ ᠠᠷᠠᠳ ᠤᠨ ᠶᠠᠪᠤᠳᠠᠯ ᠤᠨ ᠰᠢᠰᠲ᠋ᠧᠮ ᠤᠨ ᠦᠨᠳᠦᠰᠦᠨ ᠱᠠᠲᠤᠨ ᠤ ᠪᠠᠶᠢᠭᠤᠯᠤᠯᠲᠠ ᠵᠡᠷᠭᠡ ᠪᠠᠶᠢᠴᠠᠭᠠᠨ ᠰᠤᠳᠤᠯᠬᠤ ᠠᠭᠤᠯᠭ᠎ᠠ ᠶᠢᠨ ᠲᠣᠭᠤᠷᠢᠨ ᠳᠤ 30 ᠭᠠᠷᠤᠶ ᠪᠠᠶᠢᠴᠠᠭᠠᠨ ᠰᠤᠳᠤᠯᠬᠤ ᠰᠡᠳᠦᠪ ᠲᠣᠬᠢᠷᠠᠭᠤᠯᠵᠤ᠂ ᠪᠠᠭ ᠤᠨ ᠪᠦᠷᠢᠯᠳᠦᠬᠦᠨ ᠵᠢᠴᠢ  ᠲᠠᠰᠤᠭ ᠤᠨ ᠺᠠᠳ᠋ᠷᠴᠤᠳ ᠢ ᠵᠣᠬᠢᠶᠠᠨ ᠪᠠᠶᠢᠭᠤᠯᠵᠤ ᠬᠤᠭᠤᠴᠠᠭ᠎ᠠ ᠬᠤᠪᠢᠶᠠᠨ ᠬᠡᠰᠡᠭ ᠬᠤᠪᠢᠶᠠᠨ᠂ ᠨᠡᠶᠢᠭᠡᠮ ᠲᠣᠭᠤᠷᠢᠭ ᠵᠢᠴᠢ ᠰᠤᠮᠤ ᠰᠢᠶᠠᠩ ᠪᠠᠯᠭᠠᠰᠤ ᠳᠤ ᠭᠦᠨᠵᠡᠭᠡᠶᠢᠷᠡᠭᠦᠯᠦᠨ᠂ ᠠᠷᠠᠳ ᠤᠨ ᠠᠮᠢᠳᠤᠷᠠᠯ᠂ ᠠᠷᠠᠳ ᠤᠨ ᠪᠠᠶᠢᠳᠠᠯ ᠢ ᠪᠠᠶᠢᠴᠠᠭᠠᠨ ᠰᠤᠳᠤᠯᠬᠤ ᠠᠵᠢᠯ ᠢ ᠭᠦᠨᠵᠡᠭᠡᠶ ᠨᠠᠷᠢᠨ ᠨᠢᠮᠪᠠᠶ ᠥᠷᠨᠢᠭᠦᠯᠪᠡ᠃ ᠡᠯ᠎ᠡ ᠵᠦᠶᠯ ᠤᠨ ᠠᠷᠠᠳ ᠤᠨ ᠶᠠᠪᠤᠳᠠᠯ ᠤᠨ ᠲᠥᠷᠥ ᠶᠢᠨ ᠪᠣᠳᠣᠯᠭ᠎ᠠ ᠶᠢ ᠬᠤᠲᠠ ᠬᠥᠳᠡᠭᠡ ᠶᠢᠨ ᠡᠯ᠎ᠡ ᠭᠠᠵᠠᠷ ᠲᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠥᠷᠭᠡᠨ ᠢᠶᠠᠷ ᠣᠶᠢᠯᠠᠭᠠᠨ᠎ᠠ᠃       ᠶᠡᠭᠡ ᠰᠤᠷᠤᠯᠴᠠᠯᠭ᠎ᠠ᠂ ᠶᠡᠭᠡ ᠪᠠᠶᠢᠴᠠᠭᠠᠨ ᠰᠤᠳᠤᠯᠤᠯᠲᠠ ᠪᠠ ᠶᠡᠭᠡ ᠶᠠᠷᠢᠯᠴᠠᠭ᠎ᠠ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠬᠡᠷᠡᠭᠵᠢᠭᠦᠯᠵᠦ᠂ ︽ᠠᠷᠠᠳ ᠤᠨ ᠠᠮᠢᠳᠤᠷᠠᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠳᠡᠭᠡᠭᠰᠢᠯᠡᠭᠦᠯᠦᠨ᠂ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠡᠨᠡ ᠬᠦ ᠭᠤᠤᠯᠳᠠᠯᠭ᠎ᠠ ᠶᠢᠨ ᠲᠣᠭᠤᠷᠢᠨ ᠳᠤ᠂ ᠪᠦᠬᠦ ᠬᠤᠰᠢᠭᠤᠨ ᠤ ᠠᠷᠠᠳ ᠤᠨ ᠶᠠᠪᠤᠳᠠᠯ ᠤᠨ ᠠᠵᠢᠯ ᠤᠨ ︽ᠨᠢᠭᠡ ᠶᠢ ᠳᠡᠭᠡᠭᠰᠢᠯᠡᠭᠦᠯᠬᠦ᠂ ᠬᠤᠶᠠᠷ ᠢ ᠴᠢᠩᠭᠠᠳᠬᠠᠬᠤ᠂ ᠭᠤᠷᠪᠠ ᠶᠢ ᠠᠬᠢᠭᠤᠯᠬᠤ᠂ ᠳᠥᠷᠪᠡ ᠶᠢ ᠳᠡᠭᠡᠭᠰᠢᠯᠡᠭᠦᠯᠬᠦ︾ ᠶᠢᠨ ᠲᠣᠭᠤᠷᠢᠨ ᠳᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠵᠦ᠂ ᠥᠷᠭᠡᠨ ᠳᠡᠯᠭᠡᠷ ᠶᠠᠷᠢᠯᠴᠠᠭ᠎ᠠ ᠥᠷᠨᠢᠭᠦᠯᠪᠡ᠃ ᠲᠤᠬᠠᠶᠢᠯᠠᠪᠠᠯ᠂ ᠠᠷᠠᠳ ᠲᠦᠮᠡᠨ ᠢᠶᠠᠷ ᠭᠤᠤᠯ ᠪᠣᠯᠭᠠᠬᠤ ᠤᠯᠤᠰ ᠲᠥᠷᠦ ᠶᠢᠨ ᠬᠥᠪᠴᠢ ᠶᠢ ᠳᠡᠭᠡᠭᠰᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠠᠷᠠᠳ ᠤᠨ ᠠᠮᠢᠳᠤᠷᠠᠯ ᠤᠨ ᠣᠶᠢᠯᠠᠭᠠᠭᠳᠠᠬᠤᠨ ᠢ ᠴᠢᠩᠭᠠᠳᠬᠠᠬᠤ ᠬᠡᠷᠡᠭᠲᠡᠶ︔ ᠠᠷᠠᠳ ᠤᠨ ᠶᠠᠪᠤᠳᠠᠯ ᠤᠨ ᠦᠶᠯᠡᠴᠢᠯᠡᠭᠡᠨ ᠤ ᠦᠵᠡᠯ ᠤᠬᠠᠮᠰᠠᠷ ᠪᠠ ᠦᠶᠯᠡᠴᠢᠯᠡᠭᠡᠨ ᠤ ᠦᠷ᠎ᠡ ᠪᠦᠲᠦᠮᠵᠢ ᠶᠢ ᠴᠢᠩᠭᠠᠷᠠᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ︔ ᠦᠨᠳᠦᠰᠦᠨ ᠵᠦᠶᠯ ᠢ ᠪᠠᠲᠤᠯᠠᠬᠤ ᠲᠥᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠥᠪ ᠭᠤᠤᠯᠴᠢ ᠪᠣᠯᠭᠠᠬᠤ᠂ ᠣᠨᠣᠪᠴᠢᠲᠠᠶ ᠪᠣᠯᠭᠠᠬᠤ᠂ ᠵᠢᠷᠤᠮᠵᠢᠭᠤᠯᠬᠤ᠂ ᠰᠢᠨᠵᠢᠯᠡᠬᠦ ᠤᠬᠠᠭᠠᠨᠴᠢᠯᠠᠬᠤ ᠶᠢ ᠠᠬᠢᠭᠤᠯᠤᠨ᠎ᠠ︔ ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ ᠬᠢᠭᠡᠳ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ︔ ᠠᠷᠠᠳ ᠤᠨ ᠶᠠᠪᠤᠳᠠᠯ ᠤᠨ ᠬᠦᠷᠢᠶᠡᠨ ᠳᠠᠬᠢ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠡᠷᠴᠢᠮ ᠪᠠ ᠠᠯᠬᠤᠴᠠ ᠶᠢ ᠲᠦᠯᠬᠢᠨ ᠠᠬᠢᠭᠤᠯᠤᠨ᠎ᠠ᠃ ᠪᠥᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ︔ ᠭᠡᠷ ᠢᠶᠠᠨ ᠰᠠᠬᠢᠵᠤ ᠬᠤᠴᠣᠷᠤᠭᠰᠠᠨ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠪᠠᠶᠢᠷᠢᠰᠢᠯ ᠢ ᠳᠡᠭᠡᠭᠰᠢᠯᠡᠭᠦᠯᠦᠨ᠎ᠡ︔ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠢᠷᠢ ᠬᠡᠮᠵᠢᠶ᠎ᠡ ᠪᠠ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ︔ ᠬᠥᠳᠡᠭᠡ ᠲᠣᠰᠬᠤᠨ ᠤ ᠠᠷᠠᠳ ᠤᠨ ᠶᠠᠪᠤᠳᠠᠯ ᠤᠨ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢᠨ ᠡᠷᠴᠢᠮ ᠪᠠ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠷᠭᠡᠨ ᠳᠡᠯᠭᠡᠷ ᠭᠦᠨᠵᠡᠭᠡᠶ ᠰᠤᠷᠤᠯᠴᠠᠨ ᠶᠠᠷᠢᠯᠴᠠᠬᠤ ᠳᠤᠮᠳᠠ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠨᠢᠭᠡ ᠪᠠᠭ ᠪᠣᠯᠤᠨ ᠪᠦᠬᠦ ᠺᠠᠳ᠋ᠷ ᠠᠵᠢᠯᠲᠠᠨ ᠠᠵᠢᠯᠴᠢᠨ ᠤ ᠠᠵᠢᠯ ᠬᠢᠵᠦ ᠦᠶᠯᠡᠰ ᠪᠣᠰᠬᠠᠬᠤ ᠵᠣᠷᠢᠭ ᠰᠠᠨᠠᠭ᠎ᠠ ᠤᠯᠠᠮ ᠨᠢᠭᠡ ᠠᠯᠬᠤᠮ ᠴᠢᠩᠭᠠᠷᠠᠵᠤ᠂ ᠠᠷᠠᠳ ᠲᠤ ᠦᠶᠯᠡᠴᠢᠯᠡᠬᠦ ᠣᠶᠢᠯᠠᠭᠠᠭᠳᠠᠬᠤᠨ ᠤᠯᠠᠮ ᠨᠢᠭᠡ ᠠᠯᠬᠤᠮ ᠴᠢᠩᠭᠠᠷᠠᠵᠤ᠂ ᠪᠦᠬᠦ ᠬᠤᠰᠢᠭᠤᠨ ᠤ ᠠᠷᠠᠳ ᠤᠨ ᠶᠠᠪᠤᠳᠠᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠰᠡᠳᠬᠢᠴᠡ᠂ ᠠᠷᠭ᠎ᠠ ᠪᠣᠳᠣᠯᠭ᠎ᠠ ᠵᠢᠴᠢ ᠠᠷᠭ᠎ᠠ ᠬᠡᠮᠵᠢᠶ᠎ᠡ ᠤᠯᠠᠮ ᠨᠢᠭᠡ ᠠᠯᠬᠤᠮ ᠲᠣᠳᠣᠷᠬᠠᠶ ᠪᠣᠯᠵᠤ᠂ ᠪᠦᠬᠦ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃                                                                  ᠵᠣᠬᠢᠶᠠᠭᠴᠢ᠄ ᠵᠠᠩ ᡁᠢ ᠮᠢᠩ   ᠰᠦᠩ ᠹᠸᠢ                                  ᠣᠷᠴᠢᠭᠤᠯᠤᠭᠴᠢ᠄ ᠪᠣᠣ ᠬᠤᠩ ᠯᠢᠶᠠᠩ
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号