ᠤᠰᠤᠲᠤ ᠪᠠᠯᠭᠠᠰᠤ 2019 ᠣᠨ ᠤ ᠬᠤᠶᠠᠳᠤᠭᠠᠷ ᠣᠳᠠᠭᠠᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ  ᠤᠨ ᠬᠤᠷᠠᠯ ᠬᠤᠷᠠᠯᠳᠣᠪᠡ
ᠨᠡᠶᠢᠲᠡᠯᠡᠭᠰᠡᠨ ᠴᠠᠭ᠄
2019-07-23
     7 ᠰᠠᠷ᠎ᠠ ᠶᠢᠨ 17 ᠤ ᠡᠳᠦᠷ ᠨᠠᠮ ᠤᠨ ᠬᠤᠷᠢᠶᠠᠨ ᠤ ᠱᠦᠵᠢ ᠯᠢ ᠪᠢᠨ ᠨᠥᠬᠦᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠳᠤ ᠳᠡᠭᠡᠷ᠎ᠡ ᠬᠠᠭᠠᠰ ᠵᠢᠯ ᠤᠨ ᠠᠵᠢᠯ ᠤᠨ ᠠᠮᠵᠢᠯᠲᠠ ᠪᠣᠯᠤᠨ ᠬᠦᠷᠦᠯᠴᠡᠬᠦ ᠥᠬᠡᠶ ᠲᠠᠯ᠎ᠠ ᠶᠢ ᠳ᠋ᠦᠩᠨᠡᠭᠰᠡᠨ ᠪᠥᠭᠡᠳ ᠮᠠᠨ ᠤ ᠪᠠᠯᠭᠠᠰᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠳᠣᠤᠷ᠎ᠠ ᠬᠠᠭᠠᠰ ᠵᠢᠯ ᠤᠨ ᠠᠵᠢᠯ ᠳᠤ ᠪᠠᠶᠢᠷᠢᠯᠠᠭᠤᠯᠤᠯᠲᠠ ᠬᠢᠵᠡᠶ᠃

      ᠬᠤᠷᠡᠯ ᠳᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠪᠢᠨ ᠨᠥᠬᠦᠷ ᠠᠴᠠ ᠨᠢᠭᠡ ᠳᠤ᠂ ᠨᠠᠮ ᠤᠨ

ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ

ᠬᠡᠷᠡᠭᠲᠡᠶ᠃ ᠵᠢᠯ ᠤᠨ ᠡᠬᠢᠨ ᠳᠤ ᠳᠠᠷᠤᠶ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠪᠦᠬᠦ

ᠵᠢᠯ ᠤᠨ ᠪᠦᠬᠦᠯᠢ ᠴᠣᠭᠴᠠ ᠶᠢᠨ ᠠᠵᠢᠯ ᠳᠤ ᠣᠷᠣᠭᠤᠯᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠪᠠ ᠬᠠᠷ᠎ᠠ

ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠭᠤᠤᠯ ᠠᠵᠢᠯ ᠯᠤᠭ᠎ᠠ ᠵᠡᠷᠭᠡᠪᠡᠷ ᠲᠣᠬᠢᠷᠠᠭᠤᠯᠵᠤ᠂ ᠵᠡᠷᠭᠡᠪᠡᠷ

ᠪᠠᠶᠢᠷᠢᠯᠠᠭᠤᠯᠵᠤ᠂ ᠵᠡᠷᠭᠡᠪᠡᠷ ᠨᠠᠶᠢᠳᠠᠪᠦᠷᠢᠵᠢᠭᠤᠯᠣᠨ᠎ᠠ᠃ ᠬᠤᠶᠠᠷ ᠲᠤ ᠳᠦᠷᠢᠮ ᠪᠠ ᠥᠪᠡᠷ ᠢ ᠪᠠᠨ ᠱᠠᠭᠠᠷᠳᠠᠬᠤ ᠶᠢ

ᠤᠶᠠᠯᠳᠤᠭᠤᠯᠬᠤ ᠶᠢ ᠪᠠᠷᠢᠮᠲᠠᠯᠠᠵᠤ᠂ ᠠᠵᠢᠯ ᠶᠠᠪᠤᠳᠠᠯ ᠡᠷᠬᠢᠯᠡᠬᠦ ᠵᠢᠷᠤᠮ ᠢ ᠲᠣᠳᠣᠷᠬᠠᠶ ᠪᠣᠯᠭᠠᠵᠤ᠂ ᠺᠠᠳ᠋ᠷ ᠤᠨ ᠦᠢᠯᠡ

ᠠᠵᠢᠯᠯᠠᠭ᠎ᠠ ᠶᠢ ᠵᠢᠷᠤᠮᠵᠢᠭᠤᠯᠤᠨ᠎ᠠ᠃ ᠠᠵᠢᠯ ᠤᠨ ᠳᠤᠮᠳᠠ᠂ ᠭᠤᠤᠯ ᠤᠳᠤᠷᠢᠳᠤᠯᠭ᠎ᠠ ᠶᠡᠷᠦᠩᠬᠡᠶ ᠬᠠᠷᠢᠭᠤᠴᠠᠯᠭ᠎ᠠ ᠶᠢ

ᠬᠠᠷᠢᠭᠤᠴᠠᠵᠤ᠂ ᠤᠳᠤᠷᠢᠳᠬᠤ ᠪᠠᠭ ᠤᠨ ᠪᠦᠷᠢᠯᠳᠦᠬᠦᠨ ᠬᠤᠪᠢᠳᠠᠨ ᠬᠠᠮᠢᠶᠠᠷᠬᠤ ᠠᠵᠢᠯ ᠢᠶᠠᠨ ᠰᠠᠶᠢᠲᠤᠷ ᠠᠳᠬᠤᠵᠤ

᠂ ᠠᠵᠢᠯ ᠢᠶᠠᠨ ᠬᠤᠪᠢᠳᠠᠨ ᠬᠠᠮᠵᠢᠯᠴᠠᠵᠤ᠂ ᠪᠦᠯᠬᠦᠮᠳᠡᠨ ᠨᠢᠭᠲᠠᠷᠠᠬᠤ ᠬᠡᠷᠡᠭᠲᠡᠶ᠃ ᠭᠤᠷᠪᠠ ᠳᠤ ᠲᠣᠭᠲᠠᠴᠠ ᠶᠢ

ᠲᠡᠭᠦᠯᠳᠡᠷᠵᠢᠭᠦᠯᠵᠦ᠂ ︽ᠭᠤᠷᠪᠠᠨ ᠶᠠᠪᠤᠳᠠᠯ ᠢ ᠢᠯᠡ ᠪᠣᠯᠭᠠᠬᠤ︾ ᠶᠢ ᠠᠬᠢᠭᠤᠯᠤᠨ᠎ᠠ᠃ ᠨᠠᠮ ᠤᠨ  ᠶᠠᠪᠣᠳᠡᠯ᠂

ᠵᠠᠰᠠᠭ ᠤᠨ ᠶᠠᠪᠤᠳᠠᠯ᠂ ᠲᠣᠰᠬᠤᠨ ᠤ ᠶᠠᠪᠤᠳᠠᠯ ᠭᠤᠷᠪᠠ ᠶᠢ ᠢᠯᠠ ᠪᠣᠯᠭᠠᠬᠤ ᠶᠢ ᠴᠢᠩᠭ᠎ᠠ ᠨᠠᠶᠢᠳᠠᠪᠤᠷᠢᠵᠢᠭᠤᠯᠬᠤ

ᠬᠡᠷᠡᠭᠲᠡᠶ ᠭᠡᠵᠦ ᠱᠠᠭᠠᠷᠳᠠᠪᠠ᠃

      ᠡᠴᠦᠰ ᠲᠤ᠂ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠤ᠋

ᠶᠠᠩ ᠨᠥᠬᠦᠷ ᠬᠤᠷᠠᠯ ᠳᠤ ᠣᠷᠣᠯᠴᠠᠭᠰᠠᠳ ᠢ ᠲᠤᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂

ᠬᠤᠷᠠᠯ ᠳᠤ ᠶᠠᠷᠢᠭᠰᠠᠨ ᠠᠭᠤᠯᠭ᠎ᠠ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠨᠠᠮ ᠤᠨ ᠰᠤᠷᠲᠠᠯ ᠪᠠ

ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠤᠨ

ᠰᠤᠷᠤᠯᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ  ᠃  ᠴᠢᠬᠡᠴᠢ ᠵᠠᠰᠠᠭ ᠤᠨ ᠤᠨᠤᠯ ᠤᠨ

ᠰᠤᠷᠤᠯᠴᠠᠯᠭ᠎ᠠ ᠶᠢ ᠴᠢᠩᠭᠠᠳᠬᠠᠵᠤ᠂ ︽ᠨᠢᠭᠡ ᠠᠵᠢᠯ ᠶᠢᠨ ᠪᠠᠶᠢᠷᠢ ᠬᠤᠶᠠᠷ ᠬᠠᠷᠢᠭᠤᠴᠠᠯᠭ᠎ᠠ︾᠂ ︽ᠬᠤᠶᠠᠷ

ᠬᠠᠷᠢᠭᠤᠴᠠᠯᠭ᠎ᠠ︾ ᠵᠡᠷᠭᠡ ᠮᠠᠲ᠋ᠧᠷᠢᠶᠡᠯ ᠤᠨ ᠠᠭᠤᠯᠭ᠎ᠠ ᠶᠢ ᠰᠤᠷᠤᠯᠴᠠᠬᠤ ᠬᠡᠷᠡᠭᠲᠡᠶ  ᠃ ᠦᠵᠡᠯ ᠰᠠᠨᠠᠭ᠎ᠠ

ᠲᠠᠨᠢᠯᠲᠠ ᠪᠠᠨ ᠴᠢᠩᠭᠠᠳᠬᠠᠵᠤ᠂ ᠤᠯᠤᠰ ᠲᠥᠷᠥ ᠶᠢᠨ ᠬᠡᠪ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠠᠵᠢᠯ

ᠨᠢᠭᠡᠪᠦᠷᠢ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠨ᠎ᠠ᠃ ᠣᠷᠣᠰᠢᠵᠦ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ

ᠵᠥᠪ ᠢᠶᠠᠷ ᠲᠠᠨᠢᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ︽ᠬᠤᠶᠠᠷ ᠬᠠᠷᠢᠭᠤᠴᠠᠯᠭ᠎ᠠ︾ ᠶᠢ ᠪᠣᠳᠠᠲᠠᠶ

ᠨᠠᠶᠢᠳᠠᠪᠤᠷᠢᠵᠢᠭᠤᠯᠤᠭᠰᠠᠨ ᠦᠭᠡᠢ᠂ ᠳᠦᠷᠢᠮ ᠲᠣᠭᠲᠠᠭᠠᠯ ᠢ ᠬᠡᠷᠡᠭᠵᠢᠭᠦᠯᠦᠭᠰᠡᠨ ᠨᠢ ᠵᠢᠷᠤᠮᠵᠢᠯ ᠦᠭᠡᠢ ᠠᠰᠠᠭᠤᠳᠠᠯ ᠢ

ᠴᠡᠭᠴᠡᠯᠡᠨ ᠰᠠᠶᠢᠵᠢᠷᠠᠭᠤᠯᠵᠤ᠂ ︽ᠬᠤᠶᠠᠷ ᠢ ᠰᠤᠷᠤᠯᠴᠠᠵᠤ ᠨᠢᠭᠡ ᠶᠢ ᠬᠢᠬᠦ︾ ᠵᠢᠴᠢ ︽ᠭᠤᠷᠪᠠᠨ ᠬᠤᠷᠠᠯ ᠨᠢᠭᠡ

ᠬᠢᠴᠢᠶᠡᠯ︾ ᠢ ᠰᠤᠷᠤᠯᠴᠠᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠳᠠᠯᠠᠬᠤ ᠬᠡᠷᠡᠭᠲᠡᠶ︔ ︽ᠭᠤᠷᠪᠠᠨ

ᠴᠢᠬᠤᠯᠠ ᠨᠢᠭᠡ ᠶᠡᠭᠡ︾ ᠶᠢ ᠴᠢᠩᠭ᠎ᠠ ᠡᠵᠡᠮᠳᠡᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯᠲᠠᠨ ᠢ

ᠪᠦᠷᠢᠨ ᠭᠦᠢᠴᠡᠳ ᠲᠣᠬᠢᠷᠠᠭᠤᠯᠬᠤ ᠬᠡᠷᠡᠭᠲᠡᠶ ᠭᠡᠵᠦ ᠱᠠᠭᠠᠷᠳᠠᠪᠠ  ᠃

       

                                       ᠢᠷᠡᠯᠲᠡ᠄ ᠤᠰᠤᠲᠤ ᠪᠠᠯᠭᠠᠰᠤ

                                       ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠤᠰᠤᠲᠤ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号