ᠢᠣᠢ ᠲᠢᠶᠠᠨ ᠯᠦᠩ᠄ ᠪᠠᠶᠠᠵᠢᠭᠰᠠᠨ ᠴᠤ ᠨᠤᠲᠤᠭ ᠤᠨ ᠠᠭ᠎ᠠ ᠳᠡᠭᠦᠤ ᠨᠡᠷ ᠢᠶᠠᠨ ᠮᠠᠷᠲᠠᠬᠤ ᠥᠬᠡᠶ
ᠨᠡᠶᠢᠲᠡᠯᠡᠭᠰᠡᠨ ᠴᠠᠭ᠄
2019-07-23
                        ᠲᠤ ᠴᠧᠩ ᠽᠢ ᠰᠢᠶᠠᠩ ᠳᠤ᠂  ᠡᠶᠢᠮᠦ ᠨᠢᠭᠡᠨ ᠠᠵᠦ ᠠᠬᠤᠶᠢᠯᠠᠯᠳᠡᠨ ᠪᠣᠢ᠂ ᠲᠡᠷᠡ ᠥᠪᠡᠷ ᠤᠨ ᠠᠵᠤ ᠠᠬᠤᠶᠢᠯᠠᠯ ᠢᠶᠠᠨ ᠡᠵᠡᠩᠨᠡᠬᠦ ᠶᠠᠪᠤᠴᠠ ᠳᠠᠭᠠᠨ ᠥᠪᠡᠷ ᠤᠨ ᠳᠠᠪᠠᠭᠤᠯᠢᠭ ᠢᠶᠠᠨ ᠠᠰᠢᠭᠯᠠ᠂ ᠡᠷᠭᠢᠨ ᠲᠣᠭᠤᠷᠢᠨ ᠤ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠳᠠᠶᠢᠴᠢᠯᠠᠵᠤ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠪᠠ᠂ ᠲᠡᠷᠡ ᠪᠣᠯ ᠳᠠᠷᠤᠶ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠽᠧᠩ  ᠹᠧᠩ ᠲᠥᠮᠥᠰᠥ ᠶᠢᠨ ᠦᠢᠯᠡᠰ ᠤᠨ ᠬᠢᠵᠠᠭᠠᠷᠲᠤ ᠺᠣᠮᠫᠠᠨᠢ ᠪᠣᠯᠤᠨ᠎ᠠ᠃

     ᠡᠨᠡ ᠬᠡᠳᠦᠨ ᠡᠳᠦᠷ᠂ ᠢᠦᠶ ᠲᠢᠶᠠᠨ ᠯᠦᠩ ᠥᠪᠡᠷ ᠤᠨ ᠭᠠᠷ ᠲᠠᠬᠢ ᠠᠵᠢᠯ ᠢᠶᠠᠨ ᠬᠢᠵᠦ ᠪᠠᠷᠠᠭᠰᠠᠨ ᠤ

ᠳᠠᠷᠠᠭ᠎ᠠ᠂ ᠶᠠᠳᠠᠭᠤ ᠬᠦᠴᠢᠷᠳᠡᠯᠲᠡᠶ ᠡᠷᠦᠬᠡ ᠶᠢᠨ ᠲᠠᠷᠢᠶᠠᠨ ᠳᠤ ᠣᠴᠢᠵᠦ ᠦᠵᠡᠳᠡᠭ᠃ ᠶᠠᠳᠠᠭᠤ ᠬᠦᠴᠢᠷᠳᠡᠯᠲᠡᠶ

ᠡᠷᠦᠬᠡ ᠶᠠᠩ ᠷᠦᠨ ᠵᠦ ᠭᠤᠷᠪᠠᠨ ᠮᠦ ᠬᠠᠭᠤᠷᠠᠶ ᠲᠠᠷᠢᠶᠡᠨ ᠳᠤ ᠲᠥᠮᠥᠰᠥ ᠲᠠᠷᠢᠵᠤ᠂ ᠦᠷ᠎ᠡ ᠶᠢ ᠨᠢ ᠪᠦᠷ ᠢᠦᠶ

ᠲᠢᠶᠠᠨ ᠯᠦᠩ ᠰᠦᠢᠳᠭᠡᠯ ᠬᠤᠷᠢᠶᠠᠬᠤ ᠦᠭᠡᠢ ᠪᠠᠷ ᠬᠠᠩᠭᠠᠭᠰᠠᠨ ᠪᠠᠶᠢᠨ᠎ᠠ᠃

      ᠢᠣᠢ ᠲᠢᠶᠡᠨ ᠯᠦᠩ ᠶᠠᠳᠠᠭᠤ ᠬᠦᠴᠢᠷᠳᠡᠯᠲᠡᠶ 21 ᠡᠷᠦᠬᠡ ᠳᠤ ᠦᠨ᠎ᠡ ᠲᠥᠯᠥᠪᠦᠷᠢ ᠦᠭᠡᠢ ᠪᠠᠷ

10500 ᠵᠢᠩ ᠦᠷ᠎ᠡ ᠶᠢᠨ ᠲᠥᠮᠥᠰᠥ ᠬᠠᠩᠭᠠᠬᠤ ᠠᠴᠠ ᠭᠠᠳᠠᠨ᠎ᠠ ᠪᠠᠰᠠ ᠴᠧᠩ ᠹᠧᠩ ᠲᠥᠮᠥᠰᠥᠨ ᠦᠢᠯᠡᠰ ᠤᠨ

ᠺᠣᠮᠫᠠᠨᠢ ᠶᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠠᠪᠤᠴᠠ ᠳᠤ᠂ ︽ᠺᠣᠮᠫᠠᠨᠢ +

ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠠᠵᠢᠯᠯᠠᠭᠠᠨ ᠤ ᠵᠠᠭᠪᠤᠷ ᠢᠶᠠᠷ ᠲᠥᠮᠥᠰᠥ ᠶᠢᠨ ᠲᠠᠷᠢᠮᠠᠯ ᠢ

ᠬᠥᠭᠵᠢᠭᠦᠯᠵᠦ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠬᠥᠯᠥᠰᠥᠨ ᠠᠵᠢᠯ ᠬᠢᠬᠦ᠂ ᠬᠠᠪᠰᠤᠷᠤᠨ

ᠲᠡᠳᠬᠦᠬᠦ ᠪᠠᠷᠠᠭ᠎ᠠ ᠶᠢᠨ ᠭᠦᠢᠯᠭᠡᠭᠡ ᠪᠠ ᠶᠠᠳᠠᠭᠤ ᠶᠢ ᠲᠡᠳᠬᠦᠬᠦ ᠵᠢᠭᠡᠯᠡᠯᠭᠡ ᠵᠡᠷᠭᠡ ᠠᠷᠭ᠎ᠠ ᠬᠡᠯᠪᠡᠷᠢ ᠪᠠᠷ ᠶᠠᠳᠠᠭᠤ

ᠬᠦᠴᠢᠷᠳᠡᠯᠲᠡᠶ ᠡᠷᠦᠬᠡ ᠯᠦᠭᠡ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠦ᠂ ᠶᠠᠳᠠᠭᠤ

ᠬᠦᠴᠢᠷᠳᠡᠯᠲᠡᠶ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠪᠡ᠃ ᠺᠣᠮᠫᠠᠨᠢ ᠪᠠᠰᠠ ᠡᠵᠡᠩᠨᠡᠯᠲᠡ ᠶᠢᠨ

ᠴᠢᠳᠠᠪᠤᠷᠢ ᠦᠭᠡᠢ ᠲᠠᠷᠢᠶᠠᠴᠢᠨ ᠡᠷᠦᠬᠡ ᠶᠢᠨ ᠭᠠᠵᠠᠷ ᠰᠢᠷᠣᠶ ᠶᠢ ᠲᠦᠷᠢᠶᠡᠰᠦᠯᠡᠭᠦᠯᠵᠦ᠂ ᠵᠢᠯ ᠪᠦᠷᠢ ᠶᠢᠨ

ᠲᠦᠷᠢᠶᠡᠰᠦᠯᠡᠬᠦ ᠵᠠᠷᠤᠳᠠᠯ 150 ᠲᠥᠭᠦᠷᠢᠭ ᠤᠨ ᠦᠨ᠎ᠡ ᠪᠠᠷ 300 ᠡᠷᠦᠬᠡ ᠲᠠᠷᠢᠶᠠᠴᠢᠨ ᠤ 7500 ᠮᠦ ᠭᠠᠵᠠᠷ

ᠰᠢᠷᠣᠶ ᠶᠢ ᠡᠷᠭᠢᠯᠲᠡ ᠳᠤ ᠣᠷᠣᠭᠤᠯᠪᠠ᠂ ᠡᠭᠦᠨ ᠳᠤ ᠶᠠᠳᠠᠭᠤ ᠬᠦᠴᠢᠷᠳᠡᠯᠲᠡᠶ ᠡᠷᠦᠬᠡ 105 ᠡᠷᠦᠬᠡ ᠪᠠᠶᠢᠵᠤ᠂

ᠡᠷᠦᠬᠡ ᠪᠦᠷᠢ ᠶᠢᠨ ᠭᠠᠵᠠᠷ ᠰᠢᠷᠣᠶ ᠶᠢᠨ ᠡᠷᠭᠢᠯᠲᠡ ᠶᠢᠨ ᠳᠤᠮᠳᠠᠴᠢ ᠣᠷᠣᠯᠭ᠎ᠠ 3750 ᠲᠥᠭᠦᠷᠢᠭ ᠪᠣᠯᠤᠨ᠎ᠠ᠃

ᠡᠭᠦᠨ ᠤ ᠬᠠᠮᠲᠤ᠂ ᠬᠥᠳᠡᠯᠮᠦᠷᠢᠯᠡᠬᠦ ᠴᠢᠳᠠᠪᠤᠷᠢ ᠲᠠᠢ ᠲᠣᠰᠬᠤᠨ ᠤ ᠠᠷᠠᠳ ᠢ ᠬᠥᠯᠥᠰᠥᠯᠡᠨ ᠺᠣᠮᠫᠠᠨᠢ ᠳᠤ

ᠠᠵᠢᠯᠯᠠᠭᠤᠯᠵᠤ᠂ ᠬᠥᠮᠦᠨ ᠪᠦᠷᠢ ᠳᠤᠮᠳᠠᠴᠢ ᠪᠠᠷ ᠡᠳᠦᠷ ᠪᠦᠷᠢ 100 ᠲᠥᠭᠦᠷᠢᠭ ᠤᠨ ᠣᠷᠣᠯᠭ᠎ᠠ ᠣᠯᠵᠤ᠂ ᠤᠷᠲᠤ

ᠬᠤᠭᠤᠴᠠᠭ᠎ᠠ ᠪᠠᠷ 20 ᠶᠠᠳᠠᠭᠤ ᠬᠦᠴᠢᠷᠳᠡᠯᠲᠡᠶ ᠡᠷᠦᠬᠡ ᠬᠥᠯᠥᠰᠥᠯᠡᠵᠦ᠂ ᠬᠦᠮᠦᠨ ᠪᠦᠬᠦᠨ ᠵᠢᠯ ᠪᠦᠷᠢ ᠪᠠᠷᠤᠭ 3

ᠲᠦᠮᠡᠨ ᠲᠥᠭᠦᠷᠢᠭ ᠤᠨ ᠣᠷᠣᠯᠭ᠎ᠠ ᠣᠯᠵᠤ᠂ ᠣᠯᠠᠷᠢᠯ ᠤᠨ ᠴᠢᠨᠡᠷᠳᠡᠢ ᠬᠦᠯᠦᠰᠦᠨ ᠠᠵᠢᠯᠳᠡᠨ 200 ᠬᠥᠮᠦᠨ  

ᠵᠠᠷᠤᠵᠦ᠂  ᠬᠦᠮᠦᠨ ᠪᠦᠷᠢ ᠵᠢᠯ ᠳᠤ ᠪᠠᠷᠤᠭ 1 ᠲᠦᠮᠡᠨ ᠲᠥᠭᠦᠷᠢᠭ ᠤᠨ ᠣᠷᠣᠯᠭ᠎ᠠ ᠣᠯᠳᠠᠭ᠃

      ᠢᠦᠶ ᠲᠢᠶᠠᠨ ᠯᠦᠩ ᠴᠧᠩ ᠹᠧᠩ ᠲᠥᠮᠥᠰᠥᠨ ᠤ ᠦᠢᠯᠡᠰ ᠢ ᠳᠠᠭᠠᠭᠤᠯᠤᠨ ᠲᠠᠷᠢᠶᠠᠴᠢᠨ ᠪᠠ ᠠᠵᠤ

ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠵᠠᠭᠪᠤᠷ ᠲᠤ ᠰᠢᠨ᠎ᠡ ᠶᠢ ᠡᠭᠦᠳᠬᠦ ᠪᠠᠷ ᠳᠠᠮᠵᠢᠨ᠂ ᠡᠷᠭᠢᠨ

ᠲᠣᠭᠤᠷᠢᠨ ᠤ 386 ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠲᠡᠳᠡᠨ ᠤ

ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠪᠠ᠃

2019 ᠣᠨ ᠳᠤ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ

ᠳᠤᠭᠤᠶᠢᠯᠠᠩ ᠠᠴᠠ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠰᠢᠯᠢᠳᠡᠭ ᠳᠠᠭᠠᠭᠤᠯᠤᠭᠴᠢ ᠶᠢᠨ ᠴᠣᠯᠠ

ᠣᠯᠭᠤᠪᠠ᠃

 

   

                     ᠢᠷᠡᠯᠲᠡ᠄   ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ

                                  ᠬᠠᠮ ᠵᠠᠭᠤᠴᠢᠯᠠᠭᠤᠷ ᠤᠨ ᠲᠥᠪ

                     ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠣᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号